5 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠣᠷᠳᠣᠰ ᠬᠤᠳᠠ ᠶᠢᠨ ᠵᠡᠭᠦᠨᠭᠠᠷ ᠬᠤᠰᠢᠭᠤᠨ ᠳᠤ ᠬᠦᠷᠴᠦ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ ᠬᠡᠰᠡᠭ ᠬᠤᠰᠢᠭᠤ ᠰᠢᠶᠠᠨ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃



ᠰᠦᠨ ᠱᠤᠤ ᠴᠧᠩ ᠡᠩ ᠲᠡᠷᠢᠭᠦᠨ ᠳᠤ ᠵᠢᠦ ᠲᠠᠢ ᠰᠢᠨ᠎ᠡ ᠮᠠᠲ᠋ᠧᠷᠢᠶᠠᠯ ᠤᠨ ᠺᠤᠮᠫᠠᠨᠢ ᠳᠤ ᠬᠦᠷᠴᠦ᠂ ᠲᠦᠷᠦᠯ ᠵᠦᠢᠯ ᠤᠨ ᠠᠬᠢᠴᠠ ᠪᠣᠯᠣᠨ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠠᠵᠤ ᠦᠢᠯᠡᠰ ᠤᠨ ᠭᠦᠨᠵᠡᠭᠡᠢ ᠬᠥᠭᠵᠢᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠯᠠᠪᠯᠠᠨ ᠠᠰᠠᠭᠤᠵᠤ᠂ ᠠᠵᠤ ᠠᠬᠤᠶᠢᠯᠠᠯ ᠤᠨ ᠬᠢᠨ ᠢ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢ ᠴᠢᠩᠭ᠎ᠠ ᠠᠳᠬᠤᠵᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠶᠢ ᠴᠢᠩᠭᠠᠳᠬᠠᠵᠤ᠂ ᠦᠢᠯᠡᠳᠬᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠣᠯᠣᠨ ᠨᠡᠮᠡᠯᠲᠡ ᠦᠷᠳᠡᠭ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠵᠣᠷᠢᠭᠵᠢᠭᠤᠯᠪᠠ᠃ ᠤᠯᠤᠰ ᠤᠨ ᠡᠨᠧᠷᠭᠢ ᠶᠢᠨ ᠵᠡᠭᠦᠨᠭᠠᠷ ᠤᠨ ᠡᠨᠧᠷᠭᠢ ᠶᠢᠨ ᠪᠦᠯᠦᠭᠯᠡᠯ ᠤᠨ ᠬᠠᠲᠠᠢ ᠭᠤᠣᠯ ᠵᠠᠳᠠᠭᠠᠢ ᠨᠡᠭᠦᠷᠡᠰᠦᠨ ᠠᠭᠤᠷᠬᠠᠢ ᠶᠢᠨ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢᠨ ᠵᠢᠯᠤᠭᠤᠳᠬᠤ ᠲᠥᠪ ᠲᠤ᠂ ᠰᠦᠨ ᠱᠤᠤ ᠴᠧᠩ ᠴᠠᠭ ᠲᠤᠬᠠᠢ ᠳᠤᠨᠢ ᠬᠢᠨᠠᠨ ᠡᠵᠡᠮᠳᠡᠬᠦ ᠵᠢᠷᠤᠭ ᠳᠦᠷᠰᠦ ᠪᠠᠷ ᠳᠠᠮᠵᠢᠨ ᠵᠢᠯᠣᠭᠤᠴᠢ ᠦᠭᠡᠢ ᠠᠴᠢᠶᠠᠨ ᠤ ᠮᠠᠰᠢᠨ ᠤ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠯᠠᠪᠯᠠᠨ ᠠᠰᠠᠭᠤᠪᠠ᠃ ᠰᠦᠨ ᠱᠤᠤ ᠴᠧᠩ᠂ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠪᠣᠯᠣᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠵᠢᠯᠣᠭᠤᠴᠢ ᠦᠭᠡᠢ ᠠᠴᠢᠶᠠᠨ ᠤ ᠮᠠᠰᠢᠨ ᠲᠡᠷᠭᠡ ᠵᠡᠷᠭᠡ ᠣᠶᠤᠨᠴᠢ ᠲᠣᠨᠣᠭᠯᠠᠯ ᠢ ᠲᠦᠷᠭᠡᠳᠬᠡᠨ ᠳᠡᠯᠭᠡᠷᠡᠭᠦᠯᠵᠦ᠂ ᠠᠭᠤᠷᠬᠠᠢ ᠶᠢᠨ ᠠᠵᠢᠯ ᠤᠨ ᠠᠶᠤᠯᠭᠦᠢ ᠶᠢᠨ ᠲᠦᠪᠰᠢᠨ ᠪᠣᠯᠣᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠡᠢ᠃
ᠲᠤᠰ ᠡᠳᠦᠷ ᠤᠨ ᠦᠳᠡ ᠶᠢᠨ ᠬᠤᠶᠢᠨ᠎ᠠ᠂ ᠰᠦᠨ ᠱᠤᠤ ᠴᠧᠩ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯᠣᠨ ᠵᠡᠭᠦᠨᠭᠠᠷ ᠬᠤᠰᠢᠭᠤ᠂ ᠬᠥᠨᠳᠡᠯᠡᠨ ᠲᠣᠭᠤᠷᠢᠭ᠂ ᠡᠵᠡᠨ ᠬᠤᠷᠤᠭ᠎ᠠ ᠬᠤᠰᠢᠭᠤ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠣᠯ ᠬᠠᠷᠢᠭᠤᠴᠠᠯᠭᠠᠲᠠᠨ ᠨᠥᠬᠦᠳ ᠦᠭᠡ ᠬᠡᠯᠡᠪᠡ᠃ ᠰᠦᠨ ᠱᠤᠤ ᠴᠧᠩ ᠪᠠᠶᠢᠨ ᠪᠠᠶᠢᠨ ᠦᠭᠡ ᠬᠡᠯᠡᠵᠦ᠂ ᠠᠵᠢᠯ ᠲᠦᠷᠦᠯ ᠤᠨ ᠬᠥᠭᠵᠢᠯᠲᠡ ᠶᠢᠨ ᠣᠷᠴᠢᠨ ᠲᠣᠭᠤᠷᠢᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠠᠵᠤ ᠠᠬᠤᠢ ᠶᠢᠨ ᠬᠥᠭᠵᠢᠯᠲᠡ ᠶᠢᠨ ᠲᠦᠭᠵᠢᠷᠡᠯ᠂ ᠬᠦᠴᠢᠷ ᠢ ᠰᠢᠢᠳᠪᠦᠷᠢᠯᠡᠵᠦ ᠠᠰᠠᠭᠤᠳᠠᠯ ᠢ ᠰᠢᠢᠳᠪᠦᠷᠢᠯᠡᠬᠦ ᠰᠡᠳᠬᠢᠮᠵᠢ ᠵᠡᠷᠭᠡ ᠠᠰᠠᠭᠤᠳᠠᠯ ᠤᠨ ᠲᠤᠬᠠᠢ ᠤᠯᠠᠨ ᠲᠠᠢ ᠰᠠᠨᠠᠯ ᠢᠶᠠᠨ ᠰᠣᠯᠢᠯᠴᠠᠪᠠ᠃
ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠬᠠᠷᠠᠯᠲᠠ ᠡᠭᠦᠷᠭᠡ ᠬᠤᠪᠢᠷᠠᠭ᠎ᠠ ᠦᠭᠡᠢ᠂ ᠬᠥᠭᠵᠢᠯᠲᠡ ᠶᠢᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠴᠦ ᠠᠯᠢ ᠡᠷᠲᠡ ᠲᠣᠳᠣᠷᠬᠠᠢ ᠪᠣᠯᠪᠠ᠂ ᠬᠤᠰᠢᠭᠤ ᠰᠢᠶᠠᠨ ᠤ ᠱᠠᠲᠤᠨ ᠤ ᠬᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠡᠭᠦᠷᠭᠡ ᠪᠠᠨ ᠪᠠᠲᠤ ᠰᠠᠬᠢᠵᠤ᠂ ᠠᠵᠤ ᠠᠬᠤᠢ ᠶᠢ ᠴᠢᠷᠮᠠᠶᠢᠨ ᠬᠥᠭᠵᠢᠭᠦᠯᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠳᠡᠭᠡᠭᠰᠢᠯᠡᠭᠦᠯᠵᠦ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠲᠣᠮᠣ ᠬᠤᠰᠢᠭᠤ ᠲᠣᠮᠣ ᠰᠢᠶᠠᠨ ᠤ ᠬᠢᠨ ᠭᠤᠣᠯ ᠲᠤᠯᠭᠠᠭᠤᠷᠢ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠬᠤᠰᠢᠭᠤᠴᠢ ᠪᠣᠯᠵᠤ᠂ ᠪᠦᠭᠦ ᠣᠷᠣᠨ ᠤ ᠶᠡᠭᠡ ᠲᠠᠯ᠎ᠠ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ᠃ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠡᠷᠴᠢ ᠵᠣᠷᠢᠭ ᠢᠶᠠᠨ ᠬᠥᠪᠴᠢᠯᠡᠨ ᠪᠣᠳᠠᠲᠠᠢ ᠠᠳᠬᠤᠵᠤ᠂ ᠠᠵᠤ ᠠᠬᠤᠶᠢᠯᠠᠯ ᠤᠨ ᠡᠷᠭᠢᠯᠲᠡ᠂ ᠲᠥᠷᠥᠯ ᠵᠦᠢᠯ ᠤᠨ ᠠᠵᠢᠯ ᠡᠬᠢᠯᠡᠭᠦᠯᠬᠦ᠂ ᠬᠦᠴᠦᠨ ᠵᠦᠢᠯ ᠤᠨ ᠪᠠᠲᠤᠯᠠᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠶᠢᠨ ᠬᠠᠮᠲᠤ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠰᠢᠨ᠎ᠡ ᠨᠡᠮᠡᠭᠳᠡᠯ ᠤᠨ ᠴᠡᠭ ᠢ ᠠᠷᠭ᠎ᠠ ᠰᠦᠪᠡᠭᠴᠢᠯᠡᠨ ᠪᠣᠶᠢᠵᠢᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠨᠡᠨ ᠪᠣᠳᠠᠲᠠᠢ ᠦᠷ᠎ᠡ ᠪᠦᠲᠦᠭᠡᠯ ᠢᠶᠠᠷ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠭᠰᠡᠨ ᠡᠰᠡᠬᠦ ᠶᠢ ᠰᠢᠯᠭᠠᠨ ᠪᠠᠶᠢᠴᠠᠭᠠᠬᠤ ᠬᠡᠷᠡᠭᠲᠡᠢ᠃ ᠲᠠᠭᠢᠨ ᠳᠠᠪᠲᠠᠨ ᠨᠠᠶᠢᠳᠠᠪᠤᠷᠢᠵᠢᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠤᠯᠤᠰ ᠤᠨ ᠰᠢᠨ᠎ᠡ ᠪᠠᠷ ᠨᠡᠶᠢᠲᠡᠯᠡᠭᠰᠡᠨ ᠲᠦᠷᠦ ᠶᠢᠨ ᠪᠣᠳᠣᠯᠭ᠎ᠠ ᠶᠢᠨ ᠠᠵᠠ ᠲᠣᠭᠢᠶᠠᠯ ᠢ ᠠᠮᠵᠢᠬᠤ᠂ ᠲᠦᠷᠦᠯ ᠵᠦᠢᠯ ᠢ ᠰᠦᠪᠡᠭᠴᠢᠯᠡᠬᠦ᠂ ᠬᠥᠭᠵᠢᠯᠲᠡ ᠶᠢ ᠠᠬᠢᠭᠤᠯᠬᠤ ᠶᠢ ᠴᠢᠩᠭ᠎ᠠ ᠠᠩᠬᠠᠷᠬᠤ ᠬᠡᠷᠡᠭᠲᠡᠢ᠃ ᠠᠵᠤ ᠠᠬᠤᠢ ᠶᠢᠨ ᠠᠵᠢᠯ ᠢ ᠰᠠᠶᠢᠲᠤᠷ ᠠᠳᠬᠤᠬᠤ ᠶᠢᠨ ᠬᠠᠮᠲᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠲᠥᠪ ᠤᠨ ᠲᠣᠭᠤᠷᠢᠨ ᠪᠠᠶᠢᠴᠠᠭᠠᠬᠤ ᠳᠤ ᠬᠠᠮᠵᠢᠯᠴᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠡᠯ᠎ᠡ ᠲᠢᠩᠬᠢᠮ ᠲᠣᠪᠴᠢᠶ᠎ᠠ ᠶᠢᠨ ᠬᠢᠨ ᠬᠤᠰᠢᠭᠤ ᠰᠢᠶᠠᠨ ᠬᠤᠲᠠ ᠲᠣᠭᠤᠷᠢᠭ ᠤᠨ ᠬᠥᠭᠵᠢᠯᠲᠡ ᠶᠢ ᠳᠡᠮᠵᠢᠵᠦ᠂ ᠲᠠᠯᠪᠢᠬᠤ ᠶᠣᠰᠣᠲᠠᠢ ᠡᠷᠬᠡ ᠶᠢ ᠲᠠᠯᠪᠢᠵᠤ᠂ ᠬᠠᠪᠰᠤᠷᠬᠤ ᠶᠣᠰᠣᠲᠠᠢ ᠶᠢ ᠨᠢ ᠪᠣᠳᠠᠲᠠᠶᠢᠵᠢᠭᠤᠯᠤᠨ ᠬᠠᠪᠰᠤᠷᠬᠤ ᠬᠡᠷᠡᠭᠲᠡᠢ᠃ ᠡᠭᠦᠷᠭᠡ ᠬᠦᠴᠢᠷᠳᠡᠯ ᠳᠤ ᠲᠤᠯᠭᠠᠷᠠᠬᠤ ᠲᠤᠳᠤᠮ ᠺᠠᠳ᠋ᠷᠴᠤᠳ ᠢ ᠰᠢᠯᠭᠠᠬᠤ ᠦᠶ᠎ᠡ ᠬᠦᠷᠴᠦ ᠢᠷᠡᠳᠡᠭ᠂ ᠡᠯ᠎ᠡ ᠱᠠᠲᠤᠨ ᠤ ᠬᠢᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠥᠪᠴᠢ ᠪᠠᠨ ᠴᠢᠩᠭᠠᠯᠠᠵᠤ᠂ ᠭᠠᠪᠰᠢᠭᠠᠶᠢᠯᠠᠨ ᠤᠷᠤᠭᠰᠢᠯᠠᠬᠤ ᠡᠷᠴᠢ ᠵᠣᠷᠢᠭ ᠢᠶᠠᠷ᠂ ᠬᠠᠷᠢᠭᠤᠴᠠᠯᠭ᠎ᠠ ᠪᠠᠨ ᠴᠢᠩᠭᠠᠳᠬᠠᠵᠤ ᠬᠦᠴᠦ ᠣᠷᠣᠭᠤᠯᠤᠨ᠂ ᠡᠳᠦᠷ ᠢᠶᠠᠷ ᠬᠡᠮᠵᠢᠭᠦᠷ ᠪᠤᠯᠭᠠᠵᠤ᠂ ᠡᠳᠦᠷ ᠪᠣᠯᠭᠠᠨ ᠰᠠᠶᠢᠲᠤᠷ ᠠᠵᠢᠯᠯᠠᠵᠤ᠂ ᠵᠢᠯ ᠤᠨ ᠳᠤᠮᠳᠠ ᠪᠠ ᠵᠢᠯ ᠤᠨ ᠰᠡᠭᠦᠯᠴᠢ ᠳᠤ ᠲᠡᠭᠦᠰ ᠠᠮᠵᠢᠯᠲᠠᠲᠠᠢ ᠪᠠᠷ ᠳᠠᠩᠰᠠ ᠲᠤᠰᠢᠶᠠᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃
ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃