5 ᠰᠠᠷ᠎ᠠ ᠶᠢᠨ 12 ᠤᠨ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ︽ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠣᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠯᠢᠭᠡᠷ ᠳᠠᠭᠤᠷᠢᠶᠠᠯ ᠤᠨ ᠦᠢᠯᠡᠳᠦᠯ ᠢ ᠪᠠᠳᠠᠷᠠᠭᠤᠯᠵᠤ᠂ ᠭᠦᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠥᠳᠬᠡᠨ ᠵᠤᠵᠠᠭᠠᠨ ᠠᠭᠤᠷ ᠠᠮᠢᠰᠬᠤᠯ ᠢ ᠪᠤᠶ ᠪᠤᠯᠭᠠᠵᠤ᠂ ᠮᠡᠳᠡᠯᠭᠡ ᠶᠢᠨ ᠭᠡᠯᠪᠡᠷᠢ᠂ ᠤᠷ᠎ᠠ ᠴᠢᠳᠠᠪᠤᠷᠢ ᠶᠢᠨ ᠭᠡᠯᠪᠡᠷᠢ᠂ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠪᠣᠶᠢᠵᠢᠭᠤᠯᠤᠨ ᠴᠣᠭᠴᠠᠯᠠᠵᠤ᠂ ᠬᠥᠭᠵᠢᠯᠲᠡ ᠳᠤ ᠦᠵᠡᠭᠦᠯᠭᠦ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠵᠠᠯᠠᠭᠤᠴᠤᠳ ᠤᠨ ᠠᠵᠢᠯ ᠢ ᠰᠠᠶᠢᠲᠤᠷ ᠬᠢᠵᠦ᠂ ᠠᠵᠢᠯ ᠬᠢᠵᠦ ᠦᠢᠯᠡᠰ ᠪᠣᠰᠬᠠᠬᠤ ᠲᠠᠪᠴᠠᠩ ᠢ ᠰᠠᠶᠢᠲᠤᠷ ᠪᠠᠶᠢᠭᠤᠯᠵᠤ᠂ ᠨᠡᠩ ᠤᠯᠠᠨ ᠵᠠᠯᠠᠭᠤ ᠴᠢᠳᠠᠪᠤᠷᠢᠲᠠᠨ ᠢ ᠮᠠᠨ ᠤ ᠣᠷᠣᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠣᠷᠤᠯᠴᠠᠬᠤ ᠶᠢ ᠲᠠᠲᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠦᠭᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠳᠥᠷᠪᠡᠳᠦᠭᠡᠷ ᠰᠠᠷ᠎ᠠ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠨ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠶᠢ ᠪᠤᠶ ᠪᠤᠯᠭᠠᠵᠤ᠂ ᠠᠵᠤ ᠠᠬᠤᠢ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢ ᠨᠥᠬᠦᠪᠦᠷᠢᠯᠡᠬᠦ᠂ ᠲᠦᠭᠵᠢᠷᠡᠯ ᠢ ᠨᠡᠪᠲᠡᠷᠡᠭᠦᠯᠬᠦ ᠶᠢ ᠪᠠᠷᠢᠮᠲᠠᠯᠠᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠵᠠᠳᠠᠯᠤᠯᠲᠠ ᠶᠢᠨ ᠬᠤᠷᠠᠯ ᠤᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠤᠳᠤᠷᠢᠳᠬᠤ ᠨᠥᠬᠦᠳ ᠤᠨ ᠦᠨᠡᠯᠡᠯᠲᠡ ᠱᠠᠭᠠᠷᠳᠠᠯᠭ᠎ᠠ ᠪᠠᠷ ᠪᠠᠷᠢᠮᠵᠢᠶ᠎ᠠ ᠪᠤᠯᠭᠠᠵᠤ᠂ ︽ᠨᠢᠭᠡ ᠱᠤᠭᠤᠮ︾ ᠤᠨ ᠲᠣᠭᠲᠠᠴᠠ᠂ ᠨᠠᠶᠢᠳᠠᠪᠤᠷᠢᠵᠢᠭᠤᠯᠤᠯᠲᠠ ᠶᠢᠨ ᠳᠤᠮᠳᠠᠬᠢ ᠬᠦᠴᠢᠷ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢ ᠴᠢᠩᠭ᠎ᠠ ᠠᠳᠬᠤᠬᠤ ᠶᠣᠰᠣᠭᠠᠷ ᠠᠵᠢᠯ ᠣᠯᠭᠤᠯᠲᠠ ᠶᠢ ᠠᠬᠢᠭᠤᠯᠬᠤ ᠪᠠ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠤᠶᠠᠯᠳᠤᠭᠤᠯᠤᠨ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠᠷ ᠭᠠᠷᠳᠠᠴᠠ ᠪᠣᠯᠭᠠᠨ ᠠᠵᠤ ᠠᠬᠤᠶᠢᠯᠠᠯ ᠢ ᠬᠠᠪᠰᠤᠷᠤᠨ ᠬᠥᠮᠥᠷᠭᠡ ᠶᠢᠨ ᠬᠠᠳᠠᠭᠠᠯᠠᠯᠲᠠ ᠶᠢ ᠪᠠᠭᠠᠰᠬᠠᠬᠤ᠂ ᠵᠠᠬ᠎ᠠ ᠳᠡᠯᠭᠡᠭᠦᠷ ᠢ ᠥᠷᠭᠡᠳᠬᠡᠬᠦ ᠶᠢ ᠬᠠᠪᠰᠤᠷᠴᠤ᠂ ᠰᠢᠨ᠎ᠡ ᠡᠨᠧᠷᠭᠢ ᠶᠢᠨ ᠲᠣᠮᠣ ᠰᠠᠭᠤᠷᠢᠨ ᠵᠡᠷᠭᠡ ︽ᠲᠣᠮᠣ ᠪᠦᠷᠢᠨ︾ ᠵᠦᠢᠯ ᠢ ᠴᠢᠩᠭ᠎ᠠ ᠠᠩᠬᠠᠷᠴᠤ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠠᠷᠠᠯᠲᠠᠲᠤ ᠡᠭᠦᠷᠭᠡ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠳ᠋ ᠤᠨ ᠵᠠᠰᠠᠭ ᠮᠥᠩᠭᠦᠨ ᠭᠦᠢᠯᠭᠡᠭᠡᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠰᠤᠳᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ ᠤᠶᠠᠯᠳᠤᠭᠤᠯᠵᠤ᠂ ᠤᠯᠤᠰ ᠤᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠪᠦᠭᠦ ᠬᠦᠴᠦᠨ ᠢᠶᠠᠷ ᠢᠶᠠᠨ ᠴᠢᠷᠮᠠᠶᠢᠵᠤ᠂ ᠵᠠᠮ ᠬᠠᠷᠢᠯᠴᠠᠭᠠᠨ ᠤ ᠲᠣᠣᠷ᠂ ᠡᠨᠧᠷᠭᠢ ᠶᠢᠨ ᠲᠣᠣᠷ᠂ ᠤᠰᠤᠨ ᠠᠰᠢᠭᠯᠠᠯᠲᠠ ᠶᠢᠨ ᠲᠣᠣᠷ᠂ ᠮᠡᠳᠡᠭᠡ ᠵᠠᠩᠭᠢ ᠶᠢᠨ ᠲᠣᠣᠷ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃
ᠬᠤᠷᠠᠯ ᠠᠴᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠭᠰᠠᠨ ᠪᠠᠶᠢᠳᠠᠯ ᠢ ᠰᠣᠨᠣᠰᠴᠤ᠂ ᠰᠢᠰᠲ᠋ᠧᠮᠵᠢᠭᠦᠯᠦᠨ ᠬᠤᠷᠠᠭᠤᠯᠬᠤ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠲᠦᠭᠵᠢᠮᠡᠯ ᠪᠠᠶᠢᠳᠠᠯ ᠢ ᠡᠪᠳᠡᠵᠦ᠂ ᠮᠡᠳᠡᠭᠡ ᠵᠠᠩᠭᠢᠴᠢᠯᠠᠯᠲᠠ ᠪᠠᠷ ᠨᠡᠩ ᠤᠯᠠᠨ ᠬᠦᠷᠢᠶᠡᠨ ᠤ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ︾ ᠳᠤ ᠡᠨᠧᠷᠭᠢ ᠣᠯᠭᠤᠬᠤ ᠬᠡᠷᠡᠭᠲᠡᠢ ᠭᠡᠵᠦ ᠱᠠᠭᠠᠷᠳᠠᠪᠠ᠃