ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2025/5/12


      5 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃

      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 4 ᠰᠠᠷ᠎ᠠ ᠶᠢᠨ 25 ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢᠨ  ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠲᠤᠯᠭᠠᠮ ᠪᠤᠳᠤᠯ ᠢᠶᠠᠨ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠴᠥᠮ ᠦᠨᠡᠨ ᠪᠣᠳᠠᠲᠠᠢ ᠬᠥᠳᠡᠯᠦᠯᠴᠡᠵᠦ᠂ ᠠᠵᠢᠯᠯᠠᠵᠤ᠂ ᠨᠢᠭᠡᠨᠲᠡ ᠲᠣᠭᠲᠠᠭᠰᠠᠨ ᠪᠠᠶᠢᠷᠢᠯᠠᠭᠤᠯᠤᠯᠲᠠ ᠶᠢ ᠪᠠᠲᠤ ᠡᠵᠡᠮᠳᠡᠵᠦ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠰᠡᠷᠭᠡᠭ ᠴᠢᠨᠠᠷ ᠢᠶᠠᠨ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠬᠦ ᠪᠠᠷ ᠵᠢᠯᠣᠭᠤᠳᠤᠮᠵᠢ ᠪᠤᠯᠭᠠᠵᠤ᠂ ᠤᠯᠤᠰ ᠤᠨ ᠰᠢᠨ᠎ᠡ ᠪᠠᠷ ᠲᠣᠭᠲᠠᠭᠠᠭᠰᠠᠨ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ ᠮᠥᠷᠳᠡᠨ ᠰᠤᠳᠤᠯᠵᠤ᠂ ᠵᠣᠷᠢᠭ ᠰᠠᠨᠠᠭ᠎ᠠ ᠶᠢ ᠨᠡᠪᠲᠡᠷᠬᠡᠢ ᠣᠶᠢᠯᠠᠭᠠᠵᠤ᠂ ᠠᠵᠠ ᠲᠣᠭᠢᠶᠠᠯ ᠢ ᠡᠵᠡᠮᠳᠡᠵᠦ᠂ ᠲᠦᠷᠦ ᠶᠢᠨ ᠪᠣᠳᠣᠯᠭ᠎ᠠ ᠶᠢ ᠥᠪᠥᠷ ᠮᠣᠩᠭᠤᠯ ᠤᠨ ᠡᠬᠡ ᠭᠠᠵᠠᠷ ᠳᠡᠭᠡᠷ᠎ᠡ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ᠃ ᠬᠥᠭᠵᠢᠯᠲᠡ ᠪᠣᠯᠣᠨ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠲᠡᠢ᠃ ᠦᠷᠭᠦᠯᠵᠢᠯᠡᠨ ᠬᠦᠴᠦᠯᠡᠵᠦ ᠪᠠᠶᠢᠭᠠᠳ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠡᠰᠡᠭ ᠮᠤᠵᠢ ᠣᠷᠣᠨ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠤᠯ ᠤᠨ ᠬᠥᠭᠵᠢᠯᠲᠡ ᠶᠢ ᠪᠦᠭᠦ ᠤᠯᠤᠰ ᠤᠨ ᠶᠡᠭᠡ ᠲᠠᠯ᠎ᠠ ᠳᠤ ᠲᠠᠯᠪᠢᠵᠤ᠂ ᠲᠤᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠪᠣᠯᠣᠨ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠬᠦ ᠬᠡᠷᠡᠭᠲᠡᠢ᠃ ᠲᠦᠷᠦᠯ ᠵᠦᠢᠯ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠡᠩ ᠤᠯᠠᠨ ᠪᠦᠭᠦ ᠲᠠᠯ᠎ᠠ ᠶᠢᠨ ᠴᠢᠨᠠᠷᠲᠠᠢ ᠲᠦᠷᠦᠯ ᠵᠦᠢᠯ ᠢ ᠤᠯᠤᠰ ᠤᠨ ᠲᠥᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠳᠠᠪᠠᠭᠤᠯᠢᠭ ᠲᠠᠯ᠎ᠠ ᠪᠠᠨ ᠪᠠᠳᠠᠷᠠᠭᠤᠯᠤᠨ ᠪᠠᠭᠤᠷᠠᠢ ᠲᠠᠯ᠎ᠠ ᠪᠠᠨ ᠲᠡᠪᠴᠢᠵᠦ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠭᠠᠷ ᠤᠨ ᠦᠢᠯᠡᠰ ᠤᠨ ᠠᠵᠤ ᠠᠬᠤᠢ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ᠂ ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ᠂ ᠴᠥᠮ᠎ᠡ ᠶᠢᠨ ᠡᠨᠧᠷᠭᠢ᠂ ᠪᠣᠳᠣᠯᠲᠠ ᠶᠢᠨ ᠴᠢᠳᠠᠪᠤᠷᠢ᠂ ᠳᠠᠬᠢᠯᠲᠠ ᠡᠬᠢ ᠪᠠᠶᠠᠯᠢᠭ ᠤᠨ ᠠᠰᠢᠭᠯᠠᠯᠲᠠ ᠵᠡᠷᠭᠡ ᠠᠵᠤ ᠦᠢᠯᠡᠰ ᠢ ᠱᠠᠯᠠᠪᠳᠠᠨ ᠲᠥᠯᠥᠪᠵᠢᠭᠦᠯᠦᠨ ᠪᠠᠶᠢᠷᠢᠰᠢᠭᠤᠯᠬᠤ ᠬᠡᠷᠡᠭᠲᠡᠢ᠃ ᠠᠷᠠᠳ ᠲᠦᠮᠡᠨ ᠳᠤ ᠪᠤᠶᠠᠨ ᠦᠢᠯᠡᠳᠬᠦ ᠪᠠᠷ ᠦᠨᠳᠦᠰᠦᠨ ᠦᠷᠳᠡᠭ ᠤᠨ ᠬᠠᠨᠳᠤᠰᠢ ᠪᠤᠯᠭᠠᠵᠤ᠂ ᠠᠷᠠᠳ ᠤᠨ ᠠᠮᠢᠳᠤᠷᠠᠯ ᠤᠨ ᠨᠡᠩ ᠤᠯᠠᠨ ᠪᠣᠳᠠᠲᠤ ᠶᠠᠪᠤᠳᠠᠯ ᠢ ᠤᠬᠠᠭᠠᠯᠠᠨ ᠲᠥᠯᠥᠪᠯᠡᠵᠦ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠳᠬᠤᠬᠤ ᠡᠭᠦᠷᠭᠡᠲᠦ ᠪᠤᠳᠤᠯ ᠢᠶᠠᠨ ᠴᠢᠩᠭᠠᠳᠬᠠᠵᠤ᠂ ᠲᠦᠷᠦ ᠶᠢᠨ ᠪᠣᠳᠣᠯᠭ᠎ᠠ᠂ ᠪᠡᠯᠡ ᠮᠥᠩᠭᠦ᠂ ᠲᠦᠷᠦᠯ ᠵᠦᠢᠯ᠂ ᠲᠠᠪᠴᠠᠩ ᠵᠡᠷᠭᠡ ᠡᠯᠧᠮᠧᠨ᠋ᠲ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠬᠤᠷᠢᠭ᠎ᠠ ᠴᠡᠭ ᠢ ᠲᠦᠷᠭᠡᠨ ᠰᠢᠢᠳᠪᠦᠷᠢᠯᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠬᠠᠨᠳᠤᠭᠰᠠᠨ ᠵᠦᠭ ᠲᠤ ᠳᠠᠭᠠᠷᠢᠯᠲᠠ ᠬᠢᠵᠦ ᠪᠤᠯᠬᠤ ᠦᠭᠡᠢ ᠪᠥᠭᠡᠳ ᠪᠠᠰᠠ ᠶᠠᠭᠤ ᠴᠤ ᠬᠢᠬᠦ ᠦᠭᠡᠢ ᠪᠠᠶᠢᠵᠤ ᠪᠤᠯᠬᠤ ᠦᠭᠡᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠢ ᠮᠥᠷᠳᠡᠵᠦ᠂ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠴᠠᠭᠢᠯᠭᠠᠨ ᠬᠦᠴᠦ᠂ ᠬᠤᠪᠣᠷ ᠰᠢᠷᠣᠢ ᠵᠡᠷᠭᠡ ᠴᠢᠬᠤᠯᠠ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ ᠪᠣᠭᠤᠮᠲᠠ ᠰᠢᠪᠲᠤᠯᠵᠤ᠂ ᠨᠡᠩ ᠤᠯᠠᠨ ᠲᠠᠯ᠎ᠠ ᠪᠠᠷ ︽ᠡᠬᠢᠯᠡᠮᠡᠭᠴᠡ ᠲᠦᠷᠦᠭᠦᠯᠡᠬᠦ︾ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠵᠠᠩᠭᠢᠯᠠᠭ᠎ᠠ ᠶᠢᠨ ᠪᠠᠴᠢᠮ ᠬᠡᠷᠡᠭᠴᠡᠭᠡᠨ ᠤ ᠬᠦᠷᠢᠶ᠎ᠡ ᠳᠤ ᠴᠢᠭᠯᠡᠭᠦᠯᠦᠨ ᠵᠣᠬᠢᠶᠠᠮᠠᠯ ᠤᠶᠤᠨ ᠴᠢᠳᠠᠪᠤᠷᠢ ᠶᠢ ᠬᠥᠭᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠤᠷᠢᠲᠠᠯ ᠳᠣᠣᠷ᠎ᠠ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠢ ᠡᠨᠧᠷᠭᠢ᠂ ᠠᠭᠤᠷᠬᠠᠢ ᠮᠠᠯᠲᠠᠬᠤ᠂ ᠮᠠᠯ ᠠᠵᠤ ᠠᠬᠤᠢ ᠲᠠᠷᠢᠶᠠᠯᠠᠩ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠤ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠬᠦ ᠬᠡᠷᠡᠭᠲᠡᠢ᠃ ᠪᠣᠬᠢᠷᠳᠤᠯ ᠦᠭᠡᠢ ᠴᠠᠭᠢᠯᠭᠠᠨ ᠤ ᠳᠠᠪᠠᠭᠤᠯᠢᠭ ᠲᠤ ᠲᠦᠰᠢᠭᠯᠡᠵᠦ᠂ ︽ᠪᠡᠭᠡᠵᠢᠩ ᠤᠨ ᠳ᠋ᠠᠶᠢᠲ᠋ᠠ ᠶᠢ ᠥᠪᠥᠷ ᠮᠣᠩᠭᠤᠯ ᠳᠤ ᠪᠤᠳᠤᠬᠤ︾ ᠵᠡᠷᠭᠡ ᠪᠣᠳᠣᠯᠲᠠ ᠶᠢᠨ ᠴᠢᠳᠠᠪᠤᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠤᠭ᠎ᠠ ᠪᠠᠷᠢᠮᠲᠠ ᠶᠢ ᠨᠡᠭᠡᠭᠡᠨ ᠬᠥᠭᠵᠢᠭᠦᠯᠵᠦ ᠬᠡᠷᠡᠭᠯᠡᠬᠦ ᠵᠢᠴᠢ ᠬᠠᠮᠢᠶ᠎ᠠ ᠪᠦᠬᠦᠢ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠤᠨ ᠯᠢᠶᠤᠤᠶᠠᠩ ᠬᠤᠳᠠ ᠶᠢᠨ ᠪᠠᠶᠢᠲ᠋ᠠ ᠲᠣᠭᠤᠷᠢᠭ ᠤᠨ ᠨᠢᠭᠡᠨ ᠬᠤᠭᠤᠯᠠᠨ ᠭᠡᠷ ᠤᠨ ᠭᠠᠯ ᠤᠨ ᠭᠠᠮᠰᠢᠭ ᠤᠨ ᠠᠳᠡᠯ ᠪᠣᠯᠣᠨ ᠭᠦᠢᠵᠧᠦ ᠶᠢᠨ ᠪᠢ ᠵᠢᠶᠧ ᠬᠤᠳᠠ ᠶᠢᠨ ᠴᠢᠶᠠᠨ ᠰᠢ ᠬᠤᠳᠠ ᠶᠢᠨ ᠨᠢᠭᠡᠨ ᠦᠵᠡᠮᠵᠢ ᠶᠢᠨ ᠣᠷᠣᠨ ᠳᠤ ᠵᠢᠭᠤᠯᠴᠢᠯᠠᠯ ᠤᠨ ᠣᠩᠭᠤᠴᠠ ᠬᠥᠷᠪᠡᠭᠰᠡᠨ ᠠᠳᠡᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ︽ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ ᠶᠢ ᠭᠦᠢᠴᠡᠳᠬᠡᠬᠦ︾ ᠪᠠ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠨᠠᠩ ᠴᠢᠬᠤᠯᠠᠴᠢᠯᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠵᠦ ᠴᠡᠭᠴᠡᠯᠡᠨ ᠵᠠᠰᠠᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠦᠭᠦ ᠣᠷᠣᠨ ᠤ ᠥᠷᠭᠡᠨ ᠣᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ ᠢ ᠳᠠᠶᠢᠴᠢᠯᠠᠨ ᠵᠣᠷᠢᠭᠵᠢᠭᠤᠯᠵᠤ ᠪᠠᠶᠢᠭᠠᠳ ᠡᠵᠡᠨ ᠬᠥᠮᠥᠨ ᠤ ᠤᠬᠠᠮᠰᠠᠷ ᠢ ᠨᠢ ᠴᠢᠩᠭᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ  ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠭᠠᠯ ᠬᠠᠯᠠᠭᠤᠨ ᠦᠢᠯᠡᠳᠦᠯᠭᠡ ᠶᠢᠨ ᠳᠤᠮᠳᠠ ᠭᠠᠪᠢᠶ᠎ᠠ ᠪᠠᠶᠢᠭᠤᠯᠵᠤ ᠦᠢᠯᠡᠰ ᠪᠦᠲᠦᠭᠡᠨ᠂ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠬᠠᠷᠢᠭᠤ ᠵᠠᠬᠢᠳᠠᠯ ᠪᠣᠯᠣᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠠᠵᠢᠯ ᠪᠣᠯᠣᠨ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃

      ᠬᠤᠷᠠᠯ ᠠᠴᠠ ᠪᠦᠭᠦ ᠤᠯᠤᠰ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠡᠯ᠎ᠡ ᠱᠠᠲᠤᠨ ᠤ ᠠᠯᠪᠠᠨ ᠲᠢᠩᠬᠢᠮ ︵ᠭᠡᠷ︶ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤ ᠦᠢᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ᠰᠤᠷᠲᠠᠯ ᠢᠶᠠᠨ ᠰᠠᠶᠢᠵᠢᠷᠠᠭᠤᠯᠬᠤ᠂ ᠶᠣᠰᠣ ᠳᠦᠷᠢᠮ ᠲᠣᠭᠲᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠲᠦᠷᠦᠭᠦᠯᠡᠨ ᠬᠢᠵᠦ᠂ ᠴᠢᠨᠠᠷ ᠰᠠᠶᠢᠲᠠᠢ ᠪᠠᠷ ᠠᠵᠢᠯᠯᠠᠭᠠᠨ ᠢ ᠪᠠᠲᠤᠯᠠᠬᠤ᠂ ᠵᠣᠬᠢᠴᠠᠭᠤᠯᠭ᠎ᠠ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠰᠠᠶᠢᠨ ᠵᠥᠪᠯᠡᠭᠴᠢ ᠲᠤᠰᠠᠯᠠᠭᠴᠢ ᠪᠣᠯᠵᠤ᠂ ᠨᠠᠮ ᠢ ᠰᠠᠨᠠᠭ᠎ᠠ ᠠᠮᠤᠷ᠂ ᠠᠷᠠᠳ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ ᠵᠢᠱᠢᠶᠡᠴᠢ ᠪᠠᠶᠢᠭᠤᠯᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

      

 


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ