5 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠤᠭᠤᠲᠤ ᠳᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠸᠠᠩ ᠰᠢᠶᠣᠣ ᠫᠢᠩ ᠲᠠᠢ ᠠᠭᠤᠯᠵᠠᠪᠠ᠃


ᠰᠦᠨ ᠱᠤᠤ ᠴᠧᠩ ᠸᠠᠩ ᠰᠢᠶᠣᠣ ᠫᠢᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠠᠵᠢᠯ ᠣᠯᠭᠤᠯᠲᠠ ᠶᠢᠨ ᠪᠠᠶᠢᠳᠠᠯ ᠬᠠᠷᠢᠴᠠᠩᠭᠤᠢ ᠪᠤᠳᠤᠯᠢᠶᠠᠨᠲᠠᠢ ᠪᠠᠶᠢᠨ᠎ᠠ᠂ ᠠᠵᠢᠯ ᠣᠯᠭᠤᠯᠲᠠ ᠶᠢᠨ ᠡᠨᠡ ᠬᠦ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠥᠯᠥᠭᠡ᠂ ᠡᠨᠡ ᠵᠢᠯ ᠪᠢᠳᠡ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠠᠷᠭ᠎ᠠ ᠪᠦᠭᠦᠨ ᠢ ᠰᠦᠪᠡᠭᠴᠢᠯᠡᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠮᠡᠭᠳᠡᠭᠦᠯᠵᠦ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠪᠠ᠃ ᠪᠣᠳᠠᠲᠠᠢ ᠠᠵᠢᠯ ᠤᠨ ᠳᠤᠮᠳᠠ᠂ ᠪᠢᠳᠡ ᠠᠵᠢᠯ ᠣᠯᠭᠤᠬᠤ ᠤᠳᠤᠷᠢᠳᠤᠮᠵᠢ ᠶᠢ ᠴᠢᠩᠭᠠᠳᠬᠠᠬᠤ ᠪᠠᠷ ᠳᠠᠮᠵᠢᠭᠤᠯᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ ᠲᠡᠭᠦᠰᠬᠦ ᠰᠤᠷᠤᠬᠴᠢᠳ ᠤᠨ ᠠᠵᠢᠯ ᠣᠯᠬᠤ ᠠᠷᠭ᠎ᠠ ᠵᠠᠮ ᠢ ᠥᠷᠭᠡᠳᠬᠡᠵᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠪᠠᠷ ᠳᠠᠮᠵᠢᠭᠤᠯᠤᠨ ᠮᠠᠯᠴᠢᠨ ᠲᠠᠷᠢᠶᠠᠴᠢᠳ ᠤᠨ ᠲᠤᠬᠠᠢ ᠶᠢᠨ ᠭᠠᠵᠠᠷ ᠲᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠵᠤ᠂ ᠠᠵᠤ ᠠᠬᠤᠶᠢᠯᠠᠯ ᠤᠨ ᠴᠠᠯᠢᠩ ᠥᠷᠢᠲᠦᠬᠦ ᠠᠰᠠᠭᠤᠳᠠᠯ ᠢ ᠶᠠᠭ ᠬᠦᠴᠦᠲᠡᠢ ᠠᠷᠭ᠎ᠠ ᠬᠡᠮᠵᠢᠶ᠎ᠡ ᠪᠠᠷ ᠴᠡᠭᠴᠡᠯᠡᠨ ᠵᠠᠰᠠᠵᠤ ᠪᠠᠶᠢᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠥᠩᠭᠡᠷᠡᠭᠰᠡᠨ ᠲᠠᠢ ᠪᠠᠨ ᠠᠳᠠᠯᠢ ᠪᠠᠷ ᠥᠪᠥᠷ ᠮᠣᠩᠭᠤᠯ ᠳᠤ ᠵᠢᠯᠣᠭᠤᠳᠤᠯᠭ᠎ᠠ ᠪᠠ ᠳᠡᠮᠵᠢᠯᠭᠡ ᠦᠵᠡᠭᠦᠯᠵᠦ᠂ ᠪᠢᠳᠡᠨ ᠢ ᠬᠠᠪᠰᠤᠷᠤᠨ ᠠᠵᠢᠯ ᠣᠯᠭᠤᠯᠲᠠ ᠶᠢᠨ ᠠᠵᠢᠯ ᠢ ᠰᠠᠶᠢᠲᠤᠷ ᠬᠢᠵᠦ᠂ ᠠᠵᠢᠯ ᠣᠯᠭᠤᠯᠲᠠ ᠶᠢᠨ ᠳᠤᠲᠠᠭᠤᠳᠠᠯ ᠢ ᠨᠥᠬᠦᠪᠦᠷᠢᠯᠡᠬᠦ ᠶᠢ ᠬᠦᠰᠡᠵᠦ ᠪᠠᠶᠢᠨ᠎ᠠ᠃ ᠥᠪᠥᠷ ᠮᠣᠩᠭᠤᠯ ᠳᠤ ᠴᠢᠳᠠᠪᠤᠷᠢᠲᠠᠨ ᠲᠤᠲᠠᠭᠳᠠᠵᠤ ᠪᠤᠶ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠴᠢᠳᠠᠪᠤᠷᠢᠲᠠᠨ ᠲᠠᠲᠠᠬᠤ᠂ ᠬᠥᠮᠥᠵᠢᠭᠦᠯᠬᠦ᠂ ᠦᠯᠡᠳᠡᠭᠡᠬᠦ᠂ ᠬᠡᠷᠡᠭᠯᠡᠬᠦ ᠲᠠᠯ᠎ᠠ ᠪᠠᠷ ᠪᠢᠳᠡᠨ ᠳᠤ ᠣᠯᠠᠨ ᠰᠠᠶᠢᠨ ᠠᠷᠭ᠎ᠠ ᠭᠠᠷᠭᠠᠨ ᠥᠭᠴᠦ᠂ ᠪᠢᠳᠡᠨ ᠢ ᠬᠠᠪᠰᠤᠷᠤᠨ ᠴᠢᠳᠠᠪᠤᠷᠢᠲᠠᠨ ᠤ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ ᠭᠡᠪᠡ᠃
ᠸᠠᠩ ᠰᠢᠶᠣᠣ ᠫᠢᠩ ᠡᠩ ᠲᠡᠷᠢᠭᠦᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠣᠷᠳᠣ ᠬᠤᠭᠤᠴᠠᠭᠠᠨ ᠤ ᠲᠤᠷᠰᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠵᠢᠯ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠲᠠ ᠳᠤᠮᠳᠠ ᠪᠢᠳᠡ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠷᠲᠤ ᠬᠤᠭᠤᠴᠠᠭ᠎ᠠ ᠪᠠᠷ ᠬᠥᠭᠵᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠵᠡᠷᠭᠡ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠠᠯᠢ ᠣᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠢᠯᠡᠳᠲᠡ ᠦᠷ᠎ᠡ ᠪᠦᠲᠦᠮᠵᠢ ᠣᠯᠣᠭᠰᠠᠨ ᠢ ᠪᠡᠶᠡᠴᠢᠯᠡᠨ ᠮᠡᠳᠡᠷᠡᠪᠡ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠤᠯ ᠤᠨ ᠬᠥᠭᠵᠢᠯᠲᠡ ᠶᠢ ᠦᠷᠭᠦᠯᠵᠢᠯᠡᠨ ᠳᠡᠮᠵᠢᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠠᠬᠢᠭᠤᠯᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠬᠤ᠂ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠬᠤ᠂ ᠴᠠᠯᠢᠩ ᠥᠷᠢᠲᠦᠬᠦ ᠶᠢ ᠵᠠᠰᠠᠬᠤ ᠵᠡᠷᠭᠡ ᠲᠠᠯ᠎ᠠ ᠪᠠᠷ ᠡᠷᠴᠢᠮ ᠢᠶᠠᠨ ᠴᠢᠩᠭᠠᠷᠠᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠪᠡ᠃
ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠳ᠋ᠢᠩ ᠰᠢᠤ ᠹᠧᠩ᠂ ᠢᠦᠢ ᠯᠢ ᠰᠢᠨ᠂ ᠴᠢ᠊ ᠪᠠᠲᠤ ᠠᠭᠤᠯᠵᠠᠯᠲᠠ ᠳᠤ ᠣᠷᠣᠯᠴᠠᠵᠠᠢ᠃