​ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2025/5/12


      ᠣᠶᠢᠷ᠎ᠠ ᠳᠤ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃

      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠢ ᠲᠥᠯᠥᠪᠵᠢᠭᠦᠯᠬᠦ ᠳᠤ ᠨᠠᠮ ᠪᠣᠯᠣᠨ ᠤᠯᠤᠰ ᠤᠨ ᠬᠡᠷᠡᠭᠴᠡᠭᠡ᠂ ᠥᠪᠥᠷ ᠮᠣᠩᠭᠤᠯ ᠤᠨ ᠴᠢᠳᠠᠪᠤᠷᠢ ᠶᠢᠨ ᠲᠣᠭᠤᠷᠢᠨ ᠳᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠵᠤ᠂ ᠤᠯᠤᠰ ᠤᠨ ᠶᠠᠮᠤᠨ ᠵᠥᠪᠯᠡᠯ᠂ ᠠᠯᠢ ᠣᠯᠠᠨ ᠬᠦᠷᠢᠶᠡᠨ ᠳᠤ ᠬᠥᠭᠵᠢᠯᠲᠡ ᠶᠢᠨ ᠬᠠᠷᠠᠯᠲᠠ ᠡᠭᠦᠷᠭᠡ ᠶᠢ ᠨᠢᠭᠡᠳ ᠨᠢᠭᠡ ᠪᠠᠷ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠶᠢᠨ ᠲᠠᠯ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠶᠢ ᠲᠦᠷᠭᠡᠳᠬᠡᠵᠦ᠂ ᠬᠡᠯᠬᠢᠶᠡᠵᠢᠭᠰᠡᠨ ᠰᠡᠳᠬᠢᠬᠦᠢ ᠪᠠᠷ ᠵᠣᠬᠢᠶᠠᠮᠠᠯ ᠣᠶᠤᠨ ᠴᠢᠳᠠᠪᠤᠷᠢ ᠶᠢᠨ ᠠᠵᠤ ᠦᠢᠯᠡᠰ ᠢ ᠴᠣᠭᠴᠠᠯᠠᠵᠤ᠂ ᠤᠯᠠᠮᠵᠢᠯᠠᠯᠲᠤ ᠠᠵᠤ ᠦᠢᠯᠡᠰ ᠤᠨ ᠣᠶᠤᠨᠴᠢᠯᠠᠭᠰᠠᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢ ᠪᠠᠷᠢᠮᠲᠠᠯᠠᠨ᠂ ᠠᠰᠠᠭᠤᠳᠠᠯ ᠭᠡᠮ ᠰᠣᠭᠤᠭ ᠢ ᠪᠦᠭᠦ ᠶᠠᠪᠤᠴᠠ ᠪᠠᠷ ᠨᠢ ᠪᠢᠲᠡᠭᠦᠮᠵᠢᠯᠡᠨ ᠴᠡᠭᠴᠡᠯᠡᠨ ᠵᠠᠰᠠᠵᠤ᠂ ᠬᠥᠮᠥᠨ ᠬᠠᠷ᠎ᠠ ᠣᠯᠠᠨ ᠴᠤᠭᠯᠠᠷᠠᠬᠤ ᠭᠠᠵᠠᠷ ᠲᠠᠯᠠᠪᠤᠷ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠠᠳᠬᠤᠵᠤ᠂ ᠣᠳᠣᠬᠠᠨ ᠤ ᠲᠣᠭᠲᠠᠭᠤᠨ ᠪᠠᠶᠢᠳᠠᠯ ᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠱᠠᠯᠠᠪᠳᠠᠭᠤᠯᠤᠨ ᠪᠠᠶᠢᠴᠠᠭᠠᠵᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠪᠣᠯᠣᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠨᠡᠩ ᠰᠠᠶᠢᠲᠤᠷ  ᠬᠥᠭᠵᠢᠬᠦ ᠳᠤ ᠬᠠᠪᠰᠤᠷᠬᠤ ᠬᠡᠷᠡᠭᠲᠡᠢ᠃ ᠬᠢᠯᠢ ᠬᠢᠵᠠᠭᠠᠷ ᠢ ᠲᠣᠭᠲᠠᠪᠤᠷᠢᠵᠢᠭᠤᠯᠬᠤ ᠬᠢᠯᠢ ᠬᠢᠵᠠᠭᠠᠷ ᠢ ᠪᠠᠬᠢᠵᠢᠭᠦᠯᠬᠦ ᠬᠢᠯᠢ ᠬᠢᠵᠠᠭᠠᠷ ᠢ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠬᠢᠯᠢ ᠬᠢᠵᠠᠭᠠᠷ ᠣᠷᠣᠨ ᠤ ᠠᠷᠠᠳ ᠤᠨ ᠠᠮᠢᠳᠤᠷᠠᠯ ᠤᠨ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃

      ᠬᠤᠷᠠᠯ ᠠᠴᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠰᠤᠳᠤᠯᠵᠤ᠂ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠢᠨ ᠨᠢᠭᠡ ᠴᠣᠭᠴᠠᠵᠢᠭᠤᠯᠤᠭᠰᠠᠨ ᠦᠷ᠎ᠡ ᠪᠦᠲᠦᠮᠵᠢ ᠪᠠᠨ ᠥᠷᠭᠡᠳᠬᠡᠵᠦ᠂ ᠰᠠᠭᠤᠷᠢ ᠲᠥᠬᠦᠭᠡᠷᠦᠮᠵᠢ ᠶᠢ ᠲᠦᠷᠭᠡᠨ ᠨᠡᠪᠲᠡᠷᠡᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠥᠭᠦᠮ ᠳᠥᠲᠡ ᠪᠤᠯᠭᠠᠬᠤ᠂ ᠠᠵᠤ ᠦᠢᠯᠡᠰ ᠢ ᠬᠥᠭᠵᠢᠭᠦᠯᠬᠦ ᠳᠤ ᠬᠠᠮᠵᠢᠯᠴᠠᠨ ᠪᠦᠲᠦᠮᠵᠢᠲᠡᠶ ᠪᠠᠶᠢᠬᠤ ᠶᠢ ᠠᠬᠢᠭᠤᠯᠬᠤ ᠬᠡᠷᠡᠭᠲᠡᠢ᠃ ᠵᠡᠭᠦᠨ ᠬᠡᠰᠡᠭ ᠤᠨ ᠠᠶᠢᠮᠠᠭ ᠬᠤᠲᠠ ᠨᠤᠭᠤᠳ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠬᠥᠭᠵᠢᠭᠦᠯᠦᠨ ᠮᠠᠨᠳᠤᠭᠤᠯᠬᠤ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠡᠨᠧᠷᠭᠢ᠂ ᠮᠠᠯ ᠠᠵᠤ ᠠᠬᠤᠢ ᠲᠠᠷᠢᠶᠠᠯᠠᠩ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠲᠦᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠪᠠᠲᠤ ᠴᠢᠩᠭ᠎ᠠ ᠠᠩᠬᠠᠷᠴᠤ᠂ ᠬᠤᠷᠢᠭ᠎ᠠ ᠱᠤᠭᠤᠮ ᠢ ᠲᠣᠳᠣᠷᠬᠠᠢ ᠢᠯᠭᠠᠵᠤ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠶᠢᠨ ᠬᠠᠮᠢᠶᠠᠷᠤᠯᠲᠠ᠂ ᠠᠮᠢ ᠠᠬᠤᠢ ᠣᠷᠴᠢᠨ ᠲᠣᠭᠤᠷᠢᠨ ᠢ ᠬᠤᠬᠢᠷᠠᠭᠤᠯᠤᠭᠰᠠᠨ ᠲᠥᠯᠥᠪᠦᠷᠢ᠂ ᠴᠠᠭᠢᠯᠭᠠᠨ ᠬᠦᠴᠦᠨ ᠤ ᠠᠷᠠᠯᠵᠢᠶᠠᠨ ᠤ ᠲᠥᠷᠥ ᠶᠢᠨ ᠪᠣᠳᠣᠯᠭ᠎ᠠ ᠶᠢᠨ ᠥᠭᠡᠷᠡᠴᠢᠯᠡᠯᠲᠡ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠳᠠᠭᠢᠨ ᠵᠣᠬᠢᠶᠠᠨ ᠪᠠᠶᠢᠭᠤᠯᠬᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠢᠯᠭᠠᠷᠠᠭᠤᠯᠤᠨ ᠵᠢᠷᠤᠮᠵᠢᠭᠤᠯᠬᠤ ᠠᠵᠢᠯ ᠵᠢᠴᠢ ᠣᠷᠣᠨ ᠨᠤᠲᠤᠭ ᠤᠨ ᠴᠢᠨᠠᠷᠲᠠᠢ 10 ᠬᠤᠪᠢ ᠬᠠᠤᠯᠢ ᠲᠣᠭᠲᠠᠭᠠᠯ ᠢ ᠲᠣᠭᠲᠠᠭᠠᠵᠤ ᠵᠠᠰᠠᠪᠤᠷᠢ ᠣᠷᠣᠭᠤᠯᠬᠤ ᠶᠠᠪᠤᠳᠠᠯ ᠢ ᠰᠤᠳᠤᠯᠪᠠ᠃


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ