|
ᠴᠢᠩ ᠦᠨᠡᠨ ᠰᠡᠳᠬᠢᠯ ᠬᠤᠪᠢᠷᠠᠰᠢ ᠦᠭᠡᠢ︕ ᠲᠡᠷᠢᠭᠦᠯᠡᠭᠴᠢ ᠰᠢ ᠶᠢᠨ ᠫᠢᠩ ᠤᠨ ᠠᠬᠠᠮᠠᠳ ᠪᠠᠶᠢᠯᠳᠤᠭᠴᠢᠳ ᠲᠤ ᠬᠦᠨᠳᠦᠳᠬᠡᠯ ᠳᠡᠪᠰᠢᠭᠦᠯᠦᠭᠰᠡᠨ | ᠰᠡᠳᠬᠢᠯ ᠬᠥᠳᠡᠯᠭᠡᠮ᠎ᠡ ᠬᠤᠷᠣᠮ ᠮᠦᠴᠡ ᠨᠦᠭᠦᠳ |
|
|
ᠨᠡᠶᠢᠲᠡᠯᠡᠭᠰᠡᠨ ᠴᠠᠭ᠄
2025/5/12
|
|
ᠲᠤᠬᠠᠢ ᠶᠢᠨ ᠭᠠᠵᠠᠷ ᠤᠨ ᠴᠠᠭ ᠢᠶᠠᠷ 5 ᠳ᠋ᠤᠭᠠᠷ ᠰᠠᠷ᠎ᠠ ᠶᠢᠨ 9 ᠤ ᠡᠳᠦᠷ ᠂ ᠣᠷᠣᠰ ᠤᠨ ᠬᠢᠨ ᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠳᠠᠶᠢᠨ ᠢᠯᠠᠯᠲᠠ ᠣᠯᠣᠭᠰᠠᠨ 80 ᠵᠢᠯ ᠤᠨ ᠣᠶ ᠶᠢ ᠳᠤᠷᠠᠰᠬᠠᠬᠤ ᠪᠠᠶᠠᠷ ᠤᠨ ᠶᠣᠰᠣᠯᠠᠯ ᠤᠨ ᠭᠤᠣᠯ ᠲᠠᠶᠢᠰᠠᠨ ᠳᠡᠭᠡᠷ᠎ᠡ ᠂ ᠲᠡᠷᠢᠭᠦᠯᠡᠭᠴᠢ ᠰᠢ ᠶᠢᠨ ᠫᠢᠩ ᠳᠡᠷᠭᠡᠳᠡᠬᠢ ᠠᠬᠠᠮᠠᠳ ᠪᠠᠶᠢᠯᠳᠤᠭᠴᠢᠳ ᠲᠠᠢ ᠳᠣᠲᠣᠨᠣᠰᠤᠭ ᠢᠶᠠᠷ ᠶᠠᠷᠢᠯᠴᠠᠵᠤ ᠪᠠᠶᠢᠨ᠎ᠠ ᠃
10 ᠵᠢᠯ ᠤᠨ ᠡᠮᠦᠨ᠎ᠡ᠂ ᠲᠡᠷᠢᠭᠦᠯᠡᠭᠴᠢ ᠰᠢ ᠶᠢᠨ ᠫᠢᠩ ᠮᠣᠰᠺᠸᠠ ᠳᠤ ᠣᠷᠣᠰ ᠤᠨ ᠠᠬᠠᠮᠠᠳ ᠪᠠᠶᠢᠯᠳᠤᠭᠴᠢᠳ ᠤᠨ 18 ᠲᠥᠯᠥᠭᠡᠯᠡᠭᠴᠢ ᠯᠦᠭᠡ ᠲᠤᠰᠬᠠᠶᠢᠯᠠᠨ ᠠᠭᠤᠯᠵᠠᠯᠲᠠ ᠬᠢᠭᠰᠡᠨ ᠪᠢᠯᠡ ᠃ ᠲᠤᠰ ᠵᠢᠯ ᠤᠨ ᠬᠢᠨᠢ 9 ᠳ᠋ᠦ᠋ᠭᠡᠷ ᠰᠠᠷ᠎ᠠ ᠳᠤ ᠂ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ ᠳᠠᠶᠢᠨ ᠢᠯᠠᠯᠲᠠ ᠣᠯᠣᠭᠰᠠᠨ 70 ᠵᠢᠯ ᠤᠨ ᠤᠢ ᠶᠢᠨ ᠳᠤᠷᠠᠰᠬᠠᠯ ᠤᠨ ᠲᠡᠮᠳᠡᠭ ᠣᠯᠭᠤᠬᠤ ᠶᠣᠰᠣᠯᠠᠯ ᠳᠡᠭᠡᠷ᠎ᠡ ᠂ ᠶᠠᠫᠤᠨ ᠢ ᠡᠰᠡᠷᠭᠦᠴᠡᠭᠰᠡᠨ ᠳᠠᠶᠢᠨ ᠳᠤ ᠣᠷᠣᠯᠴᠠᠭᠰᠠᠨ ᠠᠬᠠᠮᠠᠳ ᠪᠠᠶᠢᠯᠳᠤᠭᠴᠢ ᠠᠬᠠᠮᠠᠳ ᠨᠥᠬᠦᠳ᠂ ᠶᠠᠫᠤᠨ ᠢ ᠡᠰᠡᠷᠭᠦᠴᠡᠭᠰᠡᠨ ᠳᠠᠶᠢᠨ ᠤ ᠵᠠᠩᠵᠤᠨ ᠺᠣᠮᠠᠨᠳ᠋ᠯᠠᠭᠴᠢ ᠨᠠᠷ᠂ ᠳᠤᠮᠳᠠᠳᠤ ᠤᠯᠤᠰ ᠤᠨ ᠶᠠᠫᠤᠨ ᠢ ᠡᠰᠡᠷᠭᠦᠴᠡᠭᠰᠡᠨ ᠳᠠᠶᠢᠨ ᠢ ᠬᠠᠪᠰᠤᠷᠤᠨ ᠳᠡᠮᠵᠢᠭᠰᠡᠨ ᠤᠯᠠᠨ ᠤᠯᠤᠰ ᠤᠨ ᠨᠥᠬᠦᠷᠰᠡᠭ ᠬᠥᠮᠥᠰ ᠪᠤᠶᠤ ᠨᠥᠭᠴᠢᠭᠰᠡᠳ ᠤᠨ ᠭᠡᠷ ᠪᠦᠯᠢ ᠶᠢᠨ ᠲᠥᠯᠥᠭᠡᠯᠡᠭᠴᠢᠳ ᠲᠤ ᠳᠤᠷᠠᠰᠬᠠᠯ ᠤᠨ ᠲᠡᠮᠳᠡᠭ ᠭᠠᠷᠳᠠᠭᠤᠯᠪᠠ ᠃ ᠦᠭᠡ ᠶᠠᠷᠢᠶ᠎ᠠ ᠦᠢᠯᠡ ᠠᠵᠢᠯᠯᠠᠭ᠎ᠠ ᠪᠦᠬᠦᠨ ᠳᠤ ᠨᠢ ᠴᠢᠩ ᠦᠨᠡᠨᠴᠢ ᠰᠡᠳᠬᠢᠯ ᠪᠢᠯᠬᠠᠷᠠᠨᠠᠮ ᠂ ᠰᠡᠳᠬᠢᠯ ᠢ ᠬᠥᠳᠡᠯᠭᠡᠮ᠎ᠡ ᠬᠤᠷᠣᠮ ᠮᠦᠴᠡ ᠶᠢ ᠬᠠᠮᠲᠤ ᠪᠠᠷ ᠡᠷᠭᠢᠴᠡᠭᠦᠯᠵᠡᠭᠡᠶᠡ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|