​ᠰᠢᠨ᠎ᠡ ᠶᠢ ᠡᠭᠦᠳᠬᠦ ᠪᠠᠷ ᠵᠢᠭᠦᠷ ᠪᠤᠯᠭᠠᠵᠤ ︽ᠡᠭᠦᠯᠡᠨ︾ ᠦᠵᠦᠭᠦᠷᠯᠢᠭ ᠲᠤ ᠬᠠᠯᠢᠨ ᠳᠡᠭᠦᠯᠢᠨ᠎ᠡ︱ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ᠂ ᠳᠤᠮᠳᠠᠳᠤ ᠤᠯᠤᠰ ᠤᠨ ᠴᠠᠭᠢᠯᠭᠠᠨ ᠬᠤᠯᠪᠣᠭᠠᠨ ᠤ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠤᠮᠫᠠᠨᠢ ᠶᠢᠨ ᠲᠣᠮᠣ ᠳ᠋ᠠᠶᠢᠲ᠋ᠠ ᠪᠠ AI ᠲᠥᠪ ᠤᠨ ᠡᠭᠦᠯᠡᠨ ᠡᠭᠦᠳᠦᠯᠲᠡ ᠶᠢᠨ ᠠᠵᠢᠯᠯᠠᠬᠤ ᠲᠠᠰᠤᠭ ᠤᠨ ᠬᠠᠷᠢᠭᠤᠴᠠᠯᠭᠠᠲᠠᠨ ᠾᠧᠦ ᠰᠢᠶᠣᠣ ᠳ᠋ᠦᠩ ᠢ ᠲᠡᠮᠳᠡᠭᠯᠡᠪᠡ
ᠨᠡᠶᠢᠲᠡᠯᠡᠭᠰᠡᠨ ᠴᠠᠭ᠄
2025/5/12


ᠦᠳᠡᠰᠢ ᠶᠢᠨ ᠪᠦᠷᠦᠢ ᠪᠤᠯᠬᠤ ᠪᠠᠷ ᠳᠤᠮᠳᠠᠳᠤ ᠤᠯᠤᠰ ᠤᠨ ᠴᠠᠭᠢᠯᠭᠠᠨ ᠬᠤᠯᠪᠣᠭᠠᠨ ᠤ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠤᠮᠫᠠᠨᠢ ᠶᠢᠨ ᠲᠣᠮᠣ ᠳ᠋ᠠᠶᠢᠲ᠋ᠠ ᠪᠣᠯᠣᠨ AI ᠲᠥᠪ ᠤᠨ ᠡᠭᠦᠯᠡᠨ ᠡᠭᠦᠳᠦᠯᠲᠡ ᠶᠢᠨ ᠠᠵᠢᠯᠯᠠᠬᠤ ᠲᠠᠰᠤᠭ ᠲᠤ᠂ ᠾᠧᠦ ᠰᠢᠶᠣᠣ ᠳ᠋ᠦᠩ ᠺᠤᠮᠫᠢᠦ᠋ᠲ᠋ᠧᠷ ᠤᠨ ᠳᠡᠯᠭᠡᠴᠡ ᠳᠡᠭᠡᠷᠡᠬᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠨᠢᠳᠦ ᠰᠠᠯᠭᠠᠯ ᠦᠭᠡᠢ ᠬᠠᠷᠠᠵᠤ᠂ ᠬᠤᠷᠤᠭᠤ ᠪᠠᠷ ᠢᠶᠠᠨ ᠺᠤᠮᠫᠢᠦ᠋ᠲ᠋ᠧᠷ ᠤᠨ ᠳᠠᠷᠤᠪᠴᠢ ᠶᠢ ᠲᠦᠷᠭᠡᠨ ᠲᠣᠭᠰᠢᠵᠤ ᠰᠠᠭᠤᠨ᠎ᠠ᠃

︽ᠪᠢᠳᠡ ᠲᠣᠭᠲᠠᠮᠠᠯ ᠬᠤᠭᠤᠴᠠᠭ᠎ᠠ ᠲᠠᠢ ᠪᠠᠷ ᠰᠢᠰᠲ᠋ᠧᠮ ᠤᠨ ᠲᠤᠭ᠎ᠠ ᠪᠠᠷᠢᠮᠲᠠ ᠶᠢ ᠨᠥᠭᠡᠴᠡᠯᠡᠨ ᠬᠠᠳᠠᠭᠠᠯᠠᠵᠤ᠂ ᠰᠡᠷᠭᠡᠭ ᠲᠤᠭ᠎ᠠ ᠪᠠᠷᠢᠮᠲᠠ ᠶᠢ ᠨᠢᠭᠤᠴᠠ ᠪᠠᠷ ᠬᠠᠳᠠᠭᠠᠯᠠᠵᠤ᠂ ᠲᠤᠭ᠎ᠠ ᠪᠠᠷᠢᠮᠲᠠ ᠶᠢ ᠭᠡᠭᠡᠭᠳᠡᠭᠦᠯᠬᠦ ᠪᠠ ᠵᠠᠳᠠᠷᠠᠭᠤᠯᠬᠤ ᠠᠴᠠ ᠰᠡᠷᠭᠡᠶᠢᠯᠡᠳᠡᠭ᠃ ᠡᠭᠦᠯᠡᠨ ᠲᠠᠪᠴᠠᠩ ᠢ ᠰᠤᠳᠤᠯᠤᠨ ᠨᠡᠭᠡᠭᠡᠬᠦ᠂ ᠵᠥᠭᠡᠯᠡᠨ ᠲᠤᠨᠤᠭ ᠢ ᠲᠤᠷᠰᠢᠨ ᠬᠡᠷᠡᠭᠯᠡᠬᠦ᠂ ᠫᠷᠣᠭ᠍ᠷᠠᠮ ᠨᠠᠶᠢᠷᠠᠭᠤᠯᠬᠤ᠂ ᠬᠡᠷᠡᠭᠯᠡᠨ ᠤ ᠠᠬᠤᠢ ᠪᠠᠶᠢᠳᠠᠯ ᠢ ᠥᠷᠭᠡᠳᠬᠡᠬᠦ ᠁︾ ᠴᠢᠮᠡᠭᠡ ᠬᠤᠯᠪᠣᠭᠠᠨ ᠤ ᠠᠵᠢᠯ ᠲᠥᠷᠥᠯ ᠤᠨ IT ᠰᠢᠰᠲ᠋ᠧᠮ ᠤᠨ ᠠᠵᠢᠯᠯᠠᠭᠤᠯᠵᠤ ᠬᠠᠮᠠᠭᠠᠯᠠᠬᠤ ᠠᠵᠢᠯ ᠭᠡᠭᠴᠢ ᠴᠠᠭ ᠨᠡᠮᠡᠵᠦ ᠠᠵᠢᠯᠯᠠᠬᠤ᠂ ᠰᠥᠨᠢᠵᠢᠨ ᠰᠠᠭᠤᠬᠤ ᠪᠣᠯ ᠡᠩ ᠤᠨ ᠶᠠᠪᠤᠳᠠᠯ᠂ ᠭᠠᠷ ᠤᠲᠠᠰᠤ ᠪᠠᠨ 24 ᠴᠠᠭ ᠢᠶᠠᠷ ᠬᠠᠭᠠᠵᠤ ᠪᠤᠯᠬᠤ ᠦᠭᠡᠢ᠂ ᠴᠠᠭ ᠢᠮᠠᠭᠲᠠ ᠵᠠᠷᠯᠢᠭ ᠬᠦᠯᠢᠶᠡᠳᠡᠭ ᠭᠡᠵᠦ ᠾᠧᠦ ᠰᠢᠶᠣᠣ ᠳ᠋ᠦᠩ ᠠᠵᠢᠯ ᠤᠨ ᠢᠶᠠᠨ ᠲᠤᠬᠠᠢ ᠲᠠᠨᠢᠯᠴᠠᠭᠤᠯᠤᠯ᠎ᠠ᠃

ᠾᠧᠦ ᠰᠢᠶᠣᠣ ᠳ᠋ᠦᠩ᠂ ᠡᠨᠡ ᠵᠢᠯ 45 ᠨᠠᠰᠤᠲᠠᠢ᠃ ᠠᠩᠬ᠎ᠠ ᠠᠵᠢᠯ ᠤᠨ ᠪᠠᠶᠢᠷᠢ ᠳᠤ ᠭᠠᠷᠤᠭᠰᠠᠨ ᠭᠠᠯ ᠵᠠᠯᠠᠭᠤ ᠰᠢᠨ᠎ᠡ ᠬᠥᠮᠥᠨ ᠪᠠᠶᠢᠭᠰᠠᠨ ᠠᠴᠠ ᠪᠠᠨ ᠡᠭᠦᠯᠡᠨ ᠪᠣᠳᠣᠯᠲᠠ ᠶᠢᠨ ᠬᠦᠷᠢᠶᠡᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯᠲᠡᠨ᠂ ᠳᠡᠭᠡᠳᠦ ᠵᠡᠷᠭᠡ ᠶᠢᠨ ᠢᠨᠵᠧᠨᠧᠷ ᠪᠣᠯᠣᠨ ᠬᠥᠮᠥᠵᠢᠭᠳᠡᠪᠡ᠂ ᠾᠧᠦ ᠰᠢᠶᠣᠣ ᠳ᠋ᠦᠩ ᠴᠢᠮᠡᠭᠡ ᠬᠤᠯᠪᠣᠭᠠᠨ ᠤ ᠠᠵᠢᠯ ᠲᠦᠷᠦᠯ ᠤᠨ ᠤᠯᠠᠮᠵᠢᠯᠠᠯᠲᠤ ᠴᠢᠮᠡᠭᠡ ᠬᠤᠯᠪᠤᠭ᠎ᠠ ᠠᠴᠠ ᠣᠶᠤᠨᠴᠢᠯᠠᠭᠰᠠᠨ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠥᠩᠭᠡᠷᠡᠭᠦᠯᠵᠦ᠂ 16 ᠵᠢᠯ ᠤᠨ ᠪᠣᠳᠠᠲᠤ ᠠᠵᠢᠯᠯᠠᠭ᠎ᠠ ᠪᠠᠷ ᠢᠶᠠᠨ ᠤᠳᠤ ᠦᠶ᠎ᠡ ᠶᠢᠨ ᠴᠠᠭᠢᠯᠭᠠᠨ ᠬᠤᠯᠪᠣᠭᠠᠨ ᠤ ᠬᠥᠮᠥᠰ ᠤᠨ ᠡᠭᠦᠷᠭᠡᠯᠡᠯ ᠪᠣᠯᠣᠨ ᠬᠠᠷᠢᠭᠤᠴᠠᠯᠭ᠎ᠠ ᠶᠢ ᠲᠠᠶᠢᠯᠪᠤᠷᠢᠯᠠᠵᠤ᠂ ︽ᠡᠭᠦᠯᠡᠨ ᠵᠢᠷᠤᠭ ᠲᠥᠯᠥᠪᠯᠡᠭᠴᠢ︾ ᠬᠡᠮᠡᠭᠳᠡᠪᠡ᠃

2019 ᠣᠨ ᠳᠤ᠂ ᠾᠧᠦ ᠰᠢᠶᠣᠣ ᠳ᠋ᠦᠩ ᠤᠨ ᠲᠤᠰᠢᠶᠠᠯ ᠡᠭᠦᠷᠭᠡᠯᠡᠵᠦ ᠪᠠᠶᠢᠭᠰᠠᠨ ᠳᠤᠮᠳᠠᠳᠤ ᠤᠯᠤᠰ ᠤᠨ ᠴᠠᠭᠢᠯᠭᠠᠨ ᠬᠤᠯᠪᠣᠭᠠᠨ ᠤ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠤᠮᠫᠠᠨᠢ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠵᠠᠩᠭᠢᠯᠠᠭ᠎ᠠ ᠶᠢᠨ ᠬᠤᠭᠤᠴᠠᠭ᠎ᠠ ᠶᠢ ᠤᠭᠲᠤᠨ ᠠᠪᠴᠠᠢ᠃ ᠭᠡᠲᠡᠯ᠎ᠡ᠂ ᠡᠨᠡ ᠬᠦ ᠪᠠᠶᠢᠳᠠᠯ ᠢ ᠰᠢᠢᠳᠪᠦᠷᠢᠯᠡᠬᠦ ᠵᠠᠮ ᠳᠤ ᠳᠠᠪᠬᠤᠷ ᠳᠠᠪᠬᠤᠷ ᠬᠦᠴᠢᠷᠳᠡᠯ ᠲᠤᠯᠭᠠᠷᠠᠪᠠ᠄ ᠭᠡᠯᠪᠡᠷᠢ ᠪᠠᠨ ᠬᠤᠪᠢᠷᠠᠭᠤᠯᠬᠤ ᠲᠤᠷᠰᠢᠯᠭ᠎ᠠ ᠳᠤᠲᠠᠮᠠᠭ᠂ ᠲᠤᠰᠬᠠᠢ ᠲᠦᠷᠦᠯ ᠤᠨ ᠪᠡᠯᠡ ᠣᠷᠣᠭᠤᠯᠤᠯᠲᠠ ᠪᠣᠯᠣᠨ ᠮᠡᠷᠭᠡᠵᠢᠯ ᠤᠨ ᠨᠥᠭᠡᠴᠡ ᠬᠤᠶᠠᠷ ᠲᠠᠯ᠎ᠠ ᠪᠠᠷ ᠪᠦᠷ ᠪᠠᠴᠢᠮ ᠪᠠᠶᠢᠳᠠᠯ ᠳᠤ ᠣᠷᠣᠵᠤ᠂ ᠮᠡᠷᠭᠡᠵᠢᠯ ᠤᠨ ᠲᠤᠯᠭᠠᠭᠤᠷᠢᠯᠠᠯ ᠨᠡᠩ ᠴᠤ ᠭᠠᠷ ᠮᠡᠬᠦᠰ ᠭᠠᠨᠵᠤᠭ᠎ᠠ ᠲᠠᠲᠠᠭᠤ ᠪᠠᠶᠢᠯ᠎ᠠ᠃

ᠺᠤᠮᠫᠠᠨᠢ ᠶᠢᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠤᠨ ᠳᠠᠭᠠᠭᠤᠯᠤᠭᠴᠢ ᠪᠣᠯᠤᠭᠰᠠᠨ ᠤ ᠬᠤᠪᠢ ᠳᠤ ᠾᠧᠦ ᠰᠢᠶᠣᠣ ᠳ᠋ᠦᠩ ᠡᠨᠡ ᠤᠳᠠᠭ᠎ᠠ ᠴᠣ᠋ ︽ᠰᠢᠨ᠎ᠡ ᠶᠡᠭᠡ ᠰᠢᠯᠭᠠᠯᠲᠠ︾ ᠠᠴᠠ ᠬᠤᠶᠢᠰᠢ ᠤᠬᠤᠷᠢᠭ᠎ᠠ ᠦᠭᠡᠢ᠃ ᠲᠡᠷᠡ ᠵᠠᠭᠤᠨ ᠡᠳᠦᠷ ᠤᠨ ᠪᠠᠶᠢᠯᠳᠤᠭᠠᠨ ᠤ ᠲᠥᠯᠥᠪᠯᠡᠭᠡ ᠲᠣᠭᠲᠠᠭᠠᠵᠤ᠂ ᠡᠳᠦᠷ ᠪᠦᠷᠢ ᠶᠢᠨ ᠠᠵᠢᠯ ᠠᠴᠠ ᠪᠠᠭᠤᠭᠰᠠᠨ ᠤ ᠳᠠᠷᠠᠭᠠᠬᠢ 2 ᠴᠠᠭ ᠢ ᠠᠰᠢᠭᠯᠠᠨ᠂ ᠪᠦᠯᠭᠦᠮ ᠤᠨ ᠭᠡᠰᠢᠭᠦᠳ ᠢᠶᠠᠨ ᠳᠠᠭᠠᠭᠤᠯᠤᠨ ᠴᠠᠭ ᠮᠥᠴᠡ ᠶᠢ ᠠᠯᠳᠠᠯ ᠦᠭᠡᠢ ᠪᠠᠷ ᠮᠡᠷᠭᠡᠵᠢᠯ ᠳᠡᠭᠡᠭᠰᠢᠯᠡᠭᠦᠯᠭᠦ ᠪᠠᠷ ᠰᠤᠷᠤᠯᠴᠠᠵᠤ᠂ ᠮᠡᠳᠡᠯᠭᠡ ᠶᠢᠨ ᠪᠠᠬᠢᠯᠡᠯᠲᠡ ᠶᠢ ᠰᠢᠪᠲᠤᠯᠪᠠ᠃ ᠨᠢᠭᠡᠨ ᠵᠢᠵᠢᠭᠬᠡᠨ ᠬᠤᠷᠠᠯ ᠤᠨ ᠭᠡᠷ ᠲᠤ᠂ ᠬᠥᠮᠥᠨ ᠪᠦᠷᠢ ᠨᠢᠭᠡ ᠭᠠᠷ ᠺᠤᠮᠫᠢᠦ᠋ᠲ᠋ᠧᠷ ᠠᠳᠬᠤᠵᠤ᠂ ᠢᠳᠡᠵᠦ ᠤᠤᠭᠤᠬᠤ ᠬᠤᠨᠣᠵᠤ ᠬᠡᠪᠲᠡᠬᠦ ᠪᠠᠨ ᠤᠮᠠᠷᠲᠠᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ ᠢᠷᠡᠵᠡᠢ᠃ ᠲᠡᠳᠡ AI ᠮᠡᠷᠭᠡᠵᠢᠯ ᠢ ᠠᠰᠢᠭᠯᠠᠨ ︽ᠡᠭᠦᠯᠡᠨ ᠡᠭᠦᠳᠦᠯᠲᠡ ᠣᠶᠤᠨᠴᠢ ᠠᠵᠢᠯᠯᠠᠭᠠᠨ ᠤ ᠬᠠᠪᠰᠤᠷᠤᠭᠴᠢ︾ ᠶᠢ ᠰᠤᠳᠤᠯᠤᠨ ᠦᠢᠯᠡᠳᠴᠦ᠂ ᠮᠠᠰᠢᠨ ᠤ ᠥᠷᠥᠭᠡᠨ ᠤ ᠲᠣᠭᠤᠷᠢᠨ ᠪᠠᠶᠢᠴᠠᠭᠠᠬᠤ ᠡᠭᠦᠷᠭᠡ ᠶᠢ ᠲᠦᠷᠭᠡᠨ ᠪᠡᠶᠡᠯᠡᠭᠦᠯᠵᠦ ᠴᠢᠳᠠᠭᠰᠠᠨ ᠢᠶᠠᠷ ᠪᠠᠷᠠᠬᠤ ᠦᠭᠡᠢ ᠨᠠᠷᠢᠨ ᠲᠣᠳᠣᠷᠬᠠᠢ ᠲᠣᠭᠤᠷᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠳᠠᠷᠤᠶᠢᠬᠠᠨ ᠭᠦᠢᠴᠡᠳᠬᠡᠵᠦ ᠴᠢᠳᠠᠳᠠᠭ᠃ ᠡᠨᠡ ᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠨᠢ ᠠᠵᠢᠯᠯᠠᠭᠠᠨ ᠤ ᠦᠷ᠎ᠡ ᠪᠦᠲᠦᠮᠵᠢ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠠᠵᠢᠯ ᠤᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠠᠵᠤ ᠠᠬᠤᠶᠢᠯᠠᠯ ᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠲᠡᠭᠦᠨ ᠤ ᠲᠥᠰᠥᠪᠯᠡᠨ ᠰᠠᠶᠢᠵᠢᠷᠠᠭᠤᠯᠤᠭᠰᠠᠨ ᠡᠭᠦᠯᠡᠨ ᠬᠠᠳᠠᠭᠠᠯᠠᠯᠲᠠ ᠶᠢᠨ ᠠᠷᠭ᠎ᠠ ᠨᠢ ᠺᠤᠮᠫᠠᠨᠢ ᠳᠤ 200 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠠᠷᠪᠢᠯᠠᠵᠤ ᠥᠭᠪᠡ᠃

ᠾᠧᠦ ᠰᠢᠶᠣᠣ ᠳ᠋ᠦᠩ ᠪᠦᠯᠭᠦᠮ ᠢᠶᠠᠨ ᠳᠠᠭᠠᠭᠤᠯᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠥᠷᠢᠰᠦᠯᠳᠦᠭᠡᠨ ᠳᠤ ᠵᠣᠷᠢᠭᠲᠠᠢ ᠪᠠᠷ ᠬᠠᠨᠳᠤᠵᠤ᠂ ︽ᠶᠡᠭᠡ ᠰᠢᠯᠭᠠᠯᠲᠠ︾ ᠶᠢ ᠳᠠᠪᠠᠵᠤ᠂ ᠠᠵᠢᠯ ᠲᠥᠷᠥᠯ ᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠲᠤᠲᠠᠭᠳᠠᠵᠤ ᠪᠣᠯᠣᠰᠢ ᠦᠭᠡᠢ ᠬᠦᠴᠦᠨ ᠴᠢᠳᠠᠯ ᠢᠶᠠᠨ ᠡᠷᠭᠦᠪᠡ᠃ ︽ᠶᠠᠭ ᠡᠨᠡ ᠤᠳᠠᠭ᠎ᠠ ᠶᠢᠨ ︿ᠶᠡᠭᠡ ᠰᠢᠯᠭᠠᠯᠲᠠ﹀ ᠶᠢ ᠥᠩᠭᠡᠷᠡᠭᠡᠭᠡᠳ᠂ ᠮᠠᠨ ᠤ ᠪᠦᠯᠭᠦᠮ ᠦᠳᠲᠡᠷ ᠲᠦᠷᠭᠡᠨ ᠦᠰᠦᠨ ᠪᠣᠶᠢᠵᠢᠵᠤ᠂ ᠬᠤᠶᠢᠰᠢᠳᠠ ᠶᠢᠨ ᠠᠵᠢᠯ ᠳᠤ ᠪᠠᠨ ᠯᠠᠪᠳᠠᠭᠤᠨ ᠪᠠᠲᠤᠲᠠᠢ ᠰᠠᠭᠤᠷᠢ ᠶᠢ ᠲᠠᠯᠪᠢᠵᠤ ᠥᠭᠴᠡᠢ︾ ᠭᠡᠵᠦ ᠾᠧᠦ ᠰᠢᠶᠣᠣ ᠳ᠋ᠦᠩ ᠬᠡᠯᠡᠨ᠎ᠡ᠃

ᠨᠢᠳᠦ ᠢᠷᠮᠡᠬᠦ ᠶᠢᠨ ᠵᠠᠭᠤᠷ᠎ᠠ 2021 ᠣᠨ ᠪᠣᠯᠣᠯ᠎ᠠ᠃ ᠺᠤᠮᠫᠠᠨᠢ ᠶᠢᠨ IT ᠰᠢᠰᠲ᠋ᠧᠮ ᠢ ᠪᠦᠭᠦ ᠲᠠᠯ᠎ᠠ ᠪᠠᠷ ᠡᠭᠦᠯᠡᠨ ᠳᠤ ᠭᠠᠷᠭᠠᠬᠤ ᠬᠠᠲᠠᠭᠤ ᠡᠭᠦᠷᠭᠡ ᠾᠧᠦ ᠰᠢᠶᠣᠣ ᠳ᠋ᠦᠩ ᠤᠨ ᠮᠥᠷᠥᠨ ᠳᠡᠭᠡᠷ᠎ᠡ ᠲᠠᠯᠪᠢᠭᠳᠠᠪᠠ᠃ ᠾᠧᠦ ᠰᠢᠶᠣᠣ ᠳ᠋ᠦᠩ ᠤᠨ ᠪᠦᠯᠭᠦᠮ ᠤᠨ ᠬᠢᠨ ᠡᠳᠦᠷ ᠰᠥᠨᠢ ᠦᠭᠡᠢ ᠴᠢᠷᠮᠠᠶᠢᠨ 2000 ᠭᠠᠷᠤᠢ PC ᠦᠢᠯᠡᠴᠢᠯᠡᠭᠦᠷ ᠤᠨ ᠪᠦᠯᠦᠭᠵᠢᠯ ᠢᠶᠠᠷ ᠪᠦᠷᠢᠯᠳᠦᠭᠰᠡᠨ ᠶᠡᠭᠡ ᠬᠡᠪᠴᠢᠶᠡᠨ ᠤ ᠡᠭᠦᠯᠡᠨ ᠪᠣᠳᠣᠯᠲᠠ ᠶᠢᠨ ᠰᠠᠭᠤᠷᠢ ᠲᠠᠪᠴᠠᠩ ᠢ ᠠᠮᠵᠢᠯᠲᠠ ᠲᠠᠢ ᠪᠠᠶᠢᠭᠤᠯᠤᠭᠰᠠᠨ ᠪᠥᠭᠡᠳ ᠡᠭᠦᠯᠡᠨ ᠳᠤ ᠭᠠᠷᠭᠠᠬᠤ ᠠᠵᠢᠯ ᠢ ᠬᠠᠭᠠᠰ ᠵᠢᠯ ᠤᠷᠢᠳᠴᠢᠯᠠᠨ ᠪᠡᠶᠡᠯᠡᠭᠦᠯᠪᠡ᠃ ᠲᠣᠰ ᠵᠢᠯ ᠳᠤ᠂ ᠺᠤᠮᠫᠠᠨᠢ ᠨᠢ ᠪᠦᠭᠦ ᠤᠯᠤᠰ ᠤᠨ ︽ᠡᠭᠦᠯᠡᠨ ᠳᠤ ᠭᠠᠷᠭᠠᠬᠤ ᠲᠡᠷᠢᠭᠦᠨ ᠤ ᠨᠢᠭᠡᠴᠢ︾ ᠪᠠ ︽ᠡᠭᠦᠯᠡᠨ ᠳᠤ ᠭᠠᠷᠭᠠᠬᠤ ᠪᠣᠭᠤᠮᠲᠠ ᠰᠢᠪᠲᠤᠯᠬᠤ ᠨᠢᠭᠡᠴᠢ︾ ᠶᠢᠨ ᠢᠷᠠᠭᠤ ᠠᠯᠳᠠᠷ ᠢ ᠭᠦᠷᠳᠡᠪᠡ᠃

ᠡᠭᠦᠯᠡᠨ ᠪᠣᠳᠣᠯᠲᠠ᠂ ᠣᠶᠤᠨᠴᠢ ᠪᠣᠳᠣᠯᠲᠠ ᠶᠢᠨ ᠴᠢᠳᠠᠪᠤᠷᠢ ᠪᠣᠯ ᠲᠣᠭᠠᠴᠢᠯᠠᠭᠰᠠᠨ ᠳᠤᠮᠳᠠᠳᠤ ᠤᠯᠤᠰ᠂ ᠲᠣᠭᠠᠴᠢᠯᠠᠭᠰᠠᠨ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠬᠤ ᠡᠵᠡᠩᠨᠡᠯᠲᠡ ᠶᠢᠨ ᠭᠡᠯᠪᠡᠷᠢ ᠶᠢᠨ ᠰᠠᠭᠤᠷᠢ ᠮᠥᠨ᠂ ᠪᠠᠰᠠ ᠴᠤ ᠠᠵᠤ ᠠᠬᠤᠶᠢᠯᠠᠯ ᠤᠨ ᠭᠤᠣᠯ ᠰᠠᠭᠤᠷᠢ ᠮᠥᠨ᠃ ᠾᠧᠦ ᠰᠢᠶᠣᠣ ᠳ᠋ᠦᠩ ᠮᠡᠳᠡᠭᠡ ᠵᠠᠩᠭᠢ ᠶᠢᠨ ᠬᠤᠪᠢᠰᠬᠠᠯ ᠤᠨ ᠤᠷᠤᠰᠬᠠᠯ ᠤᠨ ᠳᠤᠮᠳᠠ ᠦᠷᠭᠦᠯᠵᠢᠯᠡᠨ ᠳᠠᠪᠠᠯᠭᠠᠨ ᠢ ᠵᠦᠰᠦᠨ ᠤᠷᠤᠭᠰᠢᠯᠠᠪᠠ᠃

2022 ᠣᠨ ᠳᠤ᠂ ᠾᠧᠦ ᠰᠢᠶᠣᠣ ᠳ᠋ᠦᠩ ᠲᠦᠷᠦᠭᠦᠯᠡᠨ ᠨᠢᠭᠡ ᠴᠣᠭᠴᠠᠵᠢᠭᠤᠯᠤᠭᠰᠠᠨ ᠠᠵᠢᠯᠯᠠᠭᠤᠯᠵᠤ ᠬᠠᠮᠠᠭᠠᠯᠠᠬᠤ ᠲᠠᠪᠴᠠᠩ ᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠵᠦ᠂ ᠲᠠᠪᠤᠨ ᠳᠠᠪᠬᠤᠷ ︽ᠦᠵᠦᠭᠦᠷ ᠠᠴᠠ ᠦᠵᠦᠭᠦᠷ ᠬᠦᠷᠬᠦ︾ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠰᠠᠭᠠᠳ ᠤᠨ ᠦᠨᠳᠦᠰᠦ ᠰᠤᠷᠪᠤᠯᠵᠢ ᠶᠢ ᠦᠳᠲᠡᠷ ᠲᠦᠷᠭᠡᠨ ᠢᠶᠠᠷ ᠪᠠᠶᠢᠷᠢ ᠲᠣᠭᠲᠠᠭᠠᠯᠲᠠ ᠬᠢᠬᠦ ᠶᠢ ᠪᠡᠶᠡᠯᠡᠭᠦᠯᠵᠦ᠂ ᠲᠤᠬᠠᠶᠢᠯᠠᠭᠰᠠᠨ ᠠᠵᠢᠯ ᠲᠠᠰᠤᠯᠳᠠᠬᠤ ᠠᠶᠤᠯ ᠲᠦᠭᠰᠢᠭᠦᠷᠢ ᠶᠢ ᠪᠠᠭᠠᠰᠬᠠᠵᠤ᠂ ᠰᠢᠰᠲ᠋ᠧᠮ ᠤᠨ ᠠᠵᠢᠯᠯᠠᠭᠠᠨ ᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ︔ 2023 ᠣᠨ ᠳᠤ᠂ ᠤᠯᠤᠰ ᠤᠨ ᠭᠠᠳᠠᠭᠠᠳᠤ ᠶᠢᠨ ᠳ᠋ᠠᠶᠢᠲ᠋ᠠ ᠬᠥᠮᠥᠷᠭᠡ ᠳᠤ ᠲᠦᠰᠢᠭᠯᠡᠬᠦ ᠠᠴᠠ ᠮᠤᠯᠲᠤᠷᠠᠬᠤ ᠶᠢᠨ ᠲᠥᠯᠥᠭᠡ᠂ ᠲᠡᠷᠡ ᠪᠡᠶ᠎ᠡ ᠪᠠᠨ ᠳᠠᠭᠠᠭᠠᠵᠤ ᠳ᠋ᠠᠶᠢᠲ᠋ᠠ ᠬᠥᠮᠥᠷᠭᠡ ᠶᠢ ᠰᠤᠳᠤᠯᠤᠨ ᠨᠡᠭᠡᠭᠡᠬᠦ ᠲᠠᠯ᠎ᠠ ᠪᠠᠷ ᠲᠤᠷᠰᠢᠯᠲᠠ ᠬᠢᠵᠦ᠂ 9 ᠰᠠᠷ᠎ᠠ ᠭᠠᠷᠤᠢ ᠶᠢᠨ ᠴᠢᠷᠮᠠᠶᠢᠯᠭ᠎ᠠ ᠪᠠᠷ ᠳᠡᠮᠵᠢᠨ ᠮᠤᠵᠢ ᠶᠢᠨ ᠺᠤᠮᠫᠠᠨᠢ ᠶᠢᠨ ᠴᠤᠭᠯᠠᠷᠠᠯ ᠬᠥᠮᠥᠷᠭᠡ ᠶᠢᠨ ︽0︾ ᠢ ᠦᠭᠡᠢ ᠪᠤᠯᠭᠠᠬᠤ ᠬᠦᠴᠢᠷ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠭᠰᠡᠨ ᠪᠥᠭᠡᠳ ᠪᠠᠰᠠ ᠪᠤᠰᠤᠳ ᠮᠤᠵᠢ ᠣᠷᠣᠨ ᠤ ᠠᠳᠠᠯᠢᠬᠠᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠡᠷᠬᠢᠮ ᠨᠠᠨᠳᠢᠨ ᠲᠤᠷᠰᠢᠯᠭ᠎ᠠ ᠬᠠᠩᠭᠠᠭᠰᠠᠨ ᠪᠠᠶᠢᠨ᠎ᠠ᠃

2024 ᠣᠨ ᠳᠤ᠂ ᠳᠤᠮᠳᠠᠳᠤ ᠤᠯᠤᠰ ᠤᠨ ᠴᠠᠭᠢᠯᠭᠠᠨ ᠬᠤᠯᠪᠣᠭᠠᠨ ᠤ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠤᠮᠫᠠᠨᠢ ᠶᠢᠨ ᠲᠣᠮᠣ ᠳ᠋ᠠᠶᠢᠲ᠋ᠠ ᠪᠠ AI ᠲᠥᠪ ᠨᠢ ᠡᠭᠦᠯᠡᠨ ᠡᠭᠦᠳᠦᠯᠲᠡ ᠶᠢᠨ ᠠᠵᠢᠯᠯᠠᠬᠤ ᠦᠷᠦᠭᠡ ᠶᠢ ᠪᠠᠶᠢᠭᠤᠯᠵᠤ᠂ ᠾᠧᠦ ᠰᠢᠶᠣᠣ ᠳ᠋ᠦᠩ ᠰᠠᠨᠠᠭᠠᠴᠢᠯᠠᠭ᠎ᠠ ᠠᠴᠠ ᠪᠠᠨ ᠠᠵᠢᠯᠯᠠᠬᠤ ᠦᠷᠦᠭᠡ ᠶᠢᠨ ᠬᠠᠷᠢᠭᠤᠴᠠᠯᠭᠠᠲᠠᠨ ᠪᠤᠯᠬᠤ ᠪᠠᠷ ᠭᠤᠶᠤᠴᠢᠯᠠᠪᠠ᠃

ᠠᠵᠢᠯᠯᠠᠬᠤ ᠦᠷᠦᠭᠡ ᠪᠠᠶᠢᠭᠤᠯᠤᠭᠳᠠᠭᠰᠠᠨ ᠠᠴᠠ ᠨᠠᠭᠠᠰᠢ᠂ ᠾᠧᠦ ᠰᠢᠶᠣᠣ ᠳ᠋ᠦᠩ ᠪᠦᠯᠭᠦᠮ ᠢᠶᠠᠨ ᠳᠠᠭᠠᠭᠤᠯᠤᠨ ᠠᠯᠢ ᠣᠯᠠᠨ ᠰᠢᠨ᠎ᠡ ᠶᠢ ᠡᠭᠦᠳᠬᠦ ᠴᠢᠨᠠᠷᠲᠠᠢ ᠠᠵᠢᠯ ᠢ ᠬᠢᠪᠡ᠃ ᠮᠤᠵᠢ ᠶᠢᠨ ᠬᠡᠪᠴᠢᠶᠡᠨ ᠤ ᠡᠭᠦᠯᠡᠨ ᠲᠠᠲᠠᠭᠠᠯ ᠤᠨ ᠳᠣᠲᠣᠷᠠᠬᠢ 8082 IT ᠡᠳ᠋ ᠬᠥᠷᠥᠩᠭᠡ ᠶᠢ ᠨᠢᠭᠡᠳᠦᠯᠲᠡᠢ ᠪᠠᠷᠢᠮᠵᠢᠶᠠᠵᠢᠭᠰᠠᠨ ᠠᠵᠢᠯᠯᠠᠭᠤᠯᠵᠤ ᠬᠠᠮᠠᠭᠠᠯᠠᠬᠤ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠡᠭᠦᠯᠡᠨ ᠲᠠᠲᠠᠭᠠᠯ ᠤᠨ ᠡᠳ᠋ ᠬᠥᠷᠥᠩᠭᠡ ᠶᠢ ᠪᠠᠷᠤᠭ 578 ᠲᠦᠮᠡᠨ ᠲᠥᠭᠦᠷᠢᠭ ᠠᠮᠢᠯᠠᠭᠤᠯᠪᠠ᠃ AI ᠪᠠ ᠳ᠋ᠠᠶᠢᠲ᠋ᠠ ᠶᠢᠨ ᠮᠡᠷᠭᠡᠵᠢᠯ ᠢ ᠭᠦᠨᠵᠡᠭᠡᠢ ᠠᠭᠤᠰᠤᠯᠴᠠᠭᠤᠯᠵᠤ᠂ ᠣᠶᠤᠨᠴᠢᠯᠠᠭᠰᠠᠨ ᠠᠵᠢᠯᠯᠠᠭᠤᠯᠵᠤ ᠬᠠᠮᠠᠭᠠᠯᠠᠬᠤ ᠰᠢᠰᠲ᠋ᠧᠮ ᠢ ᠪᠠᠶᠢᠭᠤᠯᠵᠤ᠂ ᠰᠠᠭᠠᠳ ᠲᠣᠳᠬᠠᠷ ᠢ ᠣᠶᠤᠨᠴᠢ ᠪᠠᠷ ᠬᠢᠨᠠᠨ ᠡᠵᠡᠮᠳᠡᠬᠦ᠂ ᠰᠠᠭᠠᠳ ᠲᠣᠳᠬᠠᠷ ᠢ ᠠᠦ᠋ᠲ᠋ᠣ᠋ ᠪᠠᠷ ᠰᠡᠷᠭᠦᠭᠡᠬᠦ᠂ ᠲᠤᠭ᠎ᠠ ᠪᠠᠷᠢᠮᠲᠠ ᠶᠢ ᠣᠶᠤᠨᠴᠢ ᠪᠠᠷ ᠵᠠᠳᠠᠯᠬᠤ ᠪᠦᠭᠦ ᠶᠠᠪᠤᠴᠠ ᠶᠢ ᠬᠠᠮᠤᠷᠤᠭᠤᠯᠵᠠᠢ᠃

︽ᠴᠢᠮᠡᠭᠡ ᠬᠤᠯᠪᠣᠭᠠᠨ ᠤ ᠠᠵᠢᠯ ᠲᠥᠷᠥᠯ ᠤᠨ ᠮᠡᠷᠭᠡᠵᠢᠯ ᠤᠨ ᠳᠠᠪᠬᠤᠴᠠᠯ ᠬᠤᠷᠳᠤᠴᠠ ᠲᠠᠰᠤᠷᠠᠯᠲᠠ ᠦᠭᠡᠢ ᠲᠦᠷᠭᠡᠳᠴᠦ᠂ ᠡᠳᠦᠷ ᠢᠷᠡᠬᠦᠶ᠎ᠡ ᠰᠢᠨᠡᠳᠦᠨ ᠬᠤᠪᠢᠷᠠᠵᠤ ᠪᠤᠢ᠃ ᠰᠠᠨᠠᠭᠠᠴᠢᠯᠠᠭᠠᠲᠤ ᠡᠷᠬᠡ ᠶᠢ ᠣᠯᠬᠤ ᠳᠤ ᠡᠷᠬᠡᠪᠰᠢ ᠲᠠᠰᠤᠷᠠᠯᠲᠠ ᠦᠭᠡᠢ ᠰᠤᠷᠤᠯᠴᠠᠵᠤ᠂ ᠥᠪᠡᠷ ᠢ ᠪᠠᠨ ᠳᠡᠭᠡᠭᠰᠢᠯᠡᠭᠦᠯᠭᠦ ᠬᠡᠷᠡᠭᠲᠡᠢ︾ ᠭᠡᠵᠦ ᠾᠧᠦ ᠰᠢᠶᠣᠣ ᠳ᠋ᠦᠩ ᠭᠦᠨ ᠲᠥᠷᠥᠭᠳᠡᠯ ᠲᠠᠢ ᠶᠠᠷᠢᠨ᠎ᠠ᠃ ᠲᠡᠭᠦᠨ ᠤ ᠳᠠᠭᠠᠭᠤᠯᠭ᠎ᠠ ᠳᠣᠣᠷ᠎ᠠ᠂ ᠪᠦᠯᠭᠦᠮ ᠤᠨ ᠬᠢᠨ ᠬᠦᠨᠳᠦ ᠡᠭᠦᠷᠭᠡ ᠶᠢ ᠡᠭᠦᠷᠭᠡᠯᠡᠵᠦ᠂ ᠭᠠᠷᠮᠠᠭᠠᠢ ᠪᠣᠳᠠᠲᠤ ᠬᠦᠴᠦᠨ ᠢᠶᠠᠨ ᠢᠯᠡᠷᠡᠭᠦᠯᠵᠦ᠂ ᠤᠳᠠᠭ᠎ᠠ ᠳᠠᠷᠠᠭᠠᠯᠠᠨ ᠰᠢᠯᠢᠳᠡᠭ ᠠᠮᠵᠢᠯᠲᠠ ᠣᠯᠵᠠᠢ᠃ ᠮᠠᠰᠢ ᠣᠯᠠᠨ ᠬᠥᠮᠥᠨ ᠨᠢᠭᠡᠨᠲᠡ ᠳᠡᠭᠡᠳᠦ ᠲᠠᠰ ᠤᠨ ᠬᠠᠮ ᠴᠢᠳᠠᠪᠤᠷᠢᠲᠠᠨ ᠪᠣᠯᠵᠤ᠂ ᠠᠵᠢᠯᠯᠠᠭᠤᠯᠵᠤ ᠬᠠᠮᠠᠭᠠᠯᠠᠬᠤ ᠲᠤᠭ᠎ᠠ ᠪᠠᠷᠢᠮᠲᠠ ᠶᠢ ᠭᠦᠨᠵᠡᠭᠡᠢ ᠵᠠᠳᠠᠯᠬᠤ ᠴᠢᠳᠠᠪᠤᠷᠢ ᠲᠠᠢ ᠪᠣᠯᠵᠤ᠂ ᠪᠠᠶᠢᠩᠭᠤ ᠲᠣᠬᠢᠶᠠᠯᠳᠤᠳᠠᠭ ᠰᠠᠭᠠᠳ ᠲᠣᠳᠬᠠᠷ ᠢ ᠵᠠᠰᠠᠨ ᠰᠡᠷᠭᠦᠭᠡᠬᠦ ᠠᠷᠭ᠎ᠠ ᠪᠣᠳᠣᠯᠭ᠎ᠠ ᠶᠢ ᠨᠠᠷᠢᠨ ᠣᠨᠣᠪᠴᠢᠲᠠᠶ ᠲᠣᠭᠲᠠᠭᠠᠬᠤ ᠶᠢᠨ ᠬᠠᠮᠲᠤ ᠰᠠᠭᠠᠳ ᠲᠣᠳᠬᠠᠷ ᠢ ᠵᠠᠰᠠᠨ ᠰᠡᠷᠭᠦᠭᠡᠬᠦ ᠠᠦ᠋ᠲ᠋ᠣᠴᠢᠯᠠᠭᠰᠠᠨ ᠫᠷᠣᠭ᠍ᠷᠠᠮ ᠢ ᠪᠡᠶ᠎ᠡ ᠪᠠᠨ ᠳᠠᠭᠠᠭᠠᠵᠤ ᠨᠠᠶᠢᠷᠠᠭᠤᠯᠤᠨ ᠪᠢᠴᠢᠵᠦ ᠴᠢᠳᠠᠬᠤ ᠪᠣᠯᠵᠠᠢ᠃ ᠡᠨᠡ ᠬᠦ ᠵᠠᠯᠠᠭᠤ ᠪᠦᠯᠭᠦᠮ ᠤᠨ ᠪᠦᠷᠢᠯᠳᠦᠭᠦᠨ ᠤ ᠳᠤᠮᠳᠠᠴᠢ ᠨᠠᠰᠤ ᠨᠢ ᠰᠠᠶ᠋ᠢ 32 ᠪᠢᠯᠡ᠃

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠮ ᠳᠡᠭᠡᠷ᠎ᠡ ᠾᠧᠦ ᠰᠢᠶᠣᠣ ᠳ᠋ᠦᠩ ᠴᠤᠴᠠᠯᠲᠠ ᠦᠭᠡᠢ ᠤᠷᠤᠭᠰᠢᠯᠠᠨ ᠲᠡᠮᠡᠴᠡᠭᠰᠡᠭᠡᠷ ᠢᠷᠡᠵᠠᠢ᠃ ᠡᠭᠦᠨ ᠤ ᠬᠥᠳᠡᠯᠭᠡᠬᠦ ᠬᠦᠴᠦᠨ ᠨᠢ ᠶᠠᠭᠤ ᠪᠤᠢ ᠭᠡᠵᠦ ᠠᠰᠠᠭᠤᠪᠠᠯ ᠾᠧᠦ ᠰᠢᠶᠣᠣ ᠳ᠋ᠦᠩ᠄ ︽ᠰᠢᠨ᠎ᠡ ᠶᠢ ᠡᠭᠦᠳᠬᠦ ᠵᠣᠷᠢᠭ ᠰᠠᠨᠠᠭ᠎ᠠ ᠨᠢ ᠶᠠᠭ ᠯᠠ ᠬᠡᠷᠡᠯᠳᠦ ᠴᠠᠮᠬᠠᠭ ᠰᠢᠭ᠋ ᠢᠶᠠᠷ ᠪᠢᠳᠡᠨ ᠤ ᠤᠷᠤᠭᠰᠢᠯᠠᠬᠤ ᠵᠠᠮ ᠢ ᠭᠡᠷᠡᠯᠳᠤᠭᠦᠯᠦᠨ᠎ᠡ︾ ᠭᠡᠵᠡᠢ᠃

4 ᠰᠠᠷ᠎ᠠ ᠶᠢᠨ 28 ᠤ ᠦᠳᠡ ᠶᠢᠨ ᠡᠮᠦᠨ᠎ᠡ᠂ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠾᠧᠦ ᠰᠢᠶᠣᠣ ᠳ᠋ᠦᠩ ᠮᠠᠨ ᠤ ᠣᠷᠣᠨ ᠤ 60 ᠬᠥᠬᠢᠭᠦᠯᠦᠨ ᠰᠠᠶᠢᠰᠢᠶᠠᠭᠳᠠᠭᠴᠢ ᠶᠢᠨ ᠨᠢᠭᠡ ᠪᠣᠯᠤᠭᠰᠠᠨ ᠤ ᠬᠤᠪᠢ ᠳᠤ ᠪᠡᠭᠡᠵᠢᠩ ᠳᠤ ᠬᠦᠷᠴᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠪᠠ᠃

︽ᠠᠷᠠᠳ ᠤᠨ ᠶᠡᠭᠡ ᠬᠤᠷᠠᠯ ᠤᠨ ᠲᠠᠩᠬᠢᠮ ᠳᠤ ᠤᠯᠤᠰ ᠤᠨ ᠰᠦᠯᠳᠡ ᠳᠠᠭᠤᠤ ᠶᠢ ᠬᠥᠭᠵᠢᠮᠳᠡᠬᠦ ᠦᠶ᠎ᠡ ᠳᠤ᠂ ᠠᠯᠠᠭ᠎ᠠ ᠲᠡᠰᠢᠯᠲᠡ ᠶᠢᠨ ᠳᠠᠭᠤᠨ ᠨᠢᠵᠢᠭᠢᠨᠡᠬᠦ ᠦᠶ᠎ᠡ ᠳᠤ ᠪᠢ ᠡᠬᠡ ᠤᠯᠤᠰ ᠤᠨ ᠢᠶᠠᠨ ᠬᠦᠴᠦᠷᠬᠡᠭ ᠶᠡᠭᠡ ᠶᠢ ᠰᠡᠳᠬᠢᠯ ᠳᠡᠭᠡᠨ ᠮᠡᠳᠡᠷᠡᠵᠦ᠂ ᠣᠮᠣᠭᠰᠢᠯᠲᠤ ᠰᠡᠳᠬᠢᠯᠭᠡ ᠠᠶᠠᠨᠳᠠᠭᠠᠨ ᠲᠥᠷᠥᠭᠳᠡᠪᠡ︕︾ ᠭᠡᠵᠦ ᠾᠧᠦ ᠰᠢᠶᠣᠣ ᠳ᠋ᠦᠩ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠬᠰᠠᠨ ᠲᠥᠷᠥᠭᠳᠡᠯ ᠢᠶᠠᠨ ᠶᠠᠷᠢᠬᠤ ᠳᠤ᠂ ᠬᠤᠭᠤᠯᠠᠢ ᠴᠡᠴᠡᠷᠬᠢᠯᠡᠨ ᠳᠣᠬᠳᠣᠯᠤᠬᠰᠠᠨ ᠰᠡᠳᠬᠢᠯᠭᠡ ᠪᠠᠨ ᠳᠠᠷᠤᠵᠤ ᠶᠠᠳᠠᠨ ᠪᠠᠶᠢᠯ᠎ᠠ᠃

ᠾᠧᠦ ᠰᠢᠶᠣᠣ ᠳ᠋ᠦᠩ᠄ ︽︿ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ﹀ ᠶᠢᠨ ᠢᠷᠠᠭᠤ ᠠᠯᠳᠠᠷ ᠢ ᠭᠥᠷᠳᠡᠭᠰᠡᠨ ᠨᠢ ᠦᠢᠯᠡᠰ ᠤᠨ ᠲᠡᠭᠦᠰᠬᠡᠯ ᠪᠢᠰᠢ᠃ ᠪᠢ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠪᠦᠯᠭᠦᠮ ᠢᠶᠠᠨ ᠳᠠᠭᠠᠭᠤᠯᠤᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠰᠢᠨ᠎ᠡ ᠡᠭᠦᠳᠦᠯᠲᠡ ᠪᠠᠷ ᠣᠷᠣᠨ ᠨᠤᠲᠤᠭ ᠤᠨ ᠠᠵᠤ ᠠᠬᠤᠢ ᠳᠤ ᠦᠢᠯᠡᠴᠢᠯᠡᠵᠦ ᠲᠣᠭᠠᠴᠢᠯᠠᠭᠰᠠᠨ ᠥᠪᠥᠷ ᠮᠣᠩᠭᠤᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ᠥᠪᠥᠷ ᠮᠣᠩᠭᠤᠯ ᠤᠨ ᠪᠣᠳᠣᠯᠲᠠ ᠶᠢᠨ ᠬᠦᠴᠦᠨ ᠤ ᠡᠬᠢ ᠪᠠᠶᠠᠯᠢᠭ ᠤᠨ ᠬᠥᠷᠥᠰᠥ ᠰᠢᠷᠣᠢ ᠶᠢᠨ ᠳᠠᠪᠠᠭᠤᠯᠢᠭ ᠢ ᠠᠰᠢᠭᠯᠠᠨ᠂ ᠡᠭᠦᠯᠡᠨ ᠪᠣᠳᠣᠯᠲᠠ᠂ AI ᠵᠡᠷᠭᠡ ᠬᠦᠷᠢᠶ᠎ᠡ ᠴᠠᠷᠠᠭ᠎ᠠ ᠶᠢᠨ ᠰᠢᠨ᠎ᠡ ᠶᠢ ᠡᠭᠦᠳᠬᠦ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠠᠵᠤ ᠦᠢᠯᠡᠰ ᠤᠨ ᠲᠣᠭᠠᠴᠢᠯᠠᠯᠲᠠ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠴᠢᠳᠠᠪᠤᠷᠢ ᠣᠯᠭᠤᠨ᠎ᠠ︾ ᠭᠡᠵᠡᠢ᠃


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ