5 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠣᠷᠳᠣᠰ ᠬᠤᠳᠠ ᠶᠢᠨ ᠲᠠᠯᠠᠳ ᠬᠤᠰᠢᠭᠤ᠂ ᠬᠠᠩᠭᠢᠨ ᠬᠤᠰᠢᠭᠤᠨ ᠳᠤ ᠬᠠᠳᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠢᠴᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠪᠠ᠃



ᠰᠦᠨ ᠱᠤᠤ ᠴᠧᠩ ᠡᠩ ᠲᠡᠷᠢᠭᠦᠨ ᠳᠤ ᠳᠠᠯᠠᠳ ᠬᠤᠰᠢᠭᠤᠨ ᠤ ᠵᠤᠤ ᠵᠢᠶᠦ᠋ᠨ ᠪᠠᠯᠭᠠᠰᠤᠨ ᠤ ᠪᠠᠶᠠᠨᠰᠠᠷᠭᠦᠯᠡᠩ ᠭᠠᠴᠠᠭ᠎ᠠ ᠳᠤ ᠬᠦᠷᠴᠦ᠂ ︽ᠵᠠᠮ ᠢᠶᠠᠷ ᠡᠯᠡᠰᠦ ᠶᠢ ᠵᠠᠰᠠᠬᠤ︾ ᠲᠦᠷᠦᠯ ᠵᠦᠢᠯ ᠤᠨ ᠣᠷᠣᠨ ᠪᠣᠯᠣᠨ ᠬᠠᠷᠠᠢ ᠭᠤᠤ ᠬᠥᠨᠳᠡᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠣᠷᠣᠨ ᠳᠤ ᠬᠦᠷᠴᠦ᠂ ᠲᠦᠷᠦᠯ ᠵᠦᠢᠯ ᠤᠨ ᠠᠬᠢᠴᠠ ᠪᠣᠯᠣᠨ ᠦᠷ᠎ᠡ ᠪᠦᠲᠦᠮᠵᠢ ᠶᠢ ᠪᠠᠶᠢᠴᠠᠭᠠᠨ ᠦᠵᠡᠭᠰᠡᠨ ᠪᠥᠭᠡᠳ ᠲᠤᠬᠠᠢ ᠶᠢᠨ ᠲᠠᠯᠠᠪᠠᠢ ᠶᠢᠨ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠰᠣᠯᠢᠯᠴᠠᠪᠠ᠃ ᠲᠡᠷᠡ᠂ ᠣᠷᠳᠣᠰ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ᠂ ᠵᠠᠮ ᠢᠶᠠᠷ ᠡᠯᠡᠰᠦ ᠶᠢ ᠵᠠᠰᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠯᠡᠰᠦ ᠶᠢ ᠵᠠᠰᠠᠬᠤ᠂ ᠢᠨᠵᠧᠨᠧᠷᠢᠩ ᠢᠶᠠᠷ ᠡᠯᠡᠰᠦ ᠶᠢ ᠵᠠᠰᠠᠬᠤ ᠶᠢ ᠠᠬᠢᠭᠤᠯᠵᠤ᠂ ᠠᠷᠪᠠᠨ ᠶᠡᠭᠡ ᠬᠥᠨᠳᠡᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠰᠠᠶᠢᠲᠤᠷ ᠠᠳᠬᠤᠵᠤ᠂ ᠨᠣᠭᠤᠭᠠᠷᠠᠭᠤᠯᠤᠯᠲᠠ ᠶᠢᠨ ᠪᠦᠰᠡ᠂ ᠨᠦᠯᠦᠮᠡᠯ ᠭᠠᠵᠠᠷ ᠤᠨ ᠬᠠᠰᠢᠯᠭ᠎ᠠ᠂ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠪᠦᠰᠡ᠂ ᠡᠯᠡᠰᠦᠨ ᠴᠥᠯ ᠢ ᠡᠮᠵᠢᠶᠡᠷᠢᠯᠡᠬᠦ ᠤᠢ ᠶᠢᠨ ︽ᠲᠦᠷᠪᠡᠨ ᠰᠡᠷᠭᠡᠶᠢᠯᠡᠯᠲᠡ ᠶᠢᠨ ᠱᠤᠭᠤᠮ︾ ᠢ ᠪᠠᠬᠢᠵᠢᠭᠦᠯᠵᠦ᠂ ᠬᠠᠳᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠮᠠᠰᠢᠨ ᠢᠶᠠᠷ ᠡᠯᠡᠰᠦ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠢᠯᠡᠭᠦᠬᠡᠨ ᠠᠷᠭ᠎ᠠ ᠪᠤᠳᠤᠵᠤ ᠪᠠᠶᠢᠭᠠᠳ ᠡᠯᠡᠰᠦ ᠶᠢ ᠵᠠᠰᠠᠬᠤ ᠥᠪᠡᠷ ᠤᠨ ᠦᠷᠳᠡᠭ ᠢ ᠪᠠᠭᠤᠷᠠᠭᠤᠯᠵᠤ᠂ ᠡᠯᠡᠰᠦ ᠶᠢ ᠵᠠᠰᠠᠬᠤ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠭᠦ ᠬᠡᠷᠡᠭᠲᠡᠢ ᠭᠡᠵᠡᠢ᠃ ᠬᠠᠩᠭᠢᠨ ᠬᠤᠰᠢᠭᠤᠨ ᠤ ᠳᠤᠭᠤᠶᠢᠳᠠᠯ᠎ᠠ ᠪᠠᠯᠭᠠᠰᠤ ᠶᠢᠨ ᠰᠢᠷᠠᠵᠤᠤ ᠭᠠᠴᠠᠭ᠎ᠠ ᠳᠤ᠂ ᠰᠦᠨ ᠱᠤᠤ ᠴᠧᠩ ᠤᠷᠭᠤᠮᠠᠯ ᠤᠨ ᠬᠤᠴᠢᠯᠭ᠎ᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠬᠥᠪᠴᠢ ᠶᠢᠨ ᠡᠯᠡᠰᠦᠨ ᠤ ᠬᠤᠶᠢᠲᠤ ᠭᠦᠪᠡᠭᠡ ᠶᠢ ᠡᠮᠵᠢᠶᠡᠷᠢᠯᠡᠬᠦ ᠤᠢ ᠰᠢᠭᠤᠢ ᠡᠪᠡᠰᠦᠨ ᠤ ᠪᠦᠰᠡ ᠶᠢᠨ ᠪᠠᠶᠢᠷᠢᠰᠢᠭᠤᠯᠤᠯᠲᠠ ᠪᠠ ᠬᠠᠳᠤᠨ ᠭᠤᠣᠯ ᠳᠤ ᠤᠷᠤᠰᠤᠨ ᠣᠷᠣᠬᠤ ᠡᠯᠡᠰᠦ ᠪᠠᠭᠠᠰᠤᠭᠰᠠᠨ᠂ ᠠᠮᠢ ᠠᠬᠤᠢ ᠶᠢᠨ ᠤᠰᠤ ᠬᠡᠷᠡᠭᠯᠡᠬᠦ ᠪᠠᠲᠤᠯᠠᠭ᠎ᠠ ᠵᠡᠷᠭᠡ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠪᠠ᠃ ᠲᠡᠷᠡ᠂ ᠬᠥᠪᠴᠢ ᠶᠢᠨ ᠡᠯᠡᠰᠦᠨ ᠤ ᠬᠤᠶᠢᠲᠤ ᠭᠦᠪᠡᠭᠡ ᠬᠠᠳᠤᠨ ᠭᠤᠣᠯ ᠲᠠᠢ ᠬᠥᠷᠰᠢᠯᠡᠵᠦ ᠪᠠᠶᠢᠨ᠎ᠠ᠂ ᠡᠯᠡᠰᠦᠨ ᠴᠥᠯ ᠢ ᠡᠮᠵᠢᠶᠡᠷᠢᠯᠡᠬᠦ ᠤᠢ ᠰᠢᠭᠤᠢ ᠡᠪᠡᠰᠦᠨ ᠤ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠴᠢᠬᠢ ᠮᠣᠳᠣᠨ ᠤ ᠡᠳᠡᠭᠡᠷᠡᠯᠲᠡ ᠶᠢᠨ ᠨᠤᠷᠮ᠎ᠠ ᠶᠢ ᠳᠡᠭᠡᠭᠰᠢᠯᠡᠭᠦᠯᠭᠦ ᠲᠠᠯ᠎ᠠ ᠪᠠᠷ ᠬᠦᠴᠦ ᠲᠠᠯᠪᠢᠵᠤ᠂ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ᠂ ᠡᠯᠡᠰᠦ ᠮᠠᠩᠬ᠎ᠠ ᠶᠢᠨ ᠭᠤᠣᠯ ᠳᠤ ᠣᠷᠣᠬᠤ ᠶᠢ ᠬᠤᠷᠢᠭᠯᠠᠬᠤ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠶᠡᠭᠡ ᠪᠠᠷ ᠳᠡᠯᠭᠡᠷᠡᠭᠦᠯᠵᠦ᠂ ᠲᠤᠬᠠᠢ ᠶᠢᠨ ᠭᠠᠵᠠᠷ ᠤᠨ ᠤᠯᠠᠨ ᠲᠦᠮᠡᠨ ᠢ ᠨᠡᠩ ᠰᠠᠶᠢᠲᠤᠷ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠡᠢ᠃
ᠡᠩᠬᠡᠪᠡᠢ ᠶᠢᠨ ᠡᠯᠡᠰᠦ ᠮᠠᠩᠬᠠᠨ ᠮᠦᠽᠧᠢ ᠪᠣᠯ ᠮᠠᠨ ᠤ ᠤᠯᠤᠰ ᠤᠨ ᠠᠩᠬᠠᠳᠠᠭᠴᠢ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠠᠷ ᠭᠤᠣᠯ ᠰᠡᠳᠦᠪ ᠪᠤᠯᠭᠠᠬᠰᠠᠨ ᠶᠡᠷᠦᠩᠬᠡᠶᠢᠯᠡᠭᠰᠡᠨ ᠴᠢᠨᠠᠷᠲᠠᠢ ᠮᠦᠽᠧᠢ ᠪᠣᠯᠣᠨ᠎ᠠ᠃ ᠰᠦᠨ ᠱᠤᠤ ᠴᠧᠩ ᠠᠳᠡ ᠡᠯ᠎ᠡ ᠦᠵᠡᠭᠦᠯᠭᠡ ᠶᠢᠨ ᠲᠣᠭᠤᠷᠢᠭ ᠢ ᠳᠠᠷᠠᠭᠠᠯᠠᠨ ᠲᠣᠭᠤᠷᠢᠨ ᠦᠵᠡᠵᠦ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠡᠦᠬᠡ ᠶᠢᠨ ᠤᠯᠠᠷᠢᠯ ᠬᠤᠪᠢᠰᠤᠯ᠂ ᠤᠨᠤᠯ ᠤᠨ ᠦᠷ᠎ᠡ ᠪᠦᠲᠦᠭᠡᠯ ᠪᠣᠯᠣᠨ ᠦᠢᠯᠡᠳᠦᠯᠭᠡ ᠶᠢᠨ ᠲᠤᠷᠰᠢᠯᠭ᠎ᠠ ᠶᠢ ᠣᠶᠢᠯᠠᠭᠠᠪᠠ᠃ ᠲᠡᠷᠡ᠂ ᠪᠢᠳᠡᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠣᠭᠰᠠᠨ ᠪᠥᠭᠡᠳ ᠴᠥᠭᠡᠨ ᠪᠤᠰᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠪᠦᠷᠢᠯᠳᠦᠭᠦᠯᠵᠡᠢ᠂ ᠨᠠᠷᠢᠨ ᠬᠢᠨᠠᠮᠠᠭᠠᠢ ᠳ᠋ᠦᠩᠨᠡᠵᠦ᠂ ᠴᠠᠭ ᠲᠤᠬᠠᠢ ᠳᠤᠨᠢ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠥᠪᠥᠷ ᠮᠣᠩᠭᠤᠯ ᠤᠨ ᠡᠯᠡᠰᠦ ᠶᠢ ᠵᠠᠰᠠᠭᠰᠠᠨ ᠦᠯᠢᠭᠡᠷ ᠢ ᠰᠠᠶᠢᠲᠤᠷ ᠶᠠᠷᠢᠵᠤ᠂ ᠦᠶ᠎ᠡ ᠦᠶ᠎ᠡ ᠶᠢᠨ ᠬᠥᠮᠥᠰ ᠤᠨ ᠬᠠᠲᠠᠭᠤᠵᠢᠯᠲᠠᠢ ᠪᠠᠷ ᠡᠯᠡᠰᠦ ᠶᠢ ᠵᠠᠰᠠᠭᠰᠠᠨ ᠲᠡᠦᠬᠡᠨ ᠶᠠᠪᠤᠴᠠ ᠶᠢ ᠰᠠᠶᠢᠲᠤᠷ ᠳᠡᠯᠭᠡᠨ ᠦᠵᠡᠭᠦᠯᠵᠦ᠂ ᠨᠡᠩ ᠤᠯᠠᠨ ᠡᠬᠢ ᠪᠠᠶᠠᠯᠢᠭ ᠬᠦᠴᠦᠨ ᠴᠢᠳᠠᠯ ᠢ ᠳᠠᠶᠢᠴᠢᠯᠠᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠦᠢᠯᠡᠰ ᠲᠤ ᠣᠷᠣᠯᠴᠠᠭᠤᠯᠬᠤ ᠬᠡᠷᠡᠭᠲᠡᠢ ᠭᠡᠵᠡᠢ᠃
ᠢᠦᠢ ᠯᠢ ᠰᠢᠨ ᠠᠵᠢᠯᠯᠠᠭ᠎ᠠ ᠳᠤ ᠣᠷᠣᠯᠴᠠᠪᠠ᠃