ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 10 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠬᠠᠨ ᠮᠦᠸᠧ ᠵᠧᠩ ᠺᠠᠢ ᠵᠢᠶᠦ᠋ᠨ︶ ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 10 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠤᠯᠴᠠᠬᠤ ᠠᠵᠢᠯᠯᠠᠭ᠎ᠠ ᠪᠠᠨ ᠲᠡᠭᠦᠰ ᠠᠮᠵᠢᠯᠲᠠᠲᠠᠢ ᠲᠡᠭᠦᠰᠬᠡᠭᠡᠳ ᠪᠡᠭᠡᠵᠢᠩ ᠵᠦᠭ ᠪᠤᠴᠠᠪᠠ᠃
ᠮᠣᠰᠺᠸᠠ ᠠᠴᠠ ᠰᠠᠯᠬᠤ ᠦᠶ᠎ᠡ ᠳᠤ ᠣᠷᠣᠰ ᠤᠨ ᠳᠡᠳ᠋ ᠶᠡᠷᠦᠩᠬᠡᠢ ᠰᠠᠶᠢᠳ ᠴᠧᠷᠨᠧᠱᠧᠨᠺᠧ ᠵᠡᠷᠭᠡ ᠵᠠᠰᠠᠭ ᠤᠨ ᠣᠷᠳᠣᠨ ᠤ ᠳᠡᠭᠡᠳᠦ ᠲᠤᠰᠢᠶᠠᠯᠲᠠᠳ ᠨᠢᠰᠬᠡᠯ ᠤᠨ ᠪᠠᠭᠤᠳᠠᠯ ᠳᠤ ᠬᠦᠷᠴᠦ ᠦᠳᠡᠨ ᠮᠣᠷᠳᠠᠭᠤᠯᠵᠠᠢ᠃
ᠤᠷᠤᠰ ᠤᠨ ᠬᠢᠨ ᠨᠢᠰᠬᠡᠯ ᠤᠨ ᠪᠠᠭᠤᠳᠠᠯ ᠳᠤ ᠰᠢ ᠶᠢᠨ ᠫᠢᠩ ᠢ ᠦᠳᠡᠬᠦ ᠶᠣᠰᠣᠯᠠᠯ ᠶᠠᠪᠤᠭᠤᠯᠪᠠ᠃ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠰᠢ ᠶᠢᠨ ᠫᠢᠩ ᠶᠣᠰᠣᠯᠠᠯ ᠤᠨ ᠠᠩᠭᠢ ᠶᠢ ᠰᠢᠯᠭᠠᠨ ᠦᠵᠡᠪᠡ᠃
ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠨᠢᠰᠦᠭᠰᠡᠨ ᠤ ᠳᠠᠷᠠᠭ᠎ᠠ᠂ ᠤᠷᠤᠰ ᠤᠨ ᠠᠭᠠᠷ ᠤᠨ ᠴᠡᠷᠢᠭ ᠤᠨ ᠪᠠᠶᠢᠯᠳᠤᠭᠠᠨ ᠤ ᠨᠢᠰᠬᠡᠯ ᠠᠭᠠᠷ ᠤᠨ ᠠᠶᠠᠯᠠᠯ ᠢ ᠬᠠᠮᠠᠭᠠᠯᠠᠪᠠ᠃
ᠨᠢᠰᠬᠡᠯ ᠤᠨ ᠪᠠᠭᠤᠳᠠᠯ ᠳᠤ ᠬᠦᠷᠬᠦ ᠵᠠᠮ ᠳᠤ᠂ ᠲᠤᠬᠠᠢ ᠶᠢᠨ ᠭᠠᠵᠠᠷ ᠤᠨ ᠠᠷᠠᠳ ᠤᠯᠠᠨ ᠵᠢᠴᠢ ᠳᠤᠮᠳᠠᠳᠤ ᠶᠢᠨ ᠪᠡᠯᠡᠳᠤ ᠠᠵᠤ ᠠᠬᠤᠶᠢᠯᠠᠯ ᠪᠣᠯᠣᠨ ᠭᠠᠳᠠᠭᠠᠳᠤ ᠳᠤ ᠰᠤᠷᠤᠯᠴᠠᠵᠥ ᠪᠠᠶᠢᠭ᠎ᠠ ᠰᠤᠷᠤᠬᠴᠢᠳ ᠤᠨ ᠲᠥᠯᠥᠭᠡᠯᠡᠭᠴᠢ ᠵᠠᠮ ᠤᠨ ᠬᠤᠶᠠᠷ ᠬᠠᠵᠠᠭᠤ ᠪᠠᠷ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ ᠲᠤᠭ ᠢ ᠬᠤᠷᠤᠶᠢᠯᠠᠵᠤ᠂ ᠰᠢ ᠶᠢᠨ ᠫᠢᠩ ᠤᠨ ᠤᠷᠤᠰ ᠲᠠᠬᠢ ᠠᠶᠢᠯᠴᠢᠯᠠᠯᠲᠠ ᠲᠡᠭᠦᠰ ᠠᠮᠵᠢᠯᠲᠠ ᠣᠯᠣᠭᠰᠠᠨ ᠳᠤ ᠬᠠᠯᠠᠭᠤᠨ ᠪᠠᠶᠠᠷ ᠬᠦᠷᠭᠡᠵᠡᠢ᠃