ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 11 ᠤ ᠴᠠᠭᠢᠯᠭᠠᠨ ᠮᠡᠳᠡᠭᠡ ︽ᠳᠡᠯᠡᠬᠡᠢ ᠶᠢᠷᠲᠢᠨᠴᠦ ᠶᠠᠭ ᠰᠠᠶᠢᠬᠠᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠲᠤᠯᠭᠠᠷᠠᠵᠤ ᠪᠠᠶᠢᠨ᠎ᠠ︾᠃
ᠡᠨᠡ ᠪᠣᠯ ᠲᠡᠷᠢᠭᠦᠯᠡᠭᠴᠢ ᠰᠢ ᠶᠢᠨ ᠫᠢᠩ ᠤᠨ ᠠᠯᠢ ᠡᠷᠲᠡ ᠠᠷᠪᠠ ᠭᠠᠷᠤᠢ ᠵᠢᠯ ᠤᠨ ᠡᠮᠦᠨ᠎ᠡ ᠲᠥᠰᠥᠭᠡᠯᠡᠭᠰᠡᠨ ᠭᠦᠨᠵᠡᠭᠡᠢ ᠮᠠᠭᠠᠳᠯᠠᠯᠲᠠ ᠪᠣᠯᠣᠨ᠎ᠠ᠃ ᠨᠠᠷᠠᠠ ᠮᠠᠨᠳᠤᠵᠤ ᠰᠠᠷᠨᠨ ᠰᠢᠩᠭᠡᠵᠦ᠂ ᠬᠠᠪᠤᠷ ᠨᠠᠮᠤᠷ ᠡᠭᠡᠯᠵᠢᠯᠡᠭᠰᠡᠭᠡᠷ᠃ ᠡᠨᠡ ᠦᠭᠡ ᠨᠢ ᠠᠯᠢ ᠤᠯᠠᠨ ᠲᠣᠮᠣ ᠤᠴᠢᠷ ᠶᠠᠪᠤᠳᠠᠯ ᠤᠳ ᠢᠶᠠᠷ ᠣᠯᠠᠨᠲᠠ ᠭᠡᠷᠡᠴᠢᠯᠡᠭᠳᠡᠭᠰᠡᠭᠡᠷ᠃
ᠬᠥᠮᠥᠨ ᠲᠥᠷᠥᠯᠬᠢᠲᠡᠨ ᠲᠡᠦᠬᠡ ᠶᠢᠨ ᠲᠣᠨᠣᠯᠵᠢᠨ ᠵᠠᠮ ᠳᠤ ᠵᠣᠭᠰᠣᠪᠠ᠃ ᠪᠦᠯᠬᠦᠮᠳᠡᠬᠦ ᠦᠦ ᠡᠰᠡᠬᠦᠯ᠎ᠡ ᠬᠠᠭᠠᠴᠠᠬᠤ ᠦᠦ᠂ ᠶᠠᠷᠢᠯᠴᠠᠭ᠎ᠠ ᠬᠢᠬᠦ ᠦᠦ ᠡᠰᠡᠬᠦᠯ᠎ᠡ ᠡᠰᠡᠷᠭᠦᠴᠡᠯᠳᠦᠬᠦ ᠦᠦ᠂ ᠬᠠᠮᠲᠤ ᠪᠠᠷ ᠠᠰᠢᠭ ᠭᠦᠷᠳᠡᠭᠦ ᠦᠦ ᠡᠰᠡᠬᠦᠯ᠎ᠡ ᠦᠯᠦ ᠡᠪᠰᠡᠨ ᠬᠠᠷᠢᠯᠴᠠᠨ ᠦᠵᠡᠯᠴᠡᠬᠦ ᠦᠦ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠶᠠᠭ ᠲᠦᠷᠭᠡᠰᠦᠨ ᠤᠯᠠᠷᠢᠵᠤ᠂ ᠬᠥᠮᠥᠨ ᠲᠥᠷᠥᠯᠬᠢᠲᠡᠨ ᠤ ᠬᠤᠪᠢ ᠵᠠᠶᠠᠭ᠎ᠠ ᠳᠤ ᠬᠤᠯᠪᠣᠭᠳᠠᠬᠤ ︽ᠴᠠᠭ ᠦᠶ᠎ᠡ ᠶᠢᠨ ᠠᠰᠠᠭᠤᠯᠲᠠ︾ ᠶᠢᠨ ᠬᠠᠷᠢᠭᠤᠯᠲᠠ ᠶᠢ ᠡᠨᠡ ᠤᠳᠠᠭ᠎ᠠ ᠶᠢᠨ ᠤᠷᠤᠰ ᠲᠠᠬᠢ ᠠᠶᠢᠯᠴᠢᠯᠠᠯᠲᠠ ᠠᠴᠠ ᠣᠯᠵᠤ ᠬᠠᠷᠠᠵᠤ ᠪᠣᠯᠣᠨ᠎ᠠ᠃
5 ᠰᠠᠷ᠎ᠠ ᠶᠢᠨ 7 ᠠᠴᠠ 10 ᠤ ᠡᠳᠦᠷ ᠪᠤᠯᠲᠠᠯ᠎ᠠ᠂ ᠲᠡᠷᠢᠭᠦᠯᠡᠭᠴᠢ ᠰᠢ ᠶᠢᠨ ᠫᠢᠩ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠣᠯᠴᠠᠪᠠ᠃
ᠴᠠᠭ ᠤᠨ ᠵᠡᠭᠦᠦ ᠠᠷᠪᠠᠨ ᠵᠢᠯ ᠤᠨ ᠡᠮᠦᠨᠡᠬᠢ 70 ᠵᠢᠯ ᠤᠨ ᠣᠶ ᠶᠢᠨ ᠪᠠᠶᠠᠷ ᠤᠨ ᠶᠣᠰᠣᠯᠠᠯ ᠳᠤ ᠣᠷᠤᠯᠴᠠᠬᠤ ᠦᠶ᠎ᠡ ᠳᠤ ᠪᠤᠴᠠᠵᠤ ᠢᠷᠡᠭᠰᠡᠨ ᠰᠢᠭ ᠪᠣᠯᠪᠠ᠃ ᠤᠷᠳᠤ ᠤᠳᠠᠭᠠᠨ ᠴᠠᠭ ᠮᠥᠴᠡ ᠶᠢ ᠡᠯᠡᠭᠡᠭᠰᠡᠨ ᠪᠥᠭᠡᠳ ᠢᠷᠠᠭᠤ ᠠᠯᠳᠠᠷ ᠪᠢᠯᠬᠠᠭᠰᠠᠨ ᠮᠣᠰᠺᠸᠠ ᠶᠢᠨ ᠤᠯᠠᠭᠠᠨ ᠲᠠᠯᠠᠪᠠᠶ ᠳᠤ 10 ᠵᠢᠯ ᠤᠨ ᠡᠮᠦᠨᠡᠬᠢ ᠲᠠᠢ ᠠᠳᠠᠯᠢᠬᠠᠨ ᠬᠠᠩᠭᠢᠨᠠᠭᠰᠠᠨ ᠲᠠᠭᠤᠨ ᠣᠭᠲᠠᠷᠭᠤᠢ ᠶᠢ ᠳᠣᠩᠰᠣᠯᠭᠠᠵᠤ᠂ ᠢᠳᠡᠷᠡᠭᠦᠨ ᠠᠯᠬᠤᠭ᠎ᠠ ᠮᠥᠨ ᠬᠦ ᠠᠳᠠᠯᠢᠬᠠᠨ ᠢᠳᠡ ᠬᠦᠴᠦᠲᠡᠢ ᠪᠠᠶᠢᠯ᠎ᠠ᠃
ᠴᠠᠭ ᠤᠨ ᠬᠦᠷᠳᠦ ᠡᠷᠭᠢᠯᠳᠦᠭᠰᠡᠭᠡᠷ᠃ ᠡᠳᠦᠷ ᠪᠦᠷᠢ ᠲᠦᠮᠡᠨ ᠪᠣᠳᠠᠰ ᠬᠤᠪᠢᠷᠠᠵᠤ ᠪᠠᠶᠢᠪᠠᠴᠤ᠂ ᠨᠢᠭᠡᠨ ᠬᠦᠴᠦᠨ ᠬᠠᠳᠠ ᠴᠢᠯᠠᠭᠤ ᠮᠡᠲᠦ ᠪᠠᠲᠤ ᠴᠢᠩᠭ᠎ᠠ ᠪᠠᠶᠢᠵᠤ᠂ ᠨᠢᠭᠡᠨ ᠵᠣᠷᠢᠭ ᠰᠠᠨᠠᠭ᠎ᠠ ᠴᠠᠭ ᠦᠶ᠎ᠡ ᠶᠢ ᠬᠥᠲᠥᠯᠥᠨ ᠳᠠᠭᠠᠭᠤᠯᠵᠤ ᠰᠦᠷ ᠳᠠᠯᠠᠶᠢᠴᠠᠲᠠᠢ ᠤᠷᠤᠭᠰᠢᠯᠠᠨ᠎ᠠ᠃
ᠲᠡᠷᠡ ᠪᠣᠯ ︽ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ︾ ᠠᠮᠠᠯᠠᠯᠲᠠ᠂ ︽ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ︾ ᠬᠠᠳᠠᠨ ᠵᠣᠷᠢᠭ ᠮᠥᠨ᠃ ᠤᠷᠪᠠᠭᠠᠨ ᠬᠥᠷᠪᠡᠭᠡᠨ ᠲᠠᠢ ᠪᠠᠶᠢᠭᠰᠠᠨ ᠴᠤ ᠡᠩᠬᠡ ᠲᠠᠶᠢᠪᠤᠩ ᠢ ᠬᠠᠮᠠᠭᠠᠯᠠᠬᠤ ᠵᠣᠷᠢᠭ ᠦᠯᠦ ᠰᠤᠯᠠᠷᠠᠨ᠎ᠠ︔ ᠲᠤᠬᠰᠢᠨ ᠳᠠᠪᠠᠯᠭᠠᠨ ᠳᠠᠪᠠᠯᠭᠠᠯᠠᠵᠤ ᠪᠠᠶᠢᠭᠰᠠᠨ ᠴᠤ ᠬᠠᠮᠲᠤᠷᠠᠯᠴᠠᠬᠤ ᠳᠠᠷᠪᠠᠭᠤᠯ ᠥᠨᠳᠥᠷ ᠲᠤ ᠮᠠᠨᠳᠤᠭᠰᠠᠭᠠᠷ᠃
ᠲᠤᠬᠠᠢ ᠶᠢᠨ ᠭᠠᠵᠠᠷ ᠤᠨ ᠴᠠᠭ ᠢᠶᠠᠷ 7 ᠤ ᠣᠷᠣᠢ᠂ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠬᠦᠷᠴᠦ ᠣᠴᠢᠪᠠ᠃ ᠨᠢᠰᠬᠡᠯ ᠤᠨ ᠪᠠᠭᠤᠳᠠᠯ ᠳᠤ ᠤᠭᠲᠤᠬᠤ ᠪᠠᠷ ᠢᠷᠡᠭᠰᠡᠨ ᠤᠷᠤᠰ ᠤᠨ ᠳᠡᠳ᠋ ᠶᠡᠷᠦᠩᠬᠡᠢ ᠰᠠᠶᠢᠳ ᠭᠧᠯᠢᠺᠸᠧᠨ᠄ ︽ᠪᠢᠳᠡ ᠴᠥᠮ ᠮᠠᠰᠢ ᠶᠡᠭᠡ ᠰᠣᠨᠢᠷᠬᠠᠯ ᠲᠠᠢ ᠪᠠᠷ ᠲᠠᠨ ᠤ ︿ᠤᠷᠤᠰ ᠤᠨ ᠰᠣᠨᠢᠨ﹀ ᠳᠡᠭᠡᠷ᠎ᠡ ᠨᠡᠶᠢᠲᠡᠯᠡᠭᠰᠡᠨ ᠨᠡᠷ᠎ᠡ ᠬᠠᠲᠠᠭᠰᠠᠨ ᠵᠣᠬᠢᠶᠠᠯ ᠢ ᠨᠠᠷᠢᠨ ᠬᠢᠨᠠᠮᠠᠭᠠᠢ ᠤᠩᠰᠢᠵᠤ᠂ ᠮᠠᠰᠢ ᠶᠡᠭᠡ ᠤᠷᠮᠠᠰᠢᠨ ᠵᠣᠷᠢᠭᠵᠢᠵᠤ᠂ ᠮᠠᠰᠢ ᠶᠡᠭᠡ ᠰᠡᠳᠬᠢᠯ ᠳᠣᠭᠳᠣᠯᠪᠠ︾ ᠭᠡᠵᠦ ᠬᠡᠯᠡᠪᠡ᠃
ᠲᠡᠷᠢᠭᠦᠯᠡᠭᠴᠢ ᠰᠢ ᠶᠢᠨ ᠫᠢᠩ ᠵᠣᠬᠢᠶᠠᠯ ᠳᠠᠭᠠᠨ᠄ ︽ᠨᠢᠭᠡᠨ ᠴᠠᠭ ᠤᠨ ᠤᠴᠢᠷ ᠶᠠᠪᠤᠳᠠᠯ ᠳᠤ ᠲᠥᠭᠡᠷᠢᠭᠳᠡᠬᠦ ᠦᠭᠡᠢ᠂ ᠰᠢᠷᠦᠭᠦᠨ ᠰᠠᠯᠬᠢ ᠳᠤᠬᠰᠢᠨ ᠳᠠᠪᠠᠯᠭᠠᠨ ᠳᠤ ᠨᠥᠯᠥᠭᠡᠯᠡᠭᠳᠡᠬᠦ ᠦᠭᠡᠢ ᠪᠠᠶᠢᠵᠤ᠂ ᠳᠤᠮᠳᠠᠳᠤ ᠤᠷᠤᠰ ᠤᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠲᠣᠬᠲᠠᠭᠠᠯᠲᠤ ᠴᠢᠨᠠᠷ ᠪᠣᠯᠣᠨ ᠤᠶᠠᠨ ᠬᠠᠳᠠᠨ ᠴᠢᠨᠠᠷ ᠢᠶᠠᠷ ᠳᠡᠯᠡᠬᠡᠢ ᠶᠢᠨ ᠤᠯᠠᠨ ᠲᠤᠶᠢᠯᠵᠢᠯᠳᠠ ᠶᠢᠨ ᠠᠬᠢᠴᠠ ᠶᠢ ᠬᠠᠮᠲᠤ ᠪᠠᠷ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ︾ ᠭᠡᠵᠦ ᠪᠢᠴᠢᠪᠡ᠃
︵ᠨᠢᠭᠡ︶ ᠠᠶᠢᠯᠴᠢᠯᠠᠬᠰᠠᠨ ᠴᠠᠭ᠄
︽ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠬᠠᠷᠢᠯᠴᠠᠭ᠎ᠠ ᠨᠡᠩ ᠢᠲᠡᠭᠡᠯ ᠲᠠᠢ᠂ ᠲᠣᠭᠲᠠᠭᠤᠨ ᠪᠠᠲᠤ ᠪᠠᠬᠢ ᠪᠣᠯᠪᠠ︾
ᠲᠦᠷᠦᠭᠦᠬᠡᠨ ᠤᠯᠠᠨ ᠤᠯᠤᠰ ᠤᠨ ᠶᠠᠷᠢᠶ᠎ᠠ ᠬᠡᠯᠡᠯᠴᠡᠭᠡᠨ ᠳᠤ᠄ ᠲᠣᠮᠣ ᠤᠯᠤᠰ ᠤᠨ ᠬᠠᠷᠢᠯᠴᠠᠭ᠎ᠠ ᠡᠭᠡᠳᠡᠷᠡᠭᠡᠨ ᠪᠤᠳᠤᠯᠢᠶᠠᠨᠲᠠᠢ ᠪᠣᠯᠤᠭᠰᠠᠨ ᠪᠠᠶᠢᠳᠠᠯ ᠳᠣᠣᠷ᠎ᠠ ᠪᠡᠭᠡᠵᠢᠩ — ᠮᠣᠰᠺᠸᠠ ᠬᠠᠮᠢᠭᠠᠰᠢ ᠪᠤᠯᠬᠤ ᠪᠣᠯ ᠭᠡᠵᠦ ᠲᠠᠭᠠᠮᠠᠭᠯᠠᠵᠤ ᠪᠠᠶᠢᠪᠠ᠃
ᠦᠨᠡᠨ ᠳᠡᠭᠡᠨ ᠲᠡᠷᠢᠭᠦᠯᠡᠭᠴᠢ ᠰᠢ ᠶᠢᠨ ᠫᠢᠩ ᠤᠨ ᠲᠤᠰᠬᠠᠢ ᠨᠢᠰᠬᠡᠯ ᠤᠷᠤᠰ ᠤᠨ ᠨᠤᠲᠤᠭ ᠲᠤ ᠪᠠᠭᠤᠭᠰᠠᠨ ᠦᠶ᠎ᠡ ᠳᠤ ᠨᠢᠭᠡᠨᠲᠡ ᠲᠣᠳᠣᠷᠬᠠᠢ ᠬᠠᠷᠢᠭᠤᠯᠲᠠ ᠶᠢ ᠥᠭᠭᠦᠭᠰᠡᠨ ᠪᠠᠶᠢᠨ᠎ᠠ᠃ ᠨᠡᠷ᠎ᠡ ᠬᠠᠲᠠᠭᠰᠠᠨ ᠵᠣᠬᠢᠶᠠᠯ ᠳᠠᠬᠢ ︽ᠰᠢᠷᠦᠭᠦᠨ ᠰᠠᠯᠬᠢ ᠳᠤᠬᠰᠢᠨ ᠳᠠᠪᠠᠯᠭᠠᠨ ᠳᠤ ᠨᠥᠯᠥᠭᠡᠯᠡᠭᠳᠡᠬᠦ ᠦᠭᠡᠢ︾ ᠭᠡᠰᠡᠨ ᠴᠦ ᠲᠡᠷᠡ᠂ ᠺᠷᠧᠮᠯᠢ ᠣᠷᠳᠣᠨ ᠳᠤ ᠰᠤᠷᠪᠤᠯᠵᠢᠯᠠᠬᠴᠢᠳ ᠲᠠᠢ ᠠᠭᠤᠯᠵᠠᠬᠤ ᠳᠠᠭᠠᠨ ᠴᠢᠬᠤᠯᠠᠴᠢᠯᠠᠭᠰᠠᠨ ︽ᠰᠠᠯᠬᠢ ᠪᠣᠷᠣᠭᠠᠨ ᠢ ᠬᠠᠮᠲᠤ ᠪᠠᠷ ᠥᠩᠭᠡᠷᠡᠭᠦᠯᠵᠦ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠤᠨ᠎ᠠ︾ ᠭᠡᠵᠦ ᠬᠡᠯᠡᠭᠰᠡᠨ ᠴᠦ ᠲᠡᠷᠡ᠂ ᠳᠤᠮᠳᠠᠳᠤ ᠤᠯᠤᠰ ᠴᠢᠭᠯᠡᠯ ᠢᠶᠠᠨ ᠲᠠᠭᠢᠨ ᠳᠠᠪᠲᠠᠨ ᠲᠣᠳᠣᠷᠬᠠᠶᠢᠯᠠᠭᠰᠠᠭᠠᠷ ᠪᠠᠶᠢᠨ᠎ᠠ᠃
ᠶᠡᠷᠦᠩᠬᠡᠶᠢᠯᠡᠭᠴᠢ ᠫᠦᠲ᠋ᠢᠨ ᠴᠤ ᠠᠳᠠᠯᠢᠬᠠᠨ ᠣᠪᠣᠷ ᠢᠶᠠᠷ᠄ ︽ᠬᠤᠶᠠᠷ ᠤᠯᠤᠰ ᠤᠨ ᠨᠥᠬᠦᠷᠯᠡᠯ ᠡᠪᠳᠡᠷᠡᠰᠢ ᠦᠭᠡᠢ ᠪᠠᠲᠤ ᠪᠠᠬᠢ ᠶᠤᠮ︾᠂ ︽ᠣᠷᠣᠰ ᠳᠤᠮᠳᠠᠳᠤ ᠶᠢᠨ ᠬᠠᠷᠢᠯᠴᠠᠭ᠎ᠠ ᠨᠢᠭᠡᠨ ᠴᠠᠭ ᠤᠨ ᠤᠴᠢᠷ ᠶᠠᠪᠤᠳᠠᠯ ᠳᠤ ᠲᠥᠭᠡᠷᠢᠭᠳᠡᠬᠦ ᠦᠭᠡᠢ᠂ ᠶᠠᠮᠠᠷᠪᠠ ᠭᠠᠳᠠᠭᠠᠳᠤ ᠣᠷᠴᠢᠨ ᠤ ᠬᠠᠷᠰᠢᠯᠠᠯ ᠳᠤ ᠴᠤ ᠨᠥᠯᠥᠭᠡᠯᠡᠭᠳᠡᠬᠦ ᠦᠭᠡᠢ ᠶᠤᠮ︾ ᠭᠡᠪᠡ᠃
ᠤᠯᠤᠰ ᠤᠨ ᠲᠡᠷᠢᠭᠦᠨ ᠤ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠨᠢ ᠭᠦᠨ ᠵᠤᠵᠠᠭᠠᠨ ᠭᠠᠳᠠᠭᠠᠳᠤ ᠬᠠᠷᠢᠯᠴᠠᠭᠠᠨ ᠤ ᠲᠡᠦᠬᠡᠨ ᠬᠠᠭᠤᠳᠠᠰᠤᠨ ᠳᠤ ᠪᠠᠶᠢᠵᠤ᠂ ᠬᠠᠮᠤᠭ ᠤᠨ ᠰᠦᠷ ᠬᠦᠴᠦᠨ ᠲᠠᠢ ᠬᠠᠭᠤᠳᠠᠰᠤ ᠪᠣᠯᠣᠨ᠎ᠠ᠃
8 ᠤ ᠥᠷᠯᠥᠭᠡ᠂ ᠲᠡᠷᠢᠭᠦᠯᠡᠭᠴᠢ ᠰᠢ ᠶᠢᠨ ᠫᠢᠩ ᠤᠨ ᠲᠡᠷᠭᠡᠨ ᠠᠩᠭᠢ ᠥᠷᠯᠥᠭᠡ ᠶᠢᠨ ᠤᠷᠢᠬᠠᠨ ᠰᠠᠯᠬᠢ ᠶᠢ ᠤᠭᠲᠤᠨ ᠺᠷᠧᠮᠯᠢ ᠣᠷᠳᠣᠨ ᠳᠤ ᠬᠦᠷᠴᠦ᠂ ᠥᠩᠭᠡ ᠦᠵᠡᠮᠵᠢ ᠲᠡᠷᠡ ᠬᠡᠪ ᠢᠶᠠᠷ ᠢᠶᠠᠨ ᠪᠠᠶᠢᠯ᠎ᠠ᠃ ᠵᠣᠷᠵ ᠶᠡᠭᠡ ᠲᠢᠩᠬᠢᠮ ᠳᠤ ᠬᠤᠶᠠᠷ ᠤᠯᠤᠰ ᠤᠨ ᠲᠡᠷᠢᠭᠦᠨ ᠥᠭᠡᠳᠡ ᠥᠭᠡᠳᠡ ᠠᠴᠠ ᠪᠠᠨ ᠠᠯᠬᠤᠯᠠᠵᠤ᠂ ᠭᠠᠷ ᠠᠳᠬᠤᠯᠴᠠᠪᠠ᠃
ᠲᠡᠦᠬᠡ ᠪᠣᠯᠣᠨ ᠪᠣᠳᠠᠲᠤ ᠠᠬᠤᠢ᠂ ᠤᠯᠤᠰ ᠪᠣᠯᠣᠨ ᠳᠡᠯᠡᠬᠡᠢ ᠶᠢᠷᠲᠢᠨᠴᠦ᠂ ᠣᠳᠣᠬᠠᠨ ᠤ ᠪᠠ ᠠᠯᠤᠰ ᠭᠡᠳᠦ ᠶᠢᠨ ᠲᠤᠬᠠᠢ ᠵᠦᠢᠯ ᠵᠦᠢᠯ ᠤᠨ ᠵᠠᠳᠠᠯᠤᠯᠲᠠ ᠨᠢ ᠨᠢᠭᠡᠨ ᠬᠠᠮᠲᠤ ᠶᠢᠨ ᠳ᠋ᠦᠩᠨᠡᠯᠲᠡ ᠶᠢ ᠵᠢᠭᠠᠪᠠ᠄ ᠲᠣᠬᠲᠠᠭᠠᠯᠲᠤ ᠪᠤᠰᠤ ᠴᠢᠨᠠᠷ ᠢᠶᠠᠷ ᠳᠦᠭᠦᠷᠦᠭᠰᠡᠨ ᠳᠡᠯᠡᠬᠡᠢ ᠶᠢᠷᠲᠢᠨᠴᠦ ᠳᠤ ᠲᠤᠰ ᠤᠳᠠᠭᠠᠨ ᠤ ᠠᠶᠢᠯᠴᠢᠯᠠᠯᠲᠠ ᠨᠢ ︽ᠲᠣᠮᠣ ᠤᠯᠤᠰ ᠤᠨ ᠬᠠᠷᠢᠯᠴᠠᠭᠠᠨ ᠤ ᠲᠣᠭᠲᠠᠪᠤᠷᠢᠲᠤ ᠴᠢᠨᠠᠷ ᠪᠠ ᠲᠣᠬᠲᠠᠭᠠᠯᠲᠤ ᠴᠢᠨᠠᠷ︾ ᠢ ᠢᠯᠡᠷᠡᠭᠦᠯᠵᠡᠢ᠃
ᠳᠤᠮᠳᠠᠳᠤ ᠤᠷᠤᠰ ᠬᠤᠶᠠᠷ ᠤᠯᠤᠰ ᠴᠠᠭ ᠬᠤᠭᠤᠴᠠᠭ᠎ᠠ ᠪᠠᠷ ᠨᠥᠬᠦᠷᠯᠡᠯ ᠢᠶᠠᠨ ᠵᠤᠵᠠᠭᠠᠳᠬᠠᠵᠤ᠂ ᠢᠲᠡᠭᠡᠯᠴᠡᠭᠡ ᠪᠠᠨ ᠬᠤᠷᠠᠮᠳᠤᠭᠤᠯᠪᠠ᠃ ᠰᠢᠨ᠎ᠡ ᠴᠠᠭ ᠦᠶ᠎ᠡ ᠳᠤ ᠣᠷᠣᠭᠰᠠᠨ ᠠᠴᠠ ᠨᠠᠭᠠᠰᠢ ᠬᠤᠶᠠᠷ ᠤᠯᠤᠰ ᠤᠨ ᠲᠡᠷᠢᠭᠦᠨ 40 ᠭᠠᠷᠤᠢ ᠤᠳᠠᠭ᠎ᠠ ᠠᠭᠤᠯᠵᠠᠵᠤ᠂ ᠲᠡᠷᠢᠭᠦᠯᠡᠭᠴᠢ ᠰᠢ ᠶᠢᠨ ᠫᠢᠩ ᠤᠷᠤᠰ ᠲᠤ 11 ᠤᠳᠠᠭ᠎ᠠ ᠠᠶᠢᠯᠴᠢᠯᠠᠪᠠ᠃ ᠲᠡᠷᠡ ᠡᠨᠡ ᠤᠳᠠᠭ᠎ᠠ ᠤᠷᠤᠰ ᠲᠤ ᠢᠷᠠᠵᠤ ᠶᠡᠷᠦᠩᠬᠡᠶᠢᠯᠡᠭᠴᠢ ᠫᠦᠲ᠋ᠢᠨ ᠳᠤ ︽ᠤᠷᠤᠰ ᠪᠣᠯ ᠪᠢ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠬᠤᠪᠢ ᠪᠠᠷ ᠬᠠᠮᠤᠭ ᠤᠨ ᠤᠯᠠᠨ ᠠᠶᠢᠯᠴᠢᠯᠠᠬᠰᠠᠨ ᠤᠯᠤᠰ ᠪᠣᠯᠣᠨ᠎ᠠ︾ ᠭᠡᠵᠦ ᠬᠡᠯᠡᠪᠡ᠃
8 ᠤ ᠡᠳᠦᠷ᠂ ᠶᠡᠷᠦᠩᠬᠡᠶᠢᠯᠡᠭᠴᠢ ᠫᠦᠲ᠋ᠢᠨ ᠠᠵᠢᠯᠯᠠᠭ᠎ᠠ ᠶᠢ ᠡᠷᠭᠢᠯᠡᠭᠰᠡᠨ ᠤᠯᠤᠰ ᠪᠣᠯᠤᠭᠰᠠᠨ ᠤ ᠬᠤᠪᠢ ᠪᠠᠷ ᠵᠣᠴᠢᠳ ᠢᠶᠠᠨ ᠤᠭᠲᠤᠵᠤ ᠶᠠᠭᠠᠷᠠᠭᠰᠠᠨ ᠨᠢᠭᠡ ᠡᠳᠦᠷ ᠪᠠᠶᠢᠵᠤ ᠲᠠᠭᠠᠷᠠᠨ᠎ᠠ᠂ ᠭᠡᠪᠡᠴᠦ ᠲᠡᠷᠡ ᠶᠡᠬᠡᠩᠬᠢ ᠴᠠᠭ ᠢᠶᠠᠨ ᠳᠤᠮᠳᠠᠳᠤ ᠤᠯᠤᠰ ᠠᠴᠠ ᠢᠷᠡᠭᠰᠡᠨ ᠰᠠᠶᠢᠨ ᠨᠠᠶᠢᠵᠠ ᠳᠠᠭᠠᠨ ᠵᠣᠷᠢᠭᠤᠯᠤᠭᠰᠠᠨ ᠪᠠᠶᠢᠨ᠎ᠠ᠃ ᠤᠭᠲᠤᠬᠤ ᠶᠣᠰᠣᠯᠠᠯ᠂ ᠬᠡᠯᠡᠯᠴᠡᠭᠡ ᠬᠢᠬᠦ᠂ ᠭᠠᠷ ᠤᠨ ᠦᠰᠦᠭ ᠵᠢᠷᠤᠬᠤ ᠪᠠ ᠬᠠᠮᠲᠤᠷᠠᠯᠴᠠᠭᠠᠨ ᠤ ᠪᠢᠴᠢᠭ ᠰᠣᠯᠢᠯᠴᠠᠬᠤ ᠶᠣᠰᠣᠯᠠᠯ᠂ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠬᠤ᠂ ᠤᠭᠲᠤᠬᠤ ᠳᠠᠶᠢᠯᠠᠯᠭ᠎ᠠ᠂ ᠵᠤᠷᠰᠢᠯ ᠶᠣᠰᠣᠭᠠᠷ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠠᠴᠠ ᠭᠠᠳᠠᠨ᠎ᠠ ᠣᠷᠣᠰ ᠤᠨ ᠬᠢᠨ ᠪᠠᠰᠠ ᠣᠨᠴᠠᠭᠠᠶ ᠲᠣᠬᠢᠷᠠᠭᠤᠯᠤᠯᠲᠠ ᠬᠢᠪᠡ᠄ ᠶᠡᠷᠦᠩᠬᠡᠶᠢᠯᠡᠭᠴᠢ ᠶᠢᠨ ᠠᠯᠪᠠᠨ ᠭᠡᠷ ᠲᠤ ᠴᠠᠢ ᠶᠢᠨ ᠵᠣᠭᠤᠭ ᠳᠡᠯᠭᠡᠵᠡᠢ᠃
ᠶᠠᠭ ᠲᠡᠷᠢᠭᠦᠯᠡᠭᠴᠢ ᠰᠢ ᠶᠢᠨ ᠫᠢᠩ ᠤᠨ ᠳᠤᠮᠳᠠᠳᠤ ᠤᠷᠤᠰ ᠤᠨ ᠬᠠᠷᠢᠯᠴᠠᠭ᠎ᠠ ᠶᠢᠨ ᠲᠤᠬᠠᠢ ᠦᠨᠡᠯᠡᠭᠰᠡᠨ ᠰᠢᠭ ᠢᠶᠠᠷ ︽ᠳᠤᠮᠳᠠᠳᠤ ᠤᠯᠤᠰ ᠪᠣᠯᠣᠨ ᠤᠷᠤᠰ ᠪᠣᠯ ᠴᠥᠮ ᠴᠢᠬᠤᠯᠠ ᠨᠥᠯᠥᠭᠡᠯᠡᠬᠦ ᠬᠦᠴᠦᠨ ᠲᠠᠢ ᠲᠣᠮᠣ ᠤᠯᠤᠰ ᠮᠥᠨ᠂ ᠪᠦᠭᠦ ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠢ ᠬᠠᠮᠠᠭᠠᠯᠠᠬᠤ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠪᠦᠲᠦᠭᠡᠯᠴᠢ ᠴᠢᠨᠠᠷᠲᠠᠢ ᠬᠦᠴᠦᠨ ᠮᠥᠨ᠂ ᠢᠯᠡ ᠲᠣᠳᠣ ᠲᠡᠦᠬᠡ ᠶᠢᠨ ᠯᠣᠭᠢᠭ ᠲᠠᠢ᠂ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠲᠠᠢ᠂ ᠭᠦᠨ ᠵᠤᠵᠠᠭᠠᠨ ᠪᠣᠯᠪᠠᠰᠤᠨ ᠤ ᠣᠣᠷ ᠲᠤᠨᠳᠠᠰᠤ ᠲᠠᠢ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ ᠪᠥᠭᠡᠳ ᠶᠠᠮᠠᠷᠪᠠ ᠭᠤᠷᠪᠠᠳᠤᠭᠠᠷ ᠡᠲᠡᠭᠡᠳ ᠲᠤ ᠬᠢᠵᠠᠭᠠᠷᠯᠠᠭᠳᠠᠬᠤ ᠦᠭᠡᠢ᠃︾
ᠲᠡᠦᠬᠡ ᠶᠢᠨ ᠯᠣᠭᠢᠭ ᠭᠡᠵᠦ ᠶᠠᠭᠤ ᠪᠤᠢ︖
ᠥᠩᠭᠡᠷᠡᠭᠰᠡᠨ ᠢ ᠡᠷᠭᠢᠴᠡᠭᠦᠯᠬᠦᠶ᠎ᠡ ᠳᠤᠮᠳᠠᠳᠤ ᠤᠷᠤᠰ ᠤᠨ ᠬᠠᠷᠢᠯᠴᠠᠭ᠎ᠠ ᠲᠤᠭ᠎ᠠ ᠲᠣᠮᠰᠢ ᠦᠭᠡᠢ ᠲᠡᠦᠬᠡ ᠶᠢᠨ ᠨᠠᠷᠢᠨ ᠵᠦᠢᠯᠡᠰ ᠤᠨ ᠲᠤᠯᠭᠠᠭᠤᠷᠢᠯᠠᠯ ᠲᠠᠢ ᠶᠤᠮ᠃ ᠭᠠᠶᠢᠬᠠᠮᠰᠢᠭᠲᠤ ᠴᠠᠭ ᠦᠶ᠎ᠡ ᠠᠴᠠ ᠡᠬᠢᠯᠡᠵᠦ᠂ ᠬᠦᠴᠢᠷ ᠪᠡᠷᠬᠡᠰᠢᠶᠡᠯ ᠲᠠᠢ ᠭᠡᠷᠡᠯ ᠰᠠᠴᠤᠷᠠᠩᠭᠤᠢ ᠣᠨ ᠰᠠᠷ᠎ᠠ ᠶᠢ ᠥᠩᠭᠡᠷᠡᠭᠦᠯᠪᠡ᠃ ᠬᠤᠶᠠᠷ ᠤᠯᠤᠰ ᠤᠨ ᠬᠠᠷᠢᠯᠴᠠᠭ᠎ᠠ ︽ᠬᠠᠷᠢᠯᠴᠠᠨ ᠨᠥᠭᠦᠷᠰᠡᠭ ᠤᠯᠤᠰ︾ ᠠᠴᠠ ᠪᠦᠲᠦᠭᠡᠯᠴᠢ ᠴᠢᠨᠠᠷᠲᠠᠢ ᠬᠠᠨᠢᠲᠠᠨ ᠪᠣᠯᠵᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠠᠴᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠪᠣᠯᠵᠤ᠂ ᠲᠠᠭᠢᠭᠠᠳ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠪᠣᠯᠵᠤ᠂ ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠶᠢ ᠤᠭᠲᠤᠨ ᠠᠪᠴᠢᠷᠠᠪᠠ᠃ ︽ᠬᠥᠷᠰᠢ ᠵᠡᠷᠭᠡᠯᠡᠳᠡᠭᠡ ᠲᠣᠮᠣ ᠤᠯᠤᠰ ᠤᠨ ᠵᠥᠪ ᠢᠶᠠᠷ ᠬᠠᠷᠢᠯᠴᠠᠬᠤ ᠵᠠᠮ ᠢ ᠠᠮᠵᠢᠯᠲᠠᠲᠠᠢ ᠪᠠᠷ ᠰᠦᠪᠡᠭᠴᠢᠯᠡᠵᠦ ᠣᠯᠪᠠ︾᠂ ᠡᠨᠡ ᠨᠢ ᠮᠥᠨ ᠴᠦ ᠲᠣᠮᠣ ᠤᠯᠤᠰ ᠤᠨ ᠬᠠᠷᠢᠯᠴᠠᠭᠠᠨ ᠳᠤ ᠳᠠᠪᠠᠯᠭᠠᠨ ᠢ ᠵᠦᠰᠦᠨ ᠤᠷᠤᠭᠰᠢᠯᠠᠬᠤ ᠥᠷᠭᠡᠨ ᠠᠭᠤᠳᠠᠮ ᠠᠶᠠᠯᠠᠯ ᠤᠨ ᠵᠠᠮ ᠢ ᠨᠡᠭᠡᠭᠡᠵᠦ ᠥᠭᠭᠦᠭᠰᠡᠨ ᠪᠠᠶᠢᠨ᠎ᠠ᠃
ᠳᠣᠲᠣᠭᠠᠳᠤ ᠬᠥᠳᠡᠯᠭᠡᠬᠦ ᠬᠦᠴᠦᠨ ᠭᠡᠵᠦ ᠶᠠᠭᠤ ᠪᠤᠢ︖
ᠳᠡᠯᠡᠬᠡᠶᠢᠵᠢᠯᠲᠡ ᠪᠣᠯᠣᠨ ᠰᠥᠷᠭᠡᠦ ᠳᠡᠯᠡᠬᠡᠶᠢᠵᠢᠯᠲᠡ ᠶᠢᠨ ᠦᠵᠡᠯᠴᠡᠭᠡᠨ ᠤ ᠪᠠᠶᠢᠳᠠᠯ ᠳᠣᠣᠷ᠎ᠠ᠂ ᠨᠢᠳᠤᠨᠤᠨ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ ᠰᠠᠯᠬᠢ ᠶᠢ ᠰᠥᠷᠦᠨ ᠰᠢᠨ᠎ᠡ ᠲᠡᠮᠳᠡᠭᠯᠡᠯ ᠢ ᠡᠭᠦᠳᠪᠡ᠃ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠬᠦᠴᠦᠷᠬᠡᠭ ᠶᠡᠭᠡ ᠤᠶᠠᠨ ᠬᠠᠳᠠᠨ ᠴᠢᠨᠠᠷ ᠨᠢ ᠵᠠᠩᠭᠢᠯᠠᠭ᠎ᠠ ᠪᠣᠯᠵᠤ᠂ ᠲᠡᠷᠢᠭᠦᠯᠡᠭᠴᠢ ᠰᠢ ᠶᠢᠨ ᠫᠢᠩ ᠡᠭᠦᠨ ᠢ ︽ᠡᠳᠦᠷ ᠠᠴᠠ ᠡᠳᠦᠷ ᠥᠭᠡᠳᠡᠯᠡᠨ ᠳᠡᠭᠵᠢᠷᠡᠵᠦ︾ ᠪᠠᠶᠢᠨ᠎ᠠ ᠭᠡᠵᠦ ᠳᠦᠷᠰᠦᠯᠡᠪᠡ᠃ ᠨᠥᠭᠡᠴᠡ᠂ ᠨᠡᠮᠡᠭᠳᠡᠯ᠂ ᠬᠤᠪᠢᠰᠤᠯᠲᠠ᠂ ᠲᠡᠷᠡ ᠬᠠᠮᠲᠤᠷᠠᠯᠴᠠᠭᠠᠨ ᠤ ᠴᠢᠭᠯᠡᠯ ᠠᠷᠭ᠎ᠠ ᠵᠠᠮ ᠢ ᠪᠦᠭᠦ ᠲᠠᠯ᠎ᠠ ᠪᠠᠷ ᠲᠣᠳᠣᠷᠬᠠᠶᠢᠯᠠᠨ ᠥᠭᠦᠯᠡᠵᠦ᠂ ︽ᠲᠣᠭᠲᠠᠭᠤᠨ︾ ᠤ ᠰᠠᠭᠤᠷᠢ ᠶᠢ ᠨᠡᠩ ᠪᠠᠲᠤ ᠪᠠᠬᠢ ᠪᠤᠯᠭᠠᠬᠤ᠂ ︽ᠤᠷᠤᠭᠰᠢᠯᠠᠬᠤ︾ ᠬᠥᠳᠡᠯᠭᠡᠬᠦ ᠡᠨᠧᠷᠭᠢ ᠶᠢ ᠨᠡᠩ ᠭᠦᠢᠴᠡᠳ ᠪᠤᠯᠭᠠᠬᠤ ᠶᠢ ᠪᠣᠳᠣᠯᠬᠢᠯᠠᠵᠤ ᠪᠠᠶᠢᠨ᠎ᠠ᠃ ᠶᠡᠷᠦᠩᠬᠡᠶᠢᠯᠡᠭᠴᠢ ᠫᠦᠲ᠋ᠢᠨ᠄ ︽ᠤᠷᠤᠰ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠬᠦ ᠪᠣᠯ ᠤᠷᠤᠰ ᠤᠨ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠣᠨ᠎ᠠ︾ ᠭᠡᠵᠦ ᠢᠳᠡᠪᠬᠢᠲᠡᠢ ᠬᠠᠷᠢᠭᠤ ᠥᠭᠴᠡᠢ᠃
ᠬᠠᠮᠲᠤᠷᠠᠯᠴᠠᠬᠤ ᠨᠢ ᠠᠷᠠᠳ ᠲᠦᠮᠡᠨ ᠤ ᠠᠵᠠ ᠵᠢᠷᠭᠠᠯ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠲᠥᠯᠥᠭᠡ ᠶᠤᠮ᠃ ᠠᠶᠢᠯᠴᠢᠯᠠᠯᠲᠠ ᠶᠢᠨ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ 20 ᠭᠠᠷᠤᠢ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠲᠣᠬᠢᠷᠠᠯᠴᠠᠪᠠ᠃ ᠡᠭᠦᠨ ᠳᠤ᠂ ᠠᠵᠤ ᠠᠬᠤᠢ ᠶᠢᠨ ᠬᠦᠷᠢᠶᠡᠨ ᠳᠠᠬᠢ ᠰᠢᠨᠡᠴᠢᠯᠡᠯᠲᠡ᠂ ᠰᠢᠨ᠎ᠡ ᠬᠡᠪᠯᠡᠯ ᠤᠨ ᠪᠡᠯᠡ ᠣᠷᠣᠭᠤᠯᠤᠯᠲᠠ ᠶᠢ ᠬᠠᠮᠠᠭᠠᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠤᠵᠤ᠂ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠢ ᠬᠦᠴᠦᠲᠡᠢ ᠠᠷᠭᠠᠴᠠᠭᠠᠪᠠ︔ ᠪᠦᠭᠦ ᠪᠥᠮᠪᠥᠷᠴᠡᠭ ᠤᠨ ᠵᠠᠰᠠᠯᠲᠠ ᠲᠠᠢ ᠳᠠᠬᠢᠨᠲᠠ ᠬᠠᠷᠭᠤᠭᠤᠯᠵᠤ᠂ ᠬᠤᠶᠠᠷ ᠲᠠᠯ᠎ᠠ ᠪᠠᠷ ᠢᠶᠠᠨ ᠪᠦᠭᠦ ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ᠂ ᠤᠯᠠᠨ ᠤᠯᠤᠰ ᠤᠨ ᠬᠠᠤᠯᠢ ᠶᠢᠨ ᠡᠷᠬᠡ ᠰᠦᠷ ᠢ ᠬᠠᠮᠠᠭᠠᠯᠠᠬᠤ ᠲᠤᠬᠠᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ ᠨᠡᠶᠢᠲᠡᠯᠡᠵᠦ᠂ ᠳᠡᠯᠡᠬᠡᠢ ᠨᠡᠶᠢᠭᠡᠮ ᠳᠤ ᠦᠷᠭᠦᠯᠵᠢᠯᠡᠨ ᠬᠠᠩᠭᠢᠨᠠᠨ ᠴᠤᠤᠷᠢᠶᠠᠲᠤᠪᠠ᠃
ᠪᠣᠯᠪᠠᠰᠤᠨ ᠤ ᠣᠣᠷ ᠲᠤᠨᠳᠠᠰᠤ ᠭᠡᠵᠦ ᠶᠠᠭᠤ ᠪᠤᠢ︖
ᠬᠤᠶᠠᠷ ᠤᠯᠤᠰ ᠤᠨ ᠪᠣᠯᠪᠠᠰᠤᠨ ᠤ ᠰᠣᠯᠢᠯᠴᠠᠭ᠎ᠠ ᠲᠣᠯᠢᠳᠠᠯ ᠨᠢ ᠲᠤᠰ ᠤᠳᠠᠭ᠎ᠠ ᠭᠠᠷ ᠤᠨ ᠦᠰᠦᠭ ᠵᠢᠷᠤᠭᠰᠠᠨ ᠰᠤᠷᠭᠠᠨ ᠬᠥᠮᠦᠵᠢᠯ᠂ ᠺᠢᠨᠣ᠋᠂ ᠵᠠᠭᠤᠴᠢᠯᠠᠭᠤᠷ ᠵᠡᠷᠭᠡ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠯᠠ ᠲᠡᠳᠦᠢ ᠪᠢᠰᠢ᠃ ᠪᠠᠭᠲᠠᠭᠠᠮᠵᠢ ᠶᠢᠨ ᠶᠡᠭᠡ᠂ ᠬᠥᠮᠥᠨ ᠠᠮᠠ ᠶᠢᠨ ᠤᠯᠠᠨ᠂ ᠲᠡᠦᠬᠡ ᠶᠢᠨ ᠤᠷᠳᠤ ᠤᠳᠠᠭᠠᠨ᠂ ᠪᠣᠯᠪᠠᠰᠤᠨ ᠤ ᠭᠦᠨ ᠵᠤᠵᠠᠭᠠᠨ ᠨᠢ ᠥᠩᠭᠡᠷᠡᠭᠰᠡᠨ ᠤ ᠮᠥᠷᠥ ᠵᠡᠷᠭᠡᠴᠡᠨ ᠪᠠᠶᠢᠯᠳᠤᠵᠤ ᠪᠠᠶᠢᠭᠰᠠᠨ ᠠᠴᠠ ᠪᠠᠨ ᠥᠨᠥᠳᠥᠷ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠢᠵᠢᠯ ᠴᠢᠭᠯᠡᠯ ᠢᠶᠠᠷ ᠤᠷᠤᠭᠰᠢᠯᠠᠬᠤ ᠭᠦᠨ ᠳᠠᠪᠬᠤᠷᠭ᠎ᠠ ᠶᠢᠨ ᠯᠣᠭᠢᠭ ᠪᠣᠯ ᠬᠤᠶᠠᠷ ᠶᠡᠭᠡ ᠪᠣᠯᠪᠠᠰᠤᠨ ᠤ ᠲᠡᠦᠬᠡ ᠶᠢᠨ ᠦᠵᠡᠯᠲᠡ᠂ ᠡᠩᠬᠡ ᠲᠠᠶᠢᠪᠤᠩ ᠤᠨ ᠦᠵᠡᠯᠲᠡ᠂ ᠡᠮᠬᠢ ᠳᠢᠭᠯᠢᠮ ᠤᠨ ᠦᠵᠡᠯᠲᠡ᠂ ᠬᠥᠭᠵᠢᠯᠲᠡ ᠶᠢᠨ ᠦᠵᠡᠯᠲᠡ ᠶᠢᠨ ᠭᠡᠷᠡᠯ ᠭᠢᠯᠪᠠᠭ᠎ᠠ ᠪᠣᠯᠣᠨ᠎ᠠ᠃ ᠪᠣᠯᠪᠠᠰᠤᠨ ᠤ ᠬᠠᠷᠠᠭᠠᠰᠤ ᠶᠢᠨ ᠨᠡᠪᠲᠡᠷᠡᠯᠴᠡᠯ ᠨᠢ ᠤᠯᠤᠰ ᠲᠥᠷᠥ ᠶᠢᠨ ᠢᠲᠡᠭᠡᠯᠴᠡᠭᠡ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠬᠠᠮᠤᠭ ᠤᠨ ᠪᠠᠲᠤ ᠪᠠᠬᠢ ᠰᠠᠭᠤᠷᠢ ᠪᠣᠯᠪᠠ᠃
︽ᠰᠢᠷᠣᠢ ᠬᠤᠷᠠᠮᠳᠤᠵᠤ ᠠᠭᠤᠯᠠ ᠪᠣᠯᠵᠤ᠂ ᠤᠰᠤ ᠬᠤᠷᠠᠮᠳᠤᠵᠤ ᠲᠠᠯᠠᠢ ᠪᠣᠯᠣᠨ᠎ᠠ︾᠃ ᠲᠡᠦᠬᠡ ᠭᠡᠵᠦ ᠨᠢᠭᠡᠯᠡ ᠳᠣᠣᠷ᠎ᠠ ᠪᠦᠲᠦᠳᠡᠭ ᠪᠢᠰᠢ᠂ ᠬᠠᠷᠢᠨ ᠨᠢᠭᠡ ᠲᠣᠭᠤᠰᠭ᠋᠎ᠠ ᠨᠢᠭᠡ ᠸᠠᠭᠠᠷ ᠢᠶᠠᠷ ᠵᠡᠷᠭᠡᠯᠡᠨ ᠦᠷᠦᠵᠤ ᠪᠠᠶᠢᠭᠠᠳ ᠰᠠᠶ᠋ᠢ ᠥᠨᠥᠳᠥᠷ ᠤᠨ ᠪᠠᠶᠢᠳᠠᠯ ᠪᠣᠯᠵᠤ ᠪᠦᠷᠢᠯᠳᠦᠪᠡ᠃
ᠲᠤᠰ ᠤᠳᠠᠭ᠎ᠠ ᠶᠢᠨ ᠠᠶᠢᠯᠴᠢᠯᠠᠯᠲᠠ ᠶᠢᠨ ᠬᠠᠮᠤᠭ ᠤᠨ ᠴᠢᠬᠤᠯᠠ ᠤᠯᠤᠰ ᠲᠦᠷᠦ ᠶᠢᠨ ᠦᠷ᠎ᠡ ᠪᠦᠲᠦᠭᠡᠯ ᠨᠢ ᠺᠷᠧᠮᠯᠢ ᠣᠷᠳᠣᠨ ᠤ ᠲᠣᠭᠤᠰ ᠴᠢᠯᠠᠭᠤᠨ ᠲᠢᠩᠬᠢᠮ ᠳᠤ ᠮᠡᠨᠳᠦᠯᠡᠵᠡᠢ᠃ ᠬᠤᠶᠠᠷ ᠤᠯᠤᠰ ᠤᠨ ᠲᠡᠷᠢᠭᠦᠨ ᠬᠠᠮᠲᠤ ᠪᠠᠷ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ ᠳᠤ ᠭᠠᠷ ᠤᠨ ᠦᠰᠦᠭ ᠵᠢᠷᠤᠪᠠ᠃
ᠵᠤᠵᠠᠭᠠᠨ ᠴᠠᠭᠠᠰᠤ ᠤᠷᠳᠤ ᠬᠠᠭᠤᠳᠠᠰᠤᠲᠤ ᠬᠦᠨᠳᠦᠴᠡ ᠲᠠᠢ ᠭᠡᠭᠴᠢ ᠡᠨᠡ ᠪᠢᠴᠢᠭ ᠨᠢ ᠳᠤᠮᠳᠠᠳᠤ ᠤᠷᠤᠰ ᠤᠨ ᠬᠠᠷᠢᠯᠴᠠᠭ᠎ᠠ ᠶᠢᠨ ᠢᠯᠡ ᠲᠣᠳᠣ ᠲᠡᠮᠳᠡᠭ ᠢᠯᠡᠳᠬᠡᠮᠵᠢ ᠶᠢ ᠬᠠᠷᠠᠭᠤᠯᠵᠤ ᠪᠤᠢ᠄ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ᠃
︽ᠵᠦᠪᠭᠡᠨ ᠳᠤᠮᠳᠠᠳᠤ ᠤᠷᠤᠰ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠪᠠᠷᠢᠮᠲᠠᠯᠠᠪᠠᠯ᠂ ᠶᠠᠮᠠᠷᠪᠠ ᠬᠦᠴᠦᠨ ᠴᠦ ᠭᠡᠳ ᠬᠤᠶᠠᠷ ᠤᠯᠤᠰ ᠤᠨ ᠲᠤᠰ ᠲᠤᠰ ᠤᠨ ᠬᠥᠭᠵᠢᠯ ᠮᠠᠨᠳᠤᠯ ᠢᠶᠠᠨ ᠪᠡᠶᠡᠯᠡᠭᠦᠯᠬᠦ ᠶᠢ ᠬᠤᠷᠢᠭᠯᠠᠵᠤ ᠳᠡᠶᠢᠯᠭᠦ ᠦᠭᠡᠢ᠂ ᠳᠤᠮᠳᠠᠳᠤ ᠤᠷᠤᠰ ᠤᠨ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠠᠷᠠᠳ ᠤᠨ ᠰᠡᠳᠬᠢᠯ ᠤᠨ ᠬᠠᠨᠳᠤᠰᠢ ᠶᠢ ᠬᠤᠷᠢᠭᠯᠠᠵᠤ ᠳᠡᠶᠢᠯᠭᠦ ᠦᠭᠡᠢ᠂ ᠳᠡᠯᠡᠬᠡᠢ ᠶᠢᠨ ᠤᠯᠠᠨ ᠲᠤᠶᠢᠯᠵᠢᠯᠳᠠ ᠪᠠ ᠠᠵᠤ ᠠᠬᠤᠢ ᠶᠢᠨ ᠳᠡᠯᠡᠬᠡᠶᠢᠵᠢᠯᠲᠡ ᠶᠢᠨ ᠴᠠᠭ ᠦᠶ᠎ᠡ ᠶᠢᠨ ᠤᠷᠤᠰᠬᠠᠯ ᠢ ᠬᠤᠷᠢᠭᠯᠠᠵᠤ ᠳᠡᠶᠢᠯᠭᠦ ᠦᠭᠡᠢ ᠶᠤᠮ︾ ᠭᠡᠵᠦ ᠬᠡᠯᠡᠬᠦ ᠦᠶ᠎ᠡ ᠳᠤ ᠲᠡᠷᠢᠭᠦᠯᠡᠭᠴᠢ ᠰᠢ ᠶᠢᠨ ᠫᠢᠩ ᠤᠨ ᠲᠠᠭᠤᠨ ᠡᠷᠡᠰ ᠪᠠᠲᠤ ᠢᠳᠡ ᠬᠦᠴᠦᠲᠡᠢ ᠪᠠᠶᠢᠯ᠎ᠠ᠃
︵ᠬᠤᠶᠠᠷ︶ ᠪᠠᠶᠠᠷ ᠤᠨ ᠶᠣᠰᠣᠯᠠᠯ ᠤᠨ ᠴᠠᠭ ᠮᠥᠴᠡ᠄
︽ᠲᠡᠦᠬᠡ ᠶᠢᠨ ᠬᠠᠮᠤᠭ ᠤᠨ ᠰᠠᠶᠢᠨ ᠵᠠᠯᠭᠠᠮᠵᠢᠯᠠᠯ ᠪᠣᠯ ᠰᠢᠨ᠎ᠡ ᠲᠡᠦᠬᠡ ᠶᠢ ᠡᠭᠦᠳᠦᠨ ᠪᠦᠲᠦᠭᠡᠬᠦ ᠶᠠᠪᠤᠳᠠᠯ ᠮᠥᠨ︾
ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠢ ᠶᠠᠪᠤᠭᠳᠠᠭᠤᠯᠬᠤ ᠮᠡᠳᠡᠭᠡ ᠶᠢ ᠨᠡᠶᠢᠲᠡᠯᠡᠭᠰᠡᠨ ᠤ ᠲᠠᠷᠠᠭ᠎ᠠ᠂ ᠶᠡᠷᠦᠩᠬᠡᠶᠢᠯᠡᠭᠴᠢ ᠫᠦᠲ᠋ᠢᠨ ᠠᠯᠢ ᠡᠷᠲᠡ ᠠᠴᠠ ᠭᠠᠳᠠᠭᠠᠳᠤ ᠳᠤ᠂ ᠲᠡᠷᠢᠭᠦᠯᠡᠭᠴᠢ ᠰᠢ ᠶᠢᠨ ᠫᠢᠩ ︽ᠬᠠᠮᠤᠭ ᠤᠨ ᠴᠢᠬᠤᠯᠠ ᠵᠣᠴᠢᠨ︾ ᠪᠤᠯᠬᠤ ᠪᠣᠯᠣᠨ᠎ᠠ ᠭᠡᠬᠦ ᠲᠠᠭᠤᠨ ᠢ ᠳᠠᠮᠵᠢᠭᠤᠯᠵᠤ ᠪᠢᠯᠡ᠃
9 ᠤ ᠥᠷᠯᠥᠭᠡ᠂ ᠦᠷ ᠤᠨ ᠲᠤᠶᠠᠭ᠎ᠠ ᠠᠷᠠᠢ ᠮᠠᠨᠳᠤᠬᠤ ᠠᠴᠠ ᠡᠮᠦᠨ᠎ᠡ᠂ ᠮᠣᠰᠺᠸᠠ ᠶᠢᠨ ᠤᠯᠠᠭᠠᠨ ᠲᠠᠯᠠᠪᠠᠢ ᠳᠡᠭᠡᠷ᠎ᠡ ᠨᠢᠭᠡᠨᠲᠡ ᠬᠥᠮᠥᠨ ᠤ ᠲᠠᠯᠠᠢ ᠪᠣᠯᠪᠠ᠃ ᠪᠤᠭᠤᠷᠤᠯ ᠨᠠᠰᠤᠲᠠᠨ᠂ ᠨᠢᠯᠬ᠎ᠠ ᠬᠡᠦᠬᠡᠳ᠂ ᠢᠳᠡᠷ ᠵᠠᠯᠠᠭᠤᠴᠤᠳ ᠪᠦᠭᠦᠨ ᠢᠶᠠᠷ ᠢᠶᠠᠨ ᠢᠷᠡᠵᠡᠭᠡᠯ᠎ᠡ᠂ ᠲᠡᠶᠢᠮᠦ᠂ ᠢᠯᠠᠯᠲᠠ ᠶᠢᠨ ᠡᠳᠦᠷ ᠮᠥᠨ ᠴᠤ ᠠᠷᠠᠳ ᠲᠦᠮᠡᠨ ᠤ ᠪᠠᠶᠠᠷ ᠤᠨ ᠡᠳᠦᠷ᠃
ᠲᠡᠷᠢᠭᠦᠯᠡᠭᠴᠢ ᠰᠢ ᠶᠢᠨ ᠫᠢᠩ ᠤᠨ ᠮᠠᠰᠢᠨ ᠲᠡᠷᠭᠡᠨ ᠤ ᠠᠩᠭᠢ ᠰᠠᠯᠬᠢᠨ ᠤ ᠠᠶ᠎ᠠ ᠪᠠᠷ ᠨᠠᠮᠢᠷᠠᠭ᠎ᠠ ᠢᠯᠠᠯᠲᠠ ᠶᠢᠨ ᠲᠤᠭ ᠤᠨ ᠬᠠᠵᠠᠭᠤ ᠪᠠᠷ ᠥᠩᠭᠡᠷᠡᠵᠦ᠂ ᠭᠠᠷ ᠲᠠᠭᠠᠨ ᠰᠣᠷᠭᠤᠭ ᠴᠡᠴᠡᠭ ᠡᠷᠭᠦᠭᠰᠡᠨ ᠬᠥᠮᠥᠰ ᠤᠨ ᠬᠠᠵᠠᠭᠤ ᠪᠠᠷ ᠥᠩᠭᠡᠷᠡᠪᠡ᠃ ᠵᠡᠭᠡᠯᠢ ᠳᠡᠭᠡᠷ᠎ᠡ᠂ ᠬᠥᠮᠥᠰ ᠬᠤᠩ ᠴᠢ ᠲᠡᠷᠭᠡ ᠪᠣᠯᠣᠨ ᠲᠠᠪᠤᠨ ᠣᠳᠣᠲᠤ ᠤᠯᠠᠭᠠᠨ ᠲᠤᠭ ᠢ ᠣᠯᠵᠤ ᠦᠵᠡᠭᠡᠳ ᠭᠠᠷ ᠳᠠᠯᠠᠯᠤᠨ ᠮᠡᠨᠳᠦᠴᠢᠯᠡᠨ᠎ᠡ᠃
ᠨᠡᠷᠡᠨ ᠤ ᠭᠡᠷᠡᠯ ᠤᠯᠠᠭᠠᠨ ᠲᠠᠯᠠᠪᠠᠢ ᠶᠢ ᠥᠪᠴᠢ ᠭᠡᠶᠢᠭᠦᠯᠦᠯ᠎ᠡ᠃ ᠲᠡᠷᠢᠭᠦᠯᠡᠭᠴᠢ ᠰᠢ ᠶᠢᠨ ᠫᠢᠩ ᠺᠷᠧᠮᠯᠢ ᠣᠷᠳᠣᠨ ᠳᠤ ᠬᠦᠷᠬᠦ ᠦᠶ᠎ᠡ ᠳᠤ᠂ ᠶᠡᠷᠦᠩᠬᠡᠶᠢᠯᠡᠭᠴᠢ ᠫᠦᠲ᠋ᠢᠨ ᠬᠠᠯᠠᠭᠤᠨ ᠢᠶᠠᠷ ᠤᠭᠲᠤᠨ ᠠᠪᠤᠪᠠ᠃
ᠪᠠᠶᠠᠷ ᠤᠨ ᠶᠣᠰᠣᠯᠠᠯ ᠳᠤ ᠣᠷᠤᠯᠴᠠᠬᠤ ᠪᠠᠷ ᠳᠠᠬᠢᠨᠲᠠ ᠢᠷᠡᠬᠦ ᠳᠤ᠂ ᠠᠷᠪᠠᠨ ᠵᠢᠯ ᠤᠷᠤᠰᠤᠨ ᠣᠲᠣᠭᠰᠠᠨ ᠪᠤᠯᠪᠠᠴᠤ ᠤᠷᠢᠳᠤ ᠶᠢᠨ ᠶᠠᠪᠤᠳᠠᠯ ᠤᠳ ᠲᠣᠪ ᠲᠣᠳᠣᠷᠬᠠᠢ ᠴᠡᠭᠡᠵᠢᠯᠡᠭᠳᠡᠭᠰᠡᠭᠡᠷ᠃
ᠬᠡᠳᠦᠢ ᠥᠨᠢ ᠤᠳᠠᠭᠠᠨ ᠪᠣᠯᠤᠭᠰᠠᠨ ᠴᠤ᠂ ᠲᠡᠦᠬᠡ ᠶᠢᠨ ᠳᠤᠷᠠᠰᠤᠮᠵᠢ ᠪᠣᠯᠣᠨ ᠦᠨᠡᠨ ᠪᠠᠶᠢᠳᠠᠯ ᠨᠢ ᠥᠩᠭᠡ ᠬᠤᠪᠢᠷᠠᠰᠢ ᠦᠭᠡᠢ ᠶᠤᠮ᠂ ︽ᠪᠢᠳᠡᠨ ᠳᠤ ᠥᠭᠭᠦᠭᠰᠡᠨ ᠰᠡᠩᠬᠡᠷᠡᠭᠦᠯᠦᠯ ᠨᠢ ᠥᠨᠢ ᠡᠭᠦᠷᠢᠳᠡ ᠪᠣᠳᠠᠲᠤ ᠠᠬᠤᠢ ᠶᠢ ᠲᠤᠰᠬᠠᠵᠤ᠂ ᠢᠷᠡᠭᠡᠳᠦᠢ ᠶᠢ ᠬᠠᠷᠠᠭᠤᠯᠤᠨ᠎ᠠ︾᠃
ᠬᠡᠳᠦᠢ ᠥᠨᠢ ᠤᠳᠠᠭᠠᠨ ᠪᠣᠯᠤᠭᠰᠠᠨ ᠴᠤ᠂ ᠳᠡᠯᠡᠬᠡᠢ ᠶᠢᠨ ᠪᠠᠶᠢᠳᠠᠯ ᠤᠨ ᠶᠡᠭᠡ ᠣᠷᠤᠭ᠎ᠠ ᠪᠤᠰᠬᠠᠭ᠎ᠠ ᠶᠡᠭᠡ ᠬᠤᠪᠢᠰᠤᠯᠲᠠ ᠳᠤᠮᠳᠠ ᠤᠷᠤᠰᠬᠠᠯ ᠤᠨ ᠡᠮᠦᠨ᠎ᠡ ᠵᠣᠭᠰᠣᠵᠤ ᠰᠦᠨᠳᠡᠷᠯᠡᠬᠦ ᠪᠠᠷ᠎ᠠ ᠢᠯᠡᠷᠡᠬᠦ ᠦᠭᠡᠢ ᠪᠠᠶᠢᠵᠤ ᠪᠣᠯᠣᠰᠢ ᠦᠭᠡᠢ ᠶᠤᠮ᠃ ᠬᠡᠳᠦᠶᠢᠪᠡᠷ ᠭᠠᠭᠴᠠ ᠲᠠᠯᠠᠲᠤ ᠦᠵᠡᠯ᠂ ᠡᠵᠡᠷᠬᠡᠬᠦ ᠦᠵᠡᠯ ᠬᠠᠷᠭᠢᠰ ᠬᠡᠷᠴᠡᠭᠡᠢ ᠠᠵᠢᠯᠯᠠᠭ᠎ᠠ ᠶᠢᠨ ᠬᠤᠣᠷ ᠬᠥᠨᠥᠭᠡᠯ ᠨᠢ ᠬᠦᠨᠳᠦ ᠨᠣᠴᠢᠲᠠᠢ ᠪᠠᠶᠢᠭᠰᠠᠨ ᠴᠤ ᠡᠩᠬᠡ ᠲᠠᠶᠢᠪᠤᠩ ᠪᠠ ᠰᠢᠳᠤᠷᠭᠤ ᠶᠣᠰᠣ ᠶᠢ ᠬᠠᠮᠠᠭᠠᠯᠠᠬᠤ ᠬᠦᠴᠦᠨ ᠡᠭᠦᠷᠢᠳᠡ ᠪᠠᠶᠢᠭᠰᠠᠭᠠᠷ ᠪᠤᠢ᠃ ᠳᠤᠮᠳᠠᠳᠤ ᠤᠯᠤᠰ ᠪᠣᠯᠣᠨ ᠤᠷᠤᠰ ᠲᠡᠦᠬᠡ ᠠᠴᠠ ᠨᠡᠩ ᠤᠯᠠᠨ ᠤᠶᠤᠨ ᠤᠬᠠᠭᠠᠨ ᠢ ᠰᠢᠩᠭᠡᠬᠡᠨ ᠠᠪᠴᠤ᠂ ᠨᠡᠩ ᠶᠡᠭᠡ ᠬᠠᠷᠢᠭᠤᠴᠠᠯᠭ᠎ᠠ ᠶᠢ ᠡᠭᠦᠷᠭᠡᠯᠡᠨ᠎ᠡ᠃
ᠲᠡᠷᠢᠭᠦᠯᠡᠭᠴᠢ ᠰᠢ ᠶᠢᠨ ᠫᠢᠩ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠭᠤᠣᠯ ᠶᠣᠰᠣᠯᠠᠯ ᠤᠨ ᠲᠠᠶᠢᠰᠠᠨ ᠳᠤ ᠠᠯᠬᠤᠨ ᠭᠦᠷᠪᠡ᠃ ᠬᠠᠮᠲᠤ ᠰᠠᠭᠤᠯᠴᠠᠭᠰᠠᠨ ᠬᠤᠶᠠᠷ ᠤᠯᠤᠰ ᠤᠨ ᠲᠡᠷᠢᠭᠦᠨ ᠳᠣᠲᠣᠨᠣ ᠪᠠᠷ ᠶᠠᠷᠢᠯᠴᠠᠪᠠ᠃ ᠠᠭᠤᠯᠠ ᠤᠰᠤ ᠲᠠᠯᠬᠢᠭᠳᠠᠭᠰᠠᠨ ᠦᠶ᠎ᠡ ᠳᠤ᠂ ᠡᠰᠡᠷᠭᠦᠴᠡᠨ ᠲᠡᠮᠡᠴᠡᠵᠦ ᠬᠦᠴᠢᠷ ᠪᠡᠷᠬᠡ ᠶᠢ ᠬᠠᠮᠲᠤ ᠪᠠᠷ ᠲᠤᠭᠤᠯᠪᠠ᠂ ᠲᠡᠦᠬᠡ ᠶᠢ ᠡᠷᠭᠢᠴᠡᠭᠦᠯᠬᠦᠶ᠎ᠡ᠂ ᠥᠨᠥᠳᠥᠷ ᠬᠡᠴᠢᠨᠡᠭᠡᠨ ᠭᠢᠯᠪᠠᠷ ᠪᠤᠰᠤ ᠪᠠᠷ ᠢᠷᠡᠭᠰᠡᠨ ᠭᠡᠳᠡᠭ ᠢ ᠨᠡᠩ ᠴᠤ ᠰᠡᠳᠬᠢᠯ ᠳᠣᠭᠳᠣᠯᠤᠨ ᠣᠶᠢᠯᠠᠭᠠᠨ᠎ᠠ᠃
ᠶᠡᠷᠦᠩᠬᠡᠶᠢᠯᠡᠭᠴᠢ ᠫᠦᠲ᠋ᠢᠨ ᠤ ᠪᠠᠶᠠᠷ ᠤᠨ ᠦᠭᠡ ᠬᠡᠯᠡᠬᠦ ᠦᠶ᠎ᠡ ᠶᠢᠨ ᠬᠠᠩᠭᠢᠨᠠᠮ᠎ᠠ ᠲᠠᠭᠤ ᠣᠭᠲᠠᠷᠭᠤᠢ ᠳᠤ ᠴᠤᠤᠷᠢᠶᠠᠲᠤᠨ᠎ᠠ᠄ ︽ᠢᠯᠠᠯᠲᠠ ᠪᠣᠯ ᠠᠷᠢᠭᠤᠨ ᠲᠠᠷᠬᠠᠨ ᠶᠤᠮ᠂ ᠲᠡᠦᠬᠡ ᠶᠢ ᠥᠭᠡᠷᠡᠲᠦᠭᠦᠯᠵᠦ ᠪᠤᠯᠬᠤ ᠦᠭᠡᠢ᠂ ᠢᠯᠠᠭᠴᠢ ᠶᠢ ᠭᠤᠲᠤᠭᠠᠵᠤ ᠪᠤᠯᠬᠤ ᠦᠭᠡᠢ︾᠂ ︽ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠢᠶᠠᠷ ᠪᠠᠶᠢᠯᠳᠤᠪᠠ᠂ ᠪᠢᠳᠡ ᠳᠤᠮᠳᠠᠳᠤ ᠤᠯᠤᠰ ᠤᠨ ᠠᠷᠠᠳ ᠲᠦᠮᠡᠨ ᠤ ᠬᠥᠮᠥᠨ ᠲᠥᠷᠥᠯᠬᠢᠲᠡᠨ ᠤ ᠬᠠᠮᠲᠤ ᠶᠢᠨ ᠢᠷᠡᠭᠡᠳᠦᠢ ᠶᠢ ᠨᠡᠭᠡᠭᠡᠬᠦ ᠳᠤ ᠦᠵᠡᠭᠦᠯᠦᠭᠰᠡᠨ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ︾᠃
ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠨᠢ ᠴᠠᠭ ᠬᠤᠭᠤᠴᠠᠭ᠎ᠠ ᠪᠠᠷ ᠲᠡᠩᠭᠡᠯᠢᠭ ᠪᠣᠯᠭᠠᠪᠠ᠃ ᠶᠡᠷᠦᠩᠬᠡᠶᠢᠯᠡᠭᠴᠢ ᠫᠦᠲ᠋ᠢᠨ ᠪᠠᠶᠢᠨ ᠪᠠᠶᠢᠨ ᠪᠡᠶ᠎ᠡ ᠡᠷᠭᠢᠵᠦ᠂ ᠲᠡᠷᠢᠭᠦᠯᠡᠭᠴᠢ ᠰᠢ ᠶᠢᠨ ᠫᠢᠩ ᠳᠤ ᠲᠤᠭ ᠳᠠᠯᠪᠠᠭ᠎ᠠ᠂ ᠵᠢᠭᠰᠠᠭᠠᠯ᠂ ᠵᠡᠪᠰᠡᠭ ᠲᠣᠨᠣᠭᠯᠠᠯ ᠤᠨ ᠲᠤᠬᠠᠢ ᠲᠠᠨᠢᠯᠴᠠᠭᠤᠯᠤᠨ᠎ᠠ᠃ ᠵᠠᠯᠠᠭᠤ ᠪᠠᠶᠢᠯᠳᠤᠭᠴᠢᠳ ᠴᠡᠭᠡᠵᠢ ᠲᠡᠨᠢᠢᠨ ︽ᠦᠷ᠎ᠠ︾ ᠭᠡᠵᠦ ᠬᠠᠰᠬᠢᠷᠬᠤ ᠳᠠᠭᠤᠨ ᠨᠢ ᠡᠭᠦᠯᠡ ᠶᠢ ᠨᠡᠪᠲᠡᠯᠦᠨ ᠥᠨᠳᠥᠷ ᠣᠭᠲᠠᠷᠭᠤᠢ ᠳᠤ ᠴᠤᠤᠷᠢᠶᠠᠲᠤᠨ᠎ᠠ᠃
ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠭᠤᠷᠪᠠᠨ ᠵᠠᠮ ᠤᠨ ᠴᠡᠷᠢᠭ ᠤᠨ ᠶᠣᠰᠣᠯᠠᠯ ᠤᠨ ᠵᠢᠭᠰᠠᠭᠠᠯ ᠤᠨ ᠠᠩᠭᠢ ᠬᠦᠷᠴᠦ ᠢᠷᠡᠪ᠊︕
ᠠᠯᠬᠤᠭ᠎ᠠ ᠢᠳᠡᠷᠡᠭᠦᠨ᠂ ᠴᠤᠭ ᠵᠢᠪᠬᠤᠭ᠎ᠠ ᠪᠠᠳᠠᠷᠠᠩᠭᠤᠢ᠃ ᠲᠡᠷᠢᠭᠦᠯᠡᠭᠴᠢ ᠰᠢ ᠶᠢᠨ ᠫᠢᠩ ᠪᠣᠰᠴᠤ ᠵᠣᠭᠰᠣᠨ ᠮᠡᠨᠳᠦᠴᠢᠯᠡᠯ ᠬᠦᠷᠭᠡᠵᠦ᠂ ᠲᠡᠭᠦᠨ ᠤ ᠬᠠᠷᠠᠴᠠ ᠤᠷᠤᠭᠰᠢᠯᠠᠯᠲᠠ ᠶᠢᠨ ᠡᠩᠨᠡᠭᠡ ᠶᠢ ᠳᠠᠭᠠᠵᠤ᠂ ᠲᠡᠷᠲᠡᠭᠡ ᠲᠡᠦᠬᠡ ᠶᠢᠨ ᠥᠩᠭᠡᠷᠡᠭᠰᠡᠨ ᠢ ᠡᠷᠭᠢᠴᠡᠭᠦᠯᠦᠨ ᠬᠠᠷᠠᠬᠤ ᠭᠡᠮᠡᠷ᠃
ᠠᠽᠢᠶ᠎ᠠ ᠲᠢᠪ ᠤᠨ ᠭᠤᠣᠯ ᠳᠠᠶᠢᠨ ᠤ ᠲᠠᠯᠠᠪᠤᠷ ᠤᠨ ᠬᠦᠨᠳᠦ ᠴᠢᠬᠤᠯᠠ ᠶᠢ ᠬᠠᠷᠠᠬᠤᠢ᠃ ᠢᠮᠠᠬᠤ ᠪᠦᠷᠢ ᠠᠭᠤᠯᠠ ᠤᠰᠤᠨ ᠳᠤ ᠬᠠᠯᠠᠭᠤᠨ ᠴᠢᠰᠤ ᠰᠢᠩᠭᠡᠵᠦ᠂ ᠤᠳᠠᠭ᠎ᠠ ᠪᠦᠷᠢ ᠶᠢᠨ ᠪᠠᠶᠢᠯᠳᠤᠭᠠᠨ ᠳᠤ ᠨᠢᠷᠤᠭᠤ ᠭᠡᠳᠡᠶᠢᠨ ᠪᠠᠶᠢᠯᠳᠤᠨ᠎ᠠ᠃ ᠲᠠᠪᠤᠨ ᠮᠢᠩᠭᠠᠨ ᠵᠢᠯ ᠤᠨ ᠪᠣᠯᠪᠠᠰᠤᠨ ᠨᠢ ᠲᠦᠨᠡᠷ ᠬᠠᠷᠠᠩᠭᠤᠢ ᠴᠠᠭ ᠦᠶ᠎ᠡ ᠳᠤ ᠬᠦᠴᠦᠷᠬᠡᠭ ᠶᠡᠭᠡ ᠬᠦᠴᠦᠨ ᠴᠢᠳᠠᠯ ᠢ ᠪᠠᠳᠠᠷᠠᠭᠤᠯᠵᠤ᠂ ᠪᠦᠭᠦ ᠳᠤᠮᠳᠠᠳᠤ ᠶᠢᠨ ᠬᠥᠪᠡᠭᠦᠳ ᠥᠬᠢᠳ ᠲᠡᠭᠷᠢ ᠭᠠᠵᠠᠷ ᠢ ᠳᠣᠩᠰᠣᠯᠭᠠᠭᠰᠠᠨ᠂ ᠴᠢᠳᠬᠦᠷ ᠰᠠᠬᠢᠭᠤᠯᠰᠤᠨ ᠢ ᠤᠶᠠᠷᠠᠭᠤᠯᠤᠭᠰᠠᠨ ᠰᠦᠷ ᠵᠢᠪᠬᠤᠯᠠᠩᠲᠤ ᠲᠤᠤᠯᠢᠰ ᠢ ᠬᠠᠮᠲᠤ ᠪᠠᠷ ᠪᠢᠴᠢᠭᠯᠡᠭᠰᠡᠨ ᠶᠤᠮ᠃
ᠳᠠᠶᠢᠨ ᠤ ᠭᠠᠯ ᠳᠤᠮᠳᠠ ᠭᠠᠷ ᠬᠤᠯᠪᠣᠨ ᠮᠥᠷᠥ ᠵᠡᠷᠭᠡᠴᠡᠨ ᠪᠠᠶᠢᠯᠳᠤᠭᠰᠠᠨ ᠴᠠᠭ ᠮᠥᠴᠡ ᠶᠢ ᠬᠠᠷᠠᠬᠤᠢ᠃ ᠲᠦᠨᠡᠷ ᠬᠠᠷᠠᠩᠭᠤᠢ ᠳᠡᠯᠡᠬᠡᠢ ᠶᠢᠷᠲᠢᠨᠴᠦ ᠶᠢ ᠪᠦᠷᠬᠦᠵᠦ᠂ ᠳᠤᠮᠳᠠᠳᠤ ᠤᠯᠤᠰ ᠤᠨ ᠠᠷᠠᠳ ᠲᠦᠮᠡᠨ ᠡᠩᠬᠡ ᠲᠠᠶᠢᠪᠤᠩ ᠢ ᠡᠷᠭᠢᠮᠯᠡᠳᠡᠭ ᠳᠡᠯᠡᠬᠡᠢ ᠶᠢᠨ ᠠᠷᠠᠳ ᠲᠦᠮᠡᠨ ᠲᠠᠢ ᠬᠠᠮᠲᠤ ᠪᠠᠷ ᠠᠮᠢ ᠨᠠᠰᠤ ᠪᠠᠷ ᠢᠶᠠᠨ ᠠᠮᠢ ᠨᠠᠰᠤ ᠶᠢ ᠬᠠᠮᠠᠭᠠᠯᠠᠵᠤ᠂ ᠢᠲᠡᠭᠡᠯ ᠵᠣᠷᠢᠭ ᠢᠶᠠᠷ ᠢᠲᠡᠭᠡᠯ ᠵᠣᠷᠢᠭ ᠢ ᠬᠥᠪᠴᠢᠯᠡᠪᠡ᠃ ᠭᠠᠰᠠᠯᠠᠩ ᠵᠣᠪᠠᠯᠠᠩ ᠪᠠ ᠦᠷᠡᠭᠳᠡᠯ ᠤᠨ ᠳᠠᠪᠲᠠᠯᠲᠠ ᠨᠢ ᠢᠯᠠᠯᠲᠠ ᠪᠤᠯᠬᠤ ᠪᠠᠷ ᠪᠠᠷᠠᠬᠤ ᠦᠭᠡᠢ᠂ ᠪᠠᠰᠠ ᠴᠤ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠭᠦᠨ ᠵᠤᠵᠠᠭᠠᠨ ᠨᠥᠬᠦᠷᠯᠡᠯ ᠮᠥᠨ᠃
ᠲᠡᠷᠢᠭᠦᠯᠡᠭᠴᠢ ᠰᠢ ᠶᠢᠨ ᠫᠢᠩ ᠤᠨ ᠨᠦᠭᠦᠭᠡ ᠲᠠᠯ᠎ᠠ ᠳᠤ ᠰᠠᠭᠤᠭᠰᠠᠨ ᠨᠢ ᠡᠩᠭᠡᠷ ᠳᠦᠭᠦᠷᠡᠩ ᠭᠠᠪᠢᠶᠠᠨ ᠲᠡᠮᠳᠡᠭ ᠵᠡᠭᠦᠭᠰᠡᠨ ᠵᠠᠭᠤᠨ ᠨᠠᠰᠤᠲᠠᠢ ᠠᠬᠠᠮᠠᠳ ᠪᠠᠶᠢᠯᠳᠤᠭᠴᠢ ᠢᠸᠦᠭᠧᠨᠢ•ᠽᠧᠨᠡᠮᠢᠨᠰᠺᠢ ᠪᠣᠯᠣᠨ᠎ᠠ᠃
ᠨᠠᠰᠤ ᠠᠬᠠᠰᠢᠷᠠᠵᠤ ᠦᠰᠦ ᠨᠢ ᠪᠤᠭᠤᠷᠤᠯᠲᠤᠭᠰᠠᠨ ᠴᠤ ᠴᠡᠷᠢᠭ ᠬᠥᠮᠥᠨ ᠤ ᠴᠤᠭ ᠰᠦᠯᠳᠡ ᠨᠢ ᠬᠠᠷᠢᠨ ᠲᠡᠷᠡ ᠬᠡᠪ ᠢᠶᠠᠷ ᠢᠶᠠᠨ᠃ ᠲᠡᠷᠡ ᠰᠡᠳᠬᠢᠯ ᠬᠥᠳᠡᠯᠦᠨ ᠲᠡᠷᠢᠭᠦᠯᠡᠭᠴᠢ ᠰᠢ ᠶᠢᠨ ᠫᠢᠩ ᠤᠨ ᠭᠠᠷ ᠢ ᠠᠳᠬᠤᠵᠤ᠄ ︽ᠳᠡᠯᠡᠬᠡᠢ ᠳᠡᠭᠡᠷ᠎ᠡ ᠶᠠᠮᠠᠷ ᠴᠤ ᠬᠦᠴᠦᠨ ᠭᠡᠳ ᠪᠢᠳᠡᠨ ᠢ ᠳᠠᠷᠤᠵᠤ ᠳᠡᠶᠢᠯᠭᠦ ᠦᠭᠡᠢ ᠶᠤᠮ︾ ᠭᠡᠪᠡ᠃ ᠡᠨᠡ ᠪᠣᠯ ᠠᠷᠢᠭᠤᠨ ᠴᠢᠰᠤ ᠪᠠ ᠠᠮᠢ ᠨᠠᠰᠤ ᠪᠠᠷ ᠪᠠᠷᠢᠯᠳᠤᠭᠰᠠᠨ ᠰᠡᠩᠬᠡᠷᠡᠭᠦᠯᠦᠯ ᠪᠣᠯᠣᠨ᠎ᠠ᠃
ᠡᠨᠡ ᠵᠢᠯ ᠪᠣᠯ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 80 ᠵᠢᠯ ᠤᠨ ᠤᠢ ᠪᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ᠃ ᠲᠡᠷᠢᠭᠦᠯᠡᠭᠴᠢ ᠰᠢ ᠶᠢᠨ ᠫᠢᠩ᠂ ︽ᠲᠡᠦᠬᠡ ᠶᠢᠨ ᠬᠠᠮᠤᠭ ᠤᠨ ᠰᠠᠶᠢᠨ ᠵᠠᠯᠭᠠᠮᠵᠢᠯᠠᠯ ᠪᠣᠯ ᠳᠠᠷᠤᠢ ᠰᠢᠨ᠎ᠡ ᠲᠡᠦᠬᠡ ᠶᠢ ᠡᠭᠦᠳᠦᠨ ᠪᠦᠲᠦᠭᠡᠬᠦ ᠶᠠᠪᠤᠳᠠᠯ ᠪᠣᠯᠣᠨ᠎ᠠ︾ ᠭᠡᠵᠦ ᠬᠡᠯᠡᠵᠦ ᠥᠩᠭᠡᠷᠡᠪᠡ᠃ ᠲᠡᠷᠡ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ ᠭᠠᠷ ᠤᠨ ᠦᠰᠦᠭ ᠵᠢᠷᠤᠭᠰᠠᠨ ᠲᠡᠷᠡ ᠬᠦ ᠬᠠᠮᠲᠤᠷᠠᠭᠰᠠᠨ ᠢᠯᠡᠷᠬᠡᠶᠢᠯᠡᠯᠲᠡ ᠳᠤ᠂ ᠲᠡᠦᠬᠡ ᠶᠢᠨ ᠤᠯᠠᠷᠢᠯ ᠬᠤᠪᠢᠰᠤᠯ ᠢ ᠥᠭᠦᠯᠡᠵᠦ ᠢᠷᠡᠭᠡᠳᠦᠢ ᠶᠢᠨ ᠲᠤᠬᠠᠢ ᠢᠲᠡᠭᠡᠯ ᠪᠠᠲᠤ ᠢᠩᠭᠢᠵᠦ ᠪᠢᠴᠢᠭᠯᠡᠪᠡ᠄
︽ᠳᠡᠯᠡᠬᠡᠢ ᠶᠢᠨ ᠬᠤᠶᠠᠳᠤᠭᠠᠷ ᠲᠠᠶᠢᠨ ᠤ ᠲᠡᠦᠬᠡ ᠶᠢ ᠥᠭᠡᠷᠡᠲᠦᠭᠦᠯᠬᠦ᠂ ᠳᠤᠮᠳᠠᠳᠤ ᠤᠷᠤᠰ ᠤᠨ ᠳᠡᠯᠡᠬᠡᠢ ᠶᠢᠨ ᠬᠤᠶᠠᠳᠤᠭᠠᠷ ᠲᠠᠶᠢᠨ ᠤ ᠲᠡᠦᠬᠡᠨ ᠭᠠᠪᠢᠶ᠎ᠠ ᠵᠢᠳᠬᠦᠯ ᠢ ᠮᠠᠭᠤᠰᠢᠶᠠᠬᠤ ᠪᠠ ᠪᠠᠯᠠᠯᠬᠤ᠂ ᠴᠢᠯᠦᠭᠡᠯᠡᠭᠴᠢ ᠶᠢᠨ ᠳᠦᠷᠢ ᠲᠥᠷᠬᠦ ᠶᠢ ᠭᠤᠲᠤᠭᠠᠬᠤ ᠶᠠᠮᠠᠷᠪᠠ ᠠᠵᠢᠯᠯᠠᠭ᠎ᠠ ᠶᠢ ᠡᠷᠡᠰ ᠪᠤᠳᠠ ᠨᠢᠷᠭᠡᠨ᠎ᠡ︾︔
︽ᠬᠥᠮᠥᠨ ᠲᠥᠷᠥᠯᠬᠢᠲᠡᠨ ᠳᠡᠯᠡᠬᠡᠢ ᠶᠢᠨ ᠬᠤᠶᠠᠳᠤᠭᠠᠷ ᠲᠠᠶᠢᠨ ᠤ ᠭᠤᠨᠢᠭᠲᠤ ᠵᠦᠴᠦᠭᠡ ᠵᠢᠴᠢ ᠲᠡᠭᠦᠨ ᠤ ᠰᠢᠯᠲᠠᠭᠠᠨ ᠪᠠ ᠰᠤᠷᠭᠠᠮᠵᠢ ᠶᠢ ᠡᠭᠦᠷᠢᠳᠡ ᠴᠡᠭᠡᠵᠢᠯᠡᠵᠦ᠂ ᠡᠶᠢᠮᠦᠷᠬᠦᠦ ᠭᠤᠨᠢᠭᠲᠤ ᠵᠦᠴᠦᠭᠡ ᠶᠢᠨ ᠳᠠᠭᠢᠨ ᠡᠭᠦᠰᠬᠦ ᠶᠢ ᠴᠢᠷᠮᠠᠶᠢᠨ ᠬᠤᠷᠢᠭᠯᠠᠬᠤ ᠬᠡᠷᠡᠭᠲᠡᠢ︾︔
᠁
ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠴᠢᠬᠤᠯᠠ ᠣᠨ ᠵᠢᠯ᠂ ᠰᠠᠯᠬᠢ ᠳᠡᠭᠳᠡᠨ ᠡᠭᠦᠯᠡ ᠬᠤᠶᠢᠯᠠᠷᠠᠭᠰᠠᠨ ᠣᠷᠤᠭ᠎ᠠ ᠪᠤᠰᠬᠠᠭ᠎ᠠ ᠳᠡᠯᠡᠬᠡᠢ ᠶᠢᠨ ᠪᠠᠶᠢᠳᠠᠯ ᠤᠨ ᠡᠮᠦᠨ᠎ᠡ᠂ ᠳᠤᠮᠳᠠᠳᠤ ᠤᠷᠤᠰ ᠬᠤᠶᠠᠷ ᠤᠯᠤᠰ ᠨᠢᠭᠲᠠᠷᠠᠨ ᠪᠦᠯᠬᠦᠮᠳᠡᠵᠦ᠂ ︽ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠭᠠᠷ ᠬᠤᠯᠪᠣᠨ ᠬᠠᠮᠠᠭᠠᠯᠠᠵᠤ᠂ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠨᠡᠩ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ︾᠃
ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠲᠡᠭᠦᠰᠬᠦ ᠳᠤ᠂ ᠲᠡᠷᠢᠭᠦᠯᠡᠭᠴᠢ ᠰᠢ ᠶᠢᠨ ᠫᠢᠩ ᠪᠠᠶᠠᠷ ᠤᠨ ᠶᠣᠰᠣᠯᠠᠯ ᠳᠤ ᠣᠷᠣᠯᠴᠠᠬᠰᠠᠨ ᠪᠤᠰᠤᠳ ᠤᠳᠤᠷᠢᠳᠬᠤ ᠬᠥᠮᠥᠰ ᠲᠠᠢ ᠬᠠᠮᠲᠤ ᠪᠠᠷ ᠤᠯᠠᠭᠠᠨ ᠲᠠᠯᠠᠪᠠᠢ ᠠᠴᠠ ᠠᠯᠸᠺᠰᠠᠨᠳ᠋ᠷ ᠴᠡᠴᠡᠷᠯᠢᠭ ᠲᠤ ᠠᠯᠬᠤᠨ ᠭᠦᠷᠪᠡ᠃ ᠨᠡᠷ᠎ᠡ ᠦᠭᠡᠢ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠡᠮᠦᠨ᠎ᠡ᠂ ᠲᠡᠳᠡ ᠲᠥᠪ ᠵᠣᠭᠰᠣᠨ ᠨᠠᠮᠠᠨᠴᠢᠯᠠᠪᠠ᠃
ᠨᠢᠭᠡ ᠭᠠᠩ ᠲᠤᠭᠤᠯᠭ᠎ᠠ᠂ ᠨᠢᠭᠡ ᠤᠯᠠᠭᠠᠨ ᠲᠤᠭ᠂ ᠨᠢᠭᠡ ᠪᠠᠭᠴᠠ ᠤᠨᠲᠠᠷᠠᠰᠢ ᠦᠭᠡᠢ ᠭᠠᠯ᠃
9 ᠤ ᠦᠳᠡ ᠳᠤ᠂ ᠲᠡᠷᠢᠭᠦᠯᠡᠭᠴᠢ ᠰᠢ ᠶᠢᠨ ᠫᠢᠩ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠣᠯᠣᠭᠰᠠᠨ 80 ᠵᠢᠯ ᠤᠨ ᠤᠢ ᠶᠢ ᠪᠡᠯᠭᠡᠯᠡᠬᠦ ᠳᠠᠶᠢᠯᠠᠯᠭ᠎ᠠ ᠳᠤ ᠣᠷᠣᠯᠴᠠᠪᠠ᠃
︽ᠢᠯᠠᠯᠲᠠ ᠶᠢᠨ ᠡᠳᠦᠷ︾᠂ ︽ᠪᠠᠶᠢᠯᠳᠤᠭᠴᠢ ᠶᠢᠨ ᠳᠠᠭᠤᠤ︾᠂ ︽ᠡᠬᠡ ᠤᠯᠤᠰ ᠬᠠᠮᠢᠭ᠎ᠠ ᠠᠴᠠ ᠡᠬᠢᠯᠡᠭᠰᠡᠨ ᠪᠤᠢ︾ ᠁ ᠵᠢᠷᠤᠭ ᠳᠦᠷᠰᠦ ᠰᠢᠩᠭᠡᠭᠡᠯᠲᠡ ᠨᠢ ᠬᠥᠭᠵᠢᠮ ᠠᠶᠠᠰ ᠢ ᠳᠠᠭᠠᠯᠳᠤᠨ ᠰᠣᠯᠢᠭᠳᠠᠵᠤ᠂ ᠳᠠᠶᠢᠨ ᠤ ᠤᠨᠢᠶᠠᠷ ᠤᠳᠤᠭ᠎ᠠ᠂ ᠡᠩᠬᠡ ᠲᠠᠶᠢᠪᠤᠩ ᠤᠨ ᠨᠡᠷᠡᠨ ᠤ ᠭᠡᠷᠡᠯ ᠨᠠᠭᠠᠰᠢᠯᠠᠨ ᠬᠠᠷᠠᠭᠳᠠᠨ᠎ᠠ᠃ ᠬᠥᠮᠥᠰ ᠲᠡᠭᠦᠨ ᠤ ᠳᠣᠲᠣᠷ᠎ᠠ ᠰᠣᠭᠲᠣᠭᠤᠷᠠᠵᠤ᠂ ᠤᠬᠠᠵᠤ᠂ ᠪᠣᠳᠣᠯᠬᠢᠯᠠᠵᠤ ᠰᠡᠳᠬᠢᠨ᠎ᠡ᠃
ᠡᠶᠢᠮᠦ ᠨᠢᠭᠡᠨ ᠨᠠᠷᠢᠨ ᠵᠦᠢᠯᠡᠰ ᠪᠤᠢ᠃ ᠳᠠᠶᠢᠯᠠᠯᠭ᠎ᠠ ᠳᠠᠭᠤᠰᠤᠭᠰᠠᠨ ᠤ ᠳᠠᠷᠠᠭ᠎ᠠ᠂ ᠲᠡᠷᠢᠭᠦᠯᠡᠭᠴᠢ ᠰᠢ ᠶᠢᠨ ᠫᠢᠩ ᠤᠳᠠᠯ ᠦᠭᠡᠢ ᠰᠠᠭᠤᠳᠠᠯ ᠠᠴᠠ ᠪᠠᠨ ᠰᠠᠯᠬᠤ ᠭᠡᠵᠦ ᠪᠠᠶᠢᠭᠰᠠᠨ ᠦᠶ᠎ᠡ ᠳᠤ᠂ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾ ᠭᠡᠬᠦ ᠳᠠᠭᠤᠤ ᠬᠠᠩᠭᠢᠨᠠᠪᠠ᠃ ᠡᠨᠡ ᠪᠣᠯ ᠬᠥᠭᠵᠢᠮ ᠤᠨ ᠠᠩᠭᠢ ᠲᠤᠰᠬᠠᠶᠢᠯᠠᠨ ᠳᠤᠮᠳᠠᠳᠤ ᠤᠯᠤᠰ ᠤᠨ ᠬᠦᠨᠳᠦᠲᠦ ᠵᠣᠴᠢᠨ ᠳᠤ ᠬᠥᠭᠵᠢᠮᠳᠡᠨ ᠡᠷᠭᠦᠭᠰᠡᠨ ᠪᠢᠯᠡ᠃
ᠲᠡᠷᠢᠭᠦᠯᠡᠭᠴᠢ ᠰᠢ ᠶᠢᠨ ᠫᠢᠩ ᠤᠷᠤᠭᠰᠢ ᠠᠯᠬᠤᠵᠤ ᠣᠴᠢᠨ᠂ ᠭᠠᠷ ᠠᠳᠬᠤᠵᠤ᠂ ᠬᠠᠮᠲᠤ ᠶᠢᠨ ᠰᠡᠭᠦᠳᠡᠷ ᠲᠠᠲᠠᠭᠤᠯᠪᠠ᠃ ᠬᠠᠮᠲᠤ ᠶᠢᠨ ᠭᠠᠰᠠᠯᠠᠩ ᠵᠣᠪᠠᠯᠠᠩᠲᠤ ᠲᠡᠦᠬᠡ᠂ ᠡᠰᠡᠷᠭᠦᠴᠡᠨ ᠲᠡᠮᠡᠴᠡᠭᠰᠡᠨ ᠲᠡᠦᠬᠡ ᠶᠢ ᠥᠩᠭᠡᠷᠡᠭᠦᠯᠪᠡ᠂ ᠪᠡᠭᠡᠵᠢᠩ — ᠮᠣᠰᠺᠸᠠ ᠶᠢᠨ ᠰᠡᠳᠬᠢᠯ ᠤᠨ ᠵᠠᠢ ᠡᠶᠢᠮᠦ ᠣᠶᠢᠷᠠᠬᠠᠨ ᠠᠵᠢ︕
1945 ᠣᠨ ᠤ 9 ᠰᠠᠷ᠎ᠠ ᠶᠢᠨ 3 ᠤ ᠡᠳᠦᠷ᠂ 1945 ᠣᠨ ᠤ 5 ᠰᠠᠷ᠎ᠠ ᠶᠢᠨ 9 ᠤ ᠡᠳᠦᠷ᠂ ᠲᠡᠦᠬᠡᠨ ᠳᠤ ᠲᠡᠮᠳᠡᠭᠯᠡᠭᠳᠡᠭᠰᠡᠨ᠂ ᠬᠥᠮᠥᠰ ᠤᠨ ᠰᠡᠳᠬᠢᠯ ᠢ ᠳᠣᠬᠳᠣᠯᠤᠭᠤᠯᠤᠬᠰᠠᠨ ᠡᠨᠡ ᠬᠤᠶᠠᠷ ᠴᠠᠭ ᠬᠤᠭᠤᠴᠠᠭ᠎ᠠ᠂ ᠳᠤᠮᠳᠠᠳᠤ ᠤᠯᠤᠰ᠂ ᠵᠥᠪᠯᠡᠯᠲᠦ᠂ ᠦᠬᠦᠯ ᠤᠨ ᠳᠠᠪᠠᠭ᠎ᠠ ᠶᠢ ᠲᠤᠭᠤᠯᠵᠤ᠂ ᠨᠤᠭᠤᠷᠠᠯ ᠪᠦᠳᠦᠷᠢᠯ ᠤᠨ ᠳᠤᠮᠳᠠ ᠡᠷᠡᠯᠬᠡᠭ ᠪᠠᠭᠠᠲᠤᠷᠯᠢᠭ ᠢᠶᠠᠷ ᠲᠡᠮᠡᠴᠡᠵᠦ᠂ ᠢᠯᠠᠯᠲᠠ ᠶᠢᠨ ᠪᠦᠷᠢᠶ᠎ᠡ ᠶᠢᠨ ᠲᠠᠭᠤᠨ ᠤᠳᠠᠲᠠᠯ᠎ᠠ ᠴᠤᠤᠷᠢᠶᠠᠲᠤᠨ᠎ᠠ᠃ 3500 ᠭᠠᠷᠤᠢ ᠲᠦᠮᠡ᠂ 2700 ᠭᠠᠷᠤᠢ ᠲᠦᠮᠡ᠂ ᠬᠡᠪᠴᠢᠶ᠎ᠡ ᠪᠠᠷ ᠮᠤᠨᠳᠠᠭ ᠶᠡᠭᠡ᠂ ᠵᠢᠷᠦᠬᠡ ᠰᠢᠮᠰᠢᠷᠡᠭᠦᠯᠦᠮ᠎ᠡ ᠡᠨᠡ ᠬᠤᠶᠠᠷ ᠲᠤᠭ᠎ᠠ ᠨᠢ ᠳᠡᠯᠡᠬᠡᠢ ᠶᠢᠨ ᠬᠤᠶᠠᠳᠤᠭᠠᠷ ᠲᠡᠶᠢᠨ ᠤ ᠳᠤᠮᠳᠠᠳᠤ ᠤᠯᠤᠰ ᠪᠣᠯᠣᠨ ᠵᠥᠪᠯᠡᠯᠲᠦ ᠶᠢᠨ ᠠᠽᠢᠶ᠎ᠠ ᠲᠢᠪ ᠪᠣᠯᠣᠨ ᠡᠸᠦ᠋ᠷᠦᠫᠡ ᠲᠢᠪ ᠤᠨ ᠭᠤᠣᠯ ᠲᠡᠶᠢᠨ ᠤ ᠲᠠᠯᠠᠪᠤᠷ ᠲᠠᠬᠢ ᠦᠬᠦᠵᠦ ᠰᠢᠷᠬᠠᠲᠤᠭᠰᠠᠨ ᠬᠥᠮᠥᠨ ᠤ ᠲᠤᠭ᠎ᠠ ᠪᠣᠯᠣᠨ᠎ᠠ᠃
ᠳᠤᠷᠠᠰᠬᠠᠵᠤ ᠪᠠᠶᠢᠭ᠎ᠠ ᠶᠢᠨ ᠤᠴᠢᠷ ᠭᠡᠪᠡᠯ ᠬᠤᠶᠠᠷ ᠪᠠᠭᠠᠲᠤᠷᠯᠢᠭ ᠤᠯᠤᠰ᠂ ᠪᠠᠭᠠᠲᠤᠷᠴᠤᠳ ᠤᠨ ᠵᠣᠷᠢᠭ ᠰᠠᠨᠠᠭ᠎ᠠ ᠪᠠᠷ ᠦᠨᠳᠦᠰᠦᠲᠡᠨ ᠤ ᠠᠮᠢᠨ ᠰᠤᠳᠠᠰᠤ ᠪᠠᠨ ᠴᠣᠬᠴᠠᠯᠠᠨ᠎ᠠ︔ ᠤᠴᠢᠷ ᠨᠢ ᠡᠩᠬᠡ ᠲᠠᠶᠢᠪᠤᠩ ᠪᠠ ᠰᠢᠳᠤᠷᠭᠤ ᠶᠣᠰᠣ ᠭᠢᠯᠪᠠᠷ ᠪᠤᠰᠤ ᠪᠠᠷ ᠢᠷᠡᠭᠰᠡᠨ ᠶᠤᠮ᠂ ᠭᠠᠷ ᠬᠤᠯᠪᠣᠨ ᠬᠠᠮᠠᠭᠠᠯᠠᠬᠤ ᠬᠡᠷᠡᠭᠲᠡᠢ᠃
︽ᠲᠡᠦᠬᠡ ᠪᠠᠨ ᠪᠠᠲᠤ ᠴᠡᠭᠡᠵᠢᠯᠡᠬᠦ ᠨᠢ ᠥᠰᠢᠶ᠎ᠡ ᠬᠤᠷᠣᠰᠤᠯ ᠢᠶᠠᠨ ᠦᠷᠭᠦᠯᠵᠢᠯᠡᠭᠦᠯᠬᠦ ᠶᠢᠨ ᠲᠥᠯᠥᠭᠡ ᠪᠢᠰᠢ᠂ ᠬᠠᠷᠢᠨ ᠢᠷᠡᠭᠡᠳᠦᠢ ᠶᠢ ᠨᠡᠩ ᠰᠠᠶᠢᠲᠤᠷ ᠨᠡᠭᠡᠭᠡᠬᠦ ᠶᠢᠨ ᠲᠥᠯᠥᠭᠡ ᠶᠤᠮ︾ ᠲᠡᠷᠢᠭᠦᠯᠡᠭᠴᠢ ᠰᠢ ᠶᠢᠨ ᠫᠢᠩ ᠲᠡᠦᠬᠡ ᠶᠢᠨ ᠵᠣᠭᠰᠣᠴᠠ ᠠᠴᠠ ᠢᠷᠡᠭᠡᠳᠦᠢ ᠶᠢ ᠪᠠᠷᠠᠯᠠᠨ᠎ᠠ᠃
ᠬᠤᠶᠠᠷ ᠤᠯᠤᠰ ᠤᠨ ᠲᠡᠷᠢᠭᠦᠨ ᠡᠨᠡ ᠵᠢᠯ ᠤᠨ ᠨᠠᠮᠤᠷ ᠲᠠᠭᠢᠨ ᠪᠣᠯᠵᠣᠪᠠ᠃ ᠲᠡᠷᠡ ᠬᠦ ᠠᠭᠤᠤ ᠶᠡᠭᠡ ᠲᠡᠦᠬᠡ ᠶᠢᠨ ᠡᠷᠭᠢᠯᠲᠡ ᠶᠢᠨ ᠴᠡᠭ ᠤᠨ ᠳᠤᠷᠠᠰᠬᠠᠯ ᠤᠨ ᠡᠳᠦᠷ᠂ ᠳᠤᠮᠳᠠᠳᠤ ᠤᠯᠤᠰ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠤ ᠢᠯᠠᠯᠲᠠ ᠣᠯᠣᠭᠰᠠᠨ 80 ᠵᠢᠯ ᠤᠨ ᠤᠢ ᠶᠢ ᠦᠪᠡᠳᠡᠭᠰᠢ ᠶᠡᠭᠡ ᠪᠠᠷ ᠳᠤᠷᠠᠰᠬᠠᠬᠤ ᠪᠣᠯᠣᠨ᠎ᠠ᠃
︵ᠭᠤᠷᠪᠠ︶ ᠭᠠᠷ ᠠᠳᠬᠤᠯᠴᠠᠭᠰᠠᠨ ᠴᠠᠭ ᠮᠥᠴᠡ
︽ᠬᠠᠮᠤᠭ ᠤᠨ ᠬᠦᠴᠦᠷᠬᠡᠭ ᠬᠦᠴᠦᠨ ᠪᠣᠯ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠶᠠᠪᠤᠳᠠᠯ ᠪᠣᠯᠣᠨ᠎ᠠ᠂ ᠬᠠᠮᠤᠭ ᠤᠨ ᠪᠦᠲᠦᠮᠵᠢᠲᠡᠢ ᠠᠷᠭ᠎ᠠ ᠪᠣᠯ ᠦᠨᠡᠨ ᠰᠡᠳᠬᠢᠯ ᠠᠴᠠ ᠪᠠᠨ ᠳᠡᠮᠵᠢᠯᠴᠡᠨ ᠲᠤᠰᠠᠯᠠᠯᠴᠠᠬᠤ ᠶᠠᠪᠤᠳᠠᠯ ᠪᠣᠯᠣᠨ᠎ᠠ︾
ᠪᠠᠶᠠᠷ ᠤᠨ ᠶᠣᠰᠣᠯᠠᠯ ᠳᠤ ᠣᠷᠤᠯᠴᠠᠬᠤ ᠶᠢᠨ ᠵᠠᠪᠰᠠᠷ ᠢᠶᠠᠷ᠂ ᠭᠠᠳᠠᠭᠠᠳᠤ ᠶᠢᠨ ᠤᠯᠤᠰ ᠲᠦᠷᠦ ᠶᠢᠨ ᠴᠢᠬᠤᠯᠠ ᠬᠥᠮᠥᠰ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠵᠦ᠂ ᠲᠡᠷᠢᠭᠦᠯᠡᠭᠴᠢ ᠰᠢ ᠶᠢᠨ ᠫᠢᠩ ᠲᠠᠢ ᠭᠠᠷ ᠠᠳᠬᠤᠨ ᠮᠡᠨᠳᠦᠴᠢᠯᠡᠪᠡ᠃ ᠣᠯᠠᠩᠬᠢ ᠨᠢ ᠬᠠᠭᠤᠴᠢᠨ ᠨᠠᠶᠢᠵᠠ᠂ ᠵᠠᠷᠢᠮ ᠨᠢ ᠡᠮᠦᠨᠡᠬᠡᠨ ᠰᠠᠶ᠋ᠢ ᠠᠭᠤᠯᠵᠠᠵᠤ ᠥᠩᠭᠡᠷᠡᠭᠰᠡᠨ᠂ ᠵᠠᠷᠢᠮ ᠨᠢ ᠤᠳᠠᠯ ᠦᠭᠡᠢ ᠪᠠᠰᠠ ᠠᠭᠤᠯᠵᠠᠬᠤ ᠪᠣᠯᠣᠨ᠎ᠠ᠃
ᠪᠠᠶᠠᠷ ᠤᠨ ᠶᠣᠰᠣᠯᠠᠯ ᠲᠡᠭᠦᠰᠦᠭᠰᠡᠨ ᠲᠡᠷᠡ ᠦᠳᠡ ᠶᠢᠨ ᠬᠤᠶᠢᠨ᠎ᠠ ᠠᠴᠠ ᠡᠬᠢᠯᠡᠨ᠂ ᠰᠧᠷᠪᠢᠶ᠎ᠠ᠂ ᠪᠢᠷᠮᠠ᠂ ᠺᠦᠪᠡ᠂ ᠸᠧᠨᠧᠽᠦ᠋ᠧᠯᠠ᠂ ᠰᠯᠦᠸᠠᠺᠢᠶᠠ ᠶᠢᠨ ᠤᠳᠤᠷᠢᠳᠬᠤ ᠬᠥᠮᠥᠨ ᠤᠷᠢᠳ ᠬᠤᠵᠢᠳ ᠲᠡᠷᠢᠭᠦᠯᠡᠭᠴᠢ ᠰᠢ ᠶᠢᠨ ᠫᠢᠩ ᠤᠨ ᠪᠠᠭᠤᠭᠰᠠᠨ ᠵᠣᠴᠢᠳ ᠤᠨ ᠪᠠᠭᠤᠳᠠᠯ ᠳᠤ ᠬᠦᠷᠴᠦ ᠢᠷᠡᠨ ᠠᠭᠤᠯᠵᠠᠪᠠ᠃
ᠤᠯᠤᠰ ᠤᠨ ᠲᠤᠭ ᠡᠮᠬᠢ ᠵᠢᠷᠤᠮ ᠲᠠᠢ ᠰᠣᠯᠢᠭᠳᠠᠵᠤ᠂ ᠠᠭᠤᠯᠵᠠᠯᠲᠠ ᠶᠢᠨ ᠲᠢᠩᠬᠢᠮ ᠤᠨ ᠡᠭᠦᠳᠡ ᠨᠡᠭᠡᠭᠡᠭᠳᠡᠨ ᠬᠠᠭᠠᠭᠳᠠᠨ᠎ᠠ᠃ ᠮᠣᠰᠺᠸᠠ ᠳᠠᠬᠢ ᠭᠠᠷ ᠠᠳᠬᠤᠯᠴᠠᠭᠰᠠᠨ ᠴᠠᠭ ᠮᠥᠴᠡ ᠳᠤ᠂ ᠰᠢᠯᠵᠢᠰᠢ ᠦᠭᠡᠢ ᠬᠥᠷᠰᠢ ᠵᠡᠷᠭᠡᠯᠡᠳᠡᠭᠡ ᠤᠯᠤᠰ ᠪᠠᠶᠢᠬᠤ ᠪᠥᠭᠡᠳ ᠪᠠᠰᠠ ︽ᠲᠡᠭᠷᠢ ᠶᠢᠨ ᠬᠢᠵᠠᠭᠠᠷ ᠲᠤ ᠪᠠᠶᠢᠭᠰᠠᠨ ᠴᠦ ᠬᠥᠷᠰᠢ ᠵᠡᠷᠭᠡᠯᠡᠳᠡᠭᠡ ᠤᠯᠤᠰ ᠮᠡᠲᠦ︾ ᠠᠯᠤᠰ ᠬᠤᠯᠠ ᠶᠢᠨ ᠤᠯᠤᠰ ᠴᠤ ᠪᠤᠢ᠃
ᠬᠤᠶᠠᠷ ᠲᠠᠯ᠎ᠠ ᠶᠢᠨ ᠬᠠᠷᠢᠯᠴᠠᠭᠠᠨ ᠤ ᠠᠯᠬᠤᠮ ᠪᠦᠷᠢ ᠶᠢᠨ ᠰᠣᠩᠭᠤᠯᠲᠠ ᠨᠢ ᠴᠥᠮ ᠰᠦᠷ ᠳᠠᠯᠠᠶᠢᠴᠠᠲᠠᠢ ᠴᠠᠭ ᠦᠶ᠎ᠡ ᠶᠢᠨ ᠶᠡᠭᠡ ᠤᠷᠤᠰᠬᠠᠯ ᠳᠤᠮᠳᠠ᠂ ᠳᠡᠯᠡᠬᠡᠢ ᠶᠢᠨ ᠪᠠᠶᠢᠷᠢᠰᠢᠯ ᠤᠨ ᠶᠡᠭᠡ ᠪᠣᠷᠣ ᠲᠥᠯᠥᠪ ᠤᠨ ᠳᠣᠣᠷ᠎ᠠ ᠶᠠᠪᠤᠭᠳᠠᠵᠤ ᠪᠠᠶᠢᠨ᠎ᠠ᠃ ᠬᠥᠮᠥᠰ ᠤᠨ ᠡᠮᠦᠨ᠎ᠡ ᠲᠠᠯᠪᠢᠭᠳᠠᠵᠤ ᠪᠠᠶᠢᠭ᠎ᠠ ᠨᠢ ᠵᠠᠪᠠᠯ ᠬᠠᠷᠢᠭᠤᠯᠬᠤ ᠬᠤᠶᠠᠷ ᠰᠡᠳᠦᠪ ᠪᠣᠯᠣᠨ᠎ᠠ᠃
ᠨᠢᠭᠡ ᠰᠡᠳᠦᠪ᠄ ᠭᠠᠯᠵᠠᠭᠤᠷᠠᠭᠰᠠᠨ ᠮᠡᠲᠦ ᠬᠠᠮᠠᠭᠠᠯᠠᠬᠤ ᠦᠵᠡᠯ ᠤᠨ ᠡᠮᠦᠨ᠎ᠡ᠂ ᠠᠵᠤ ᠠᠬᠤᠢ ᠶᠢᠨ ᠳᠡᠯᠡᠬᠡᠶᠢᠵᠢᠯᠲᠡ ᠶᠢ ᠦᠷᠭᠦᠯᠵᠢᠯᠡᠨ ᠰᠣᠩᠭᠤᠬᠤ ᠶᠢ ᠪᠠᠷᠢᠮᠲᠠᠯᠠᠬᠤ ᠦᠦ︖
ᠡᠨᠡ ᠪᠣᠯ ᠠᠭᠤᠯᠵᠠᠯᠲᠠ ᠶᠢᠨ ᠳᠤᠮᠳᠠ ᠲᠣᠭᠤᠷᠢᠵᠤ ᠭᠠᠷᠴᠤ ᠴᠢᠳᠠᠬᠤ ᠦᠭᠡᠢ ᠶᠠᠷᠢᠶᠠᠨ ᠤ ᠰᠡᠳᠦᠪ ᠮᠥᠨ᠂ ᠡᠭᠦᠨ ᠳᠤ ᠴᠥᠭᠡᠨ ᠪᠤᠰᠤ ᠤᠯᠤᠰ ᠲᠦᠷᠦ ᠶᠢᠨ ᠴᠢᠬᠤᠯᠠ ᠬᠥᠮᠥᠰ ᠥᠪᠡᠷ ᠤᠨ ᠦᠵᠡᠯᠲᠡ ᠪᠠᠨ ᠳᠡᠯᠭᠡᠪᠡ᠃ ᠨᠢᠭᠡ ᠡᠳᠦᠷ ᠤᠨ ᠡᠮᠦᠨ᠎ᠡ᠂ ᠶᠡᠷᠦᠩᠬᠡᠶᠢᠯᠡᠭᠴᠢ ᠫᠦᠲ᠋ᠢᠨ᠄ ︽ᠥᠨᠳᠥᠷ ᠪᠣᠭᠤᠮᠲᠠ ᠶᠢᠨ ᠭᠠᠶᠢᠯᠢ ᠨᠡᠮᠡᠵᠦ ᠲᠠᠲᠠᠪᠤᠷᠢᠯᠠᠬᠤ ᠨᠢ ᠬᠡᠪ ᠤᠨ ᠶᠣᠰᠣ ᠠᠴᠠ ᠵᠥᠷᠢᠴᠡᠬᠦ ᠪᠥᠭᠡᠳ ᠬᠠᠤᠯᠢ ᠳᠤ ᠨᠡᠶᠢᠴᠡᠬᠦ ᠦᠭᠡᠢ᠂ ᠵᠥᠪᠭᠡᠨ ᠥᠪᠡᠷ ᠢ ᠪᠠᠨ ᠵᠠᠯᠭᠢᠬᠤ ᠶᠠᠪᠤᠳᠠᠯ ᠪᠣᠯᠣᠨ᠎ᠠ︾ ᠭᠡᠵᠦ ᠰᠢᠭᠤᠳ ᠬᠡᠯᠡᠪᠡ᠃
ᠳᠤᠮᠳᠠᠳᠤ ᠤᠯᠤᠰ ᠪᠣᠯᠣᠨ ᠡᠸᠦ᠋ᠷᠦᠫᠡ ᠲᠢᠪ᠂ ᠪᠦᠭᠦ ᠪᠥᠮᠪᠥᠷᠴᠡᠭ ᠤᠨ ᠴᠢᠯᠦᠭᠡᠲᠦ ᠠᠷᠠᠯᠵᠢᠶᠠᠨ ᠤ ᠪᠠᠶᠢᠭᠤᠯᠤᠮᠵᠢ ᠪᠣᠯᠣᠨ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ᠃ ᠰᠯᠤᠸᠠᠺᠢᠶᠠ ᠶᠢᠨ ᠶᠡᠷᠦᠩᠬᠡᠢ ᠰᠠᠶᠢᠳ ᠹᠸᠶᠢᠽᠦ᠋ᠸᠧ᠂ ︽ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠴᠢᠯᠦᠭᠡᠲᠦ ᠠᠷᠠᠯᠵᠢᠶᠠᠨ ᠤ ᠳᠦᠷᠢᠮ ᠢ ᠬᠠᠮᠠᠭᠠᠯᠠᠵᠤ᠂ ᠳᠡᠯᠡᠬᠡᠢ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠨ᠎ᠠ︾ ᠭᠡᠵᠦ ᠡᠷᠡᠰ ᠴᠢᠩᠭ᠎ᠠ ᠢᠯᠡᠳᠬᠡᠪᠡ᠃ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠮᠣᠰᠺᠸᠠ ᠳᠤ ᠬᠦᠷᠴᠦ᠂ ᠲᠡᠷᠢᠭᠦᠯᠡᠭᠴᠢ ᠰᠢ ᠶᠢᠨ ᠫᠢᠩ ᠲᠠᠢ ᠳᠠᠬᠢᠨᠲᠠ ᠠᠭᠤᠯᠵᠠᠭᠰᠠᠨ ᠪᠥᠭᠡᠳ ︽ᠰᠧᠷᠪᠢᠶ᠎ᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠪᠦᠯᠬᠦᠮᠳᠡᠵᠦ ᠪᠠᠶᠢᠭᠠᠳ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠤᠨ ᠠᠪᠴᠢᠷᠠᠭᠰᠠᠨ ᠥᠷᠢᠰᠦᠯᠳᠦᠭᠡᠨ ᠢ ᠠᠷᠭᠠᠴᠠᠭᠠᠨ᠎ᠠ︾ ᠭᠡᠵᠦ ᠳᠠᠬᠢᠨᠲᠠ ᠴᠢᠬᠤᠯᠠᠴᠢᠯᠠᠪᠠ᠃
︽ᠬᠦᠴᠢᠷ ᠪᠡᠷᠬᠡᠰᠢᠶᠡᠯ ᠢ ᠲᠤᠭᠤᠯᠤᠨ ᠭᠡᠭᠡᠨ ᠰᠠᠷᠠᠭᠤᠯ ᠲᠡᠶᠢᠰᠢ ᠤᠷᠤᠭᠰᠢᠯᠠᠬᠤ ᠶᠢᠨ ᠬᠠᠮᠤᠭ ᠤᠨ ᠬᠦᠴᠦᠷᠬᠡᠭ ᠬᠦᠴᠦᠨ ᠪᠣᠯ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠶᠠᠪᠤᠳᠠᠯ ᠪᠣᠯᠣᠨ᠎ᠠ᠂ ᠬᠠᠮᠤᠭ ᠤᠨ ᠪᠦᠲᠦᠮᠵᠢᠲᠡᠢ ᠠᠷᠭ᠎ᠠ ᠪᠣᠯ ᠦᠨᠡᠨ ᠰᠡᠳᠬᠢᠯ ᠠᠴᠠ ᠪᠠᠨ ᠳᠡᠮᠵᠢᠯᠴᠡᠨ ᠲᠤᠰᠠᠯᠠᠯᠴᠠᠬᠤ ᠶᠠᠪᠤᠳᠠᠯ ᠪᠣᠯᠣᠨ᠎ᠠ︾ ᠭᠡᠵᠦ ᠲᠡᠷᠢᠭᠦᠯᠡᠭᠴᠢ ᠰᠢ ᠶᠢᠨ ᠫᠢᠩ ᠬᠡᠯᠡᠪᠡ᠃
ᠲᠡᠦᠬᠡ ᠶᠢ ᠡᠷᠡᠯᠬᠡᠭ ᠵᠣᠷᠢᠬᠲᠠᠳ ᠡᠭᠦᠳᠦᠨ ᠪᠦᠲᠦᠭᠡᠭᠰᠡᠨ ᠶᠤᠮ᠃ ᠳᠤᠮᠳᠠᠳᠤ ᠤᠯᠤᠰ ᠤᠨ ᠢᠮᠠᠭᠲᠠ ᠪᠠᠷᠢᠮᠲᠠᠯᠠᠭᠰᠠᠭᠠᠷ ᠢᠷᠡᠭᠰᠡᠨ ︽ᠨᠡᠭᠡᠭᠡᠯᠲᠡ ᠬᠢᠵᠦ ᠬᠠᠮᠲᠤᠷᠠᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ︾ ᠵᠣᠭᠰᠣᠯᠲᠠ ᠨᠢ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ ᠮᠠᠰᠢ ᠬᠤᠪᠣᠷ ᠨᠠᠨᠳᠢᠨ ᠵᠦᠢᠯ ᠶᠤᠮ᠃ ᠲᠡᠷᠢᠭᠦᠯᠡᠭᠴᠢ ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ ︽ᠠᠵᠤ ᠠᠬᠤᠢ ᠶᠢᠨ ᠳᠡᠯᠡᠬᠡᠶᠢᠵᠢᠯᠲᠡ ᠶᠢᠨ ᠦᠷ᠎ᠡ ᠪᠦᠲᠦᠭᠡᠯ ᠢ ᠬᠠᠮᠠᠭᠠᠯᠠᠨ᠎ᠠ︾ ᠭᠡᠵᠦ ᠲᠣᠳᠣᠷᠬᠠᠢ ᠢᠯᠡᠳᠬᠡᠪᠡ᠃
ᠠᠭᠤᠯᠵᠠᠯᠲᠠ ᠬᠢᠬᠦ ᠦᠶᠡᠰ᠂ ᠭᠠᠳᠠᠭᠠᠳᠤ ᠶᠢᠨ ᠤᠯᠤᠰ ᠲᠦᠷᠦ ᠶᠢᠨ ᠴᠢᠬᠤᠯᠠ ᠬᠥᠮᠥᠰ ︽ᠨᠢᠭᠡ ᠪᠦᠰᠡ ᠨᠢᠭᠡ ᠵᠠᠮ︾᠂ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠵᠡᠷᠭᠡ ᠤᠬᠠᠭᠳᠠᠬᠤᠨ ᠢ ᠶᠠᠷᠢᠪᠠ᠃ ᠠᠷᠠᠯᠵᠢᠶᠠᠨ ᠤ ᠪᠠᠬᠢᠯᠡᠯᠲᠡ ᠳᠤ ᠥᠨᠥᠴᠢᠨ ᠠᠷᠠᠯ ᠪᠠᠶᠢᠭᠤᠯᠬᠤ᠂ ᠮᠡᠷᠭᠡᠵᠢᠯ ᠤᠨ ᠡᠵᠡᠷᠬᠡᠭᠯᠡᠯ ᠢᠶᠠᠷ ᠥᠨᠳᠥᠷ ᠬᠡᠷᠡᠮ ᠪᠣᠰᠬᠠᠵᠤ ᠪᠠᠶᠢᠭ᠎ᠠ ᠤᠳᠤ ᠦᠶ᠎ᠡ ᠳᠤ᠂ ᠳᠤᠮᠳᠠᠳᠤ ᠤᠯᠤᠰ ᠤᠨ ᠠᠵᠠ ᠲᠣᠭᠢᠶᠠᠯ᠂ ᠳᠤᠮᠳᠠᠳᠤ ᠤᠯᠤᠰ ᠤᠨ ᠬᠠᠷᠢᠭᠤᠴᠠᠯᠭ᠎ᠠ᠂ ᠠᠰᠢᠭ ᠬᠦᠷᠲᠡᠭᠡᠯ ᠨᠢ ᠵᠥᠪᠭᠡᠨ ᠬᠤᠶᠠᠷ ᠲᠠᠯ᠎ᠠ ᠶᠢᠨ ᠬᠢ ᠪᠢᠰᠢ᠂ ᠪᠠᠰᠠ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠵᠦ᠂ ᠳᠡᠯᠡᠬᠡᠢ ᠶᠢᠨ ᠠᠵᠤ ᠠᠬᠤᠢ ᠶᠢᠨ ᠰᠥᠷᠭᠡᠦ ᠤᠷᠤᠰᠬᠠᠯ ᠠᠴᠠ ᠭᠠᠷᠬᠤ ᠶᠢ ᠬᠦᠴᠦᠯᠡᠨ ᠠᠬᠢᠭᠤᠯᠵᠤ ᠪᠠᠶᠢᠨ᠎ᠠ᠃
ᠨᠥᠭᠦᠭᠡ ᠨᠢᠭᠡ ᠰᠡᠳᠦᠪ᠄ ᠲᠠᠰᠤᠷᠠᠯᠲᠠ ᠦᠭᠡᠢ ᠲᠣᠯᠣᠭᠠᠢ ᠥᠨᠳᠡᠶᠢᠵᠦ ᠪᠠᠶᠢᠭ᠎ᠠ ᠬᠦᠴᠦᠷᠬᠡᠭᠯᠡᠯ ᠤᠨ ᠤᠯᠤᠰ ᠲᠥᠷᠥ ᠶᠢᠨ ᠡᠮᠦᠨ᠎ᠡ᠂ ᠳᠡᠯᠡᠬᠡᠢ ᠶᠢᠨ ᠬᠤᠶᠠᠳᠤᠭᠠᠷ ᠳᠠᠶᠢᠨ ᠤ ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠳᠤ ᠬᠡᠷᠬᠢᠨ ᠵᠥᠪ ᠬᠠᠨᠳᠤᠬᠤ ᠪᠤᠶ︖
ᠥᠨᠥᠳᠥᠷ ᠤᠨ ᠳᠡᠯᠡᠬᠡᠢ ᠶᠢᠷᠲᠢᠨᠴᠦ ᠶᠢᠨ ᠬᠠᠮᠤᠭ ᠤᠨ ᠦᠨᠳᠦᠰᠦᠨ ᠥᠷᠢᠰᠦᠯᠳᠦᠭᠡᠨ ᠪᠣᠯ ᠡᠮᠬᠢ ᠳᠢᠭᠯᠢᠮ ᠤᠨ ᠥᠷᠢᠰᠦᠯᠳᠦᠭᠡᠨ ᠪᠣᠯᠣᠨ᠎ᠠ᠃ ᠳᠡᠯᠡᠬᠡᠢ ᠶᠢᠨ ᠬᠤᠶᠠᠳᠤᠭᠠᠷ ᠶᠡᠭᠡ ᠳᠠᠶᠢᠨ ᠤ ᠢᠯᠠᠯᠲᠠ ᠶᠢᠨ ᠦᠷ᠎ᠡ ᠪᠦᠲᠦᠭᠡᠯ ᠤᠨ ᠲᠥᠪᠯᠡᠷᠡᠩᠭᠦᠢ ᠢᠯᠡᠷᠡᠯ ᠪᠣᠯᠤᠭᠰᠠᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠣᠯᠠᠨ ᠤᠯᠤᠰ ᠤᠨ ᠰᠢᠰᠲ᠋ᠧᠮ ᠤᠷᠢᠳ ᠡᠮᠦᠨ᠎ᠡ ᠪᠠᠶᠢᠭ᠎ᠠ ᠦᠭᠡᠢ ᠳᠠᠭᠠᠷᠢᠯᠲᠠ ᠳᠤ ᠤᠴᠠᠷᠠᠪᠠ᠃
ᠠᠶᠢᠯᠴᠢᠯᠠᠯᠲᠠ ᠬᠢᠬᠦ ᠲᠠᠰᠢᠷᠠᠮ ᠢᠶᠠᠷ᠂ ᠲᠡᠷᠢᠭᠦᠯᠡᠭᠴᠢ ᠰᠢ ᠶᠢᠨ ᠫᠢᠩ᠄ ︽ᠳᠡᠯᠡᠬᠡᠢ ᠶᠢᠨ ᠪᠠᠶᠢᠳᠠᠯ ᠬᠡᠳᠦᠢ ᠡᠭᠡᠳᠡᠷᠡᠭᠡᠨ ᠪᠤᠳᠤᠯᠢᠶᠠᠨᠲᠠᠢ ᠪᠤᠯᠬᠤ ᠲᠤᠳᠤᠮ᠂ ᠪᠢᠳᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠢ ᠲᠡᠳᠦᠢ ᠪᠠᠷᠢᠮᠲᠠᠯᠠᠨ ᠬᠠᠮᠠᠭᠠᠯᠠᠬᠤ ᠬᠡᠷᠡᠭᠲᠡᠢ︾ ᠭᠡᠵᠦ ᠭᠦᠨᠵᠡᠭᠡᠢ ᠵᠢᠭᠠᠵᠤ ᠭᠠᠷᠭᠠᠪᠠ᠃
ᠳᠡᠯᠡᠬᠡᠢ ᠶᠢᠷᠲᠢᠨᠴᠦ ᠲᠥᠪ ᠭᠤᠣᠯᠴᠢ ᠪᠠᠶᠢᠬᠤ ᠬᠡᠷᠡᠭᠲᠡᠢ᠂ ᠬᠠᠷᠭᠢᠰ ᠬᠡᠷᠴᠡᠭᠡᠢ ᠪᠠᠶᠢᠵᠤ ᠪᠤᠯᠬᠤ ᠦᠭᠡᠢ᠂ ᠲᠡᠦᠬᠡ ︽ᠬᠦᠴᠦᠷᠬᠡᠭᠯᠡᠯ ᠪᠣᠯ ᠨᠡᠶᠢᠲᠡ ᠶᠢᠨ ᠶᠣᠰᠣ︾ ᠭᠡᠬᠦ ᠪᠠᠯᠠᠷ ᠬᠠᠷᠠᠩᠭᠤᠢ ᠴᠠᠭ ᠦᠶ᠎ᠡ ᠳᠤ ᠪᠤᠴᠠᠵᠤ ᠪᠤᠯᠬᠤ ᠦᠭᠡᠢ᠃ ᠬᠠᠮᠲᠤ ᠶᠢᠨ ᠬᠦᠰᠡᠯ ᠱᠠᠭᠠᠷᠳᠠᠯᠭ᠎ᠠ ᠪᠣᠯ ᠪᠠᠰᠠ ᠴᠤ ᠬᠥᠭᠵᠢᠯᠲᠡ ᠶᠢᠨ ᠶᠡᠭᠡ ᠬᠠᠨᠳᠤᠰᠢ ᠶᠢ ᠳᠠᠭᠠᠬᠰᠠᠨ ᠶᠡᠭᠡ ᠶᠣᠰᠣ ᠮᠥᠨ᠃
ᠲᠡᠦᠬᠡ ᠠᠴᠠ ᠣᠶᠤᠨ ᠤᠬᠠᠭᠠᠨ ᠭᠦᠷᠳᠡᠨ᠎ᠡ᠃ ᠪᠢᠷᠮᠠ ᠶᠢᠨ ᠤᠳᠤᠷᠢᠳᠬᠤ ᠬᠥᠮᠥᠨ ᠮᠢᠨ ᠠᠩ ᠯᠠᠢ ᠲᠠᠢ ᠠᠭᠤᠯᠵᠠᠬᠤ ᠳᠠᠭᠠᠨ᠂ ᠲᠡᠷᠢᠭᠦᠯᠡᠭᠴᠢ ᠰᠢ ᠶᠢᠨ ᠫᠢᠩ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠣᠨ ᠪᠠᠨᠳᠦ᠋ᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠦᠨ᠎ᠡ ᠦᠷᠳᠡᠭ ᠢ ᠴᠢᠬᠤᠯᠠᠴᠢᠯᠠᠵᠤ᠂ ᠬᠤᠶᠠᠷ ᠲᠠᠯ᠎ᠠ ᠪᠠᠷ ᠢᠶᠠᠨ ᠬᠥᠭᠵᠢᠵᠦ ᠪᠠᠶᠢᠭ᠎ᠠ ᠤᠯᠤᠰ ᠤᠳ ᠤᠨ ᠵᠦᠢ ᠶᠣᠰᠣᠨ ᠤ ᠡᠷᠬᠡ ᠠᠰᠢᠭ ᠢ ᠬᠠᠮᠲᠤ ᠪᠠᠷ ᠬᠠᠮᠠᠭᠠᠯᠠᠬᠤ ᠶᠢ ᠰᠠᠨᠠᠭᠠᠴᠢᠯᠠᠪᠠ᠃
ᠪᠣᠳᠠᠲᠤ ᠠᠬᠤᠢ ᠶᠢᠨ ᠳᠤᠮᠳᠠ ᠰᠥᠰᠥ ᠵᠣᠷᠢᠭ ᠢᠶᠠᠨ ᠳᠠᠪᠲᠠᠨ ᠪᠣᠯᠪᠠᠰᠤᠷᠠᠭᠤᠯᠤᠨ᠎ᠠ᠃ ᠯᠠᠲ᠋ᠢᠨ ᠠᠮᠧᠷᠢᠺᠠ ᠪᠠ ᠺᠠᠷᠢᠪᠧ ᠶᠢᠨ ᠤᠯᠤᠰ ᠤᠳ ᠣᠶᠢᠷ᠎ᠠ ᠶᠢᠨ ᠵᠢᠯ ᠤᠳ ᠲᠤ ᠭᠠᠭᠴᠠ ᠲᠠᠯ᠎ᠠ ᠶᠢᠨ ᠵᠠᠯᠬᠠᠭᠠᠯ᠂ ᠡᠵᠡᠷᠬᠡᠬᠦ ᠡᠷᠬᠡ ᠶᠢᠨ ᠳᠠᠷᠤᠯᠠᠯ ᠳᠣᠷᠣᠮᠵᠢᠯᠠᠯ ᠢ ᠬᠠᠰᠢᠷᠠᠲᠠᠯ᠎ᠠ ᠠᠮᠰᠠᠵᠠᠢ᠃ ᠺᠦᠪᠡ ᠶᠢᠨ ᠤᠯᠤᠰ ᠤᠨ ᠲᠡᠷᠢᠭᠦᠯᠡᠭᠴᠢ ᠳ᠋ᠢᠶᠠᠰ — ᠺᠠᠨ᠋ᠸᠶᠢᠷ᠂ ᠸᠧᠨᠧᠽᠦ᠋ᠧᠯᠠ ᠶᠢᠨ ᠶᠡᠷᠦᠩᠬᠡᠶᠢᠯᠡᠭᠴᠢ ᠮᠠᠳᠦ᠋ᠯᠦ᠋ᠸᠧ ᠲᠠᠢ ᠲᠤᠰ ᠲᠤᠰ ᠠᠭᠤᠯᠵᠠᠬᠤ ᠳᠠᠭᠠᠨ᠂ ᠲᠡᠷᠢᠭᠦᠯᠡᠭᠴᠢ ᠰᠢ ᠶᠢᠨ ᠫᠢᠩ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠴᠥᠮ ᠡᠷᠬᠡ ᠮᠡᠳᠡᠯ ᠲᠠᠢ ᠲᠤᠰᠠᠭᠠᠷ ᠲᠣᠭᠲᠠᠨᠢᠭᠰᠠᠨ ᠤᠯᠤᠰ ᠮᠥᠨ᠂ ᠠᠯᠢ ᠨᠢᠭᠡᠨ ᠤᠯᠤᠰ ᠲᠤ ᠬᠠᠷᠢᠶᠠᠯᠠᠭᠳᠠᠬᠤ ᠦᠭᠡᠢ᠃ ᠲᠡᠷᠡ ᠳᠤᠮᠳᠠᠳᠤ ᠶᠢᠨ ᠲᠠᠯ᠎ᠠ ᠶᠢᠨ ᠬᠢᠨ ᠺᠦᠪᠡ᠂ ᠸᠧᠨᠧᠽᠦ᠋ᠧᠯᠠ ᠶᠢᠨ ᠤᠯᠤᠰ ᠤᠨ ᠡᠷᠬᠡ ᠮᠡᠳᠡᠯ ᠪᠣᠯᠣᠨ ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠬᠤ ᠶᠢ ᠡᠷᠡᠰ ᠳᠡᠮᠵᠢᠵᠦ᠂ ᠬᠤᠶᠠᠷ ᠤᠯᠤᠰ ᠤᠨ ᠠᠷᠠᠳ ᠲᠦᠮᠡᠨ ᠤ ᠭᠠᠳᠠᠭᠠᠳᠤ ᠶᠢᠨ ᠭᠠᠷ ᠳᠦᠷᠦᠯᠲᠡ ᠶᠢ ᠡᠰᠡᠷᠭᠦᠴᠡᠬᠦ ᠶᠢ ᠡᠷᠡᠰ ᠳᠡᠮᠵᠢᠨ᠎ᠠ ᠭᠡᠵᠦ ᠳᠠᠪᠲᠠᠨ ᠢᠯᠡᠷᠬᠡᠶᠢᠯᠡᠪᠡ᠃
ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠤᠳᠤᠮ ᠤᠯᠠᠮᠵᠢᠯᠠᠯ ᠢ ᠲᠠᠰᠤᠯᠵᠤ ᠳᠡᠶᠢᠯᠭᠦ ᠦᠭᠡᠢ᠃ ᠲᠠᠶᠢᠸᠠᠨ ᠳᠤᠮᠳᠠᠳᠤ ᠤᠯᠤᠰ ᠲᠤ ᠪᠤᠴᠠᠵᠤ ᠢᠷᠡᠭᠰᠡᠨ ᠶᠠᠪᠤᠳᠠᠯ ᠪᠣᠯ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠪᠠ ᠲᠠᠶᠢᠨ ᠤ ᠳᠠᠷᠠᠭᠠᠬᠢ ᠤᠯᠠᠨ ᠤᠯᠤᠰ ᠤᠨ ᠡᠮᠬᠢ ᠳᠢᠭᠯᠢᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠲᠡᠦᠬᠡ ᠶᠢᠨ ᠠᠯᠢ ᠡᠷᠲᠡ ᠲᠣᠳᠣᠷᠬᠠᠢ ᠪᠢᠴᠢᠭᠳᠡᠭᠰᠡᠨ ᠠᠭᠤᠯᠠ ᠤᠰᠤᠨ ᠤ ᠬᠠᠷᠢᠶᠠᠯᠠᠯ ᠮᠥᠨ᠃ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠬᠤ ᠪᠣᠯ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠬᠤ ᠶᠢᠨ ᠪᠠᠶᠢᠪᠠᠰᠤ ᠵᠣᠬᠢᠬᠤ ᠠᠭᠤᠯᠭ᠎ᠠ ᠮᠥᠨ᠃ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ᠦᠭᠡ ᠬᠡᠯᠡᠯᠭᠡ ᠢᠳᠡ ᠬᠦᠴᠦᠨ ᠲᠠᠢ᠄
︽ᠲᠠᠶᠢᠸᠠᠨ ᠠᠷᠠᠯ ᠤᠨ ᠳᠣᠲᠣᠭᠠᠳᠤ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ᠂ ᠭᠠᠳᠠᠭᠠᠳᠤ ᠶᠢᠨ ᠬᠦᠴᠦᠨ ᠶᠠᠭᠠᠬᠢᠵᠤ ᠲᠦᠢᠪᠡᠭᠡᠭᠰᠡᠨ ᠴᠦ᠂ ᠳᠤᠮᠳᠠᠳᠤ ᠤᠯᠤᠰ ᠡᠴᠦᠰ ᠲᠡᠭᠡᠨ ᠨᠢᠭᠡᠳᠬᠦ ᠪᠥᠭᠡᠳ ᠯᠠᠪᠲᠠᠢ ᠨᠢᠭᠡᠳᠬᠦ ᠲᠡᠦᠬᠡ ᠶᠢᠨ ᠶᠡᠭᠡ ᠬᠠᠨᠳᠤᠰᠢ ᠬᠤᠷᠢᠭᠯᠠᠭᠳᠠᠰᠢ ᠦᠭᠡᠢ ᠶᠤᠮ︾᠃
ᠰᠢᠳᠤᠷᠭᠤ ᠶᠣᠰᠣᠨ ᠳᠠᠪᠠᠯᠭᠠᠨ ᠲᠦᠯᠬᠢᠯᠡᠬᠦ ᠮᠡᠲᠦ ᠬᠦᠴᠦᠲᠡᠢ᠃ ︽ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠬᠡᠷᠡᠭᠵᠢᠭᠦᠯᠵᠦ᠂ ᠲᠠᠶᠢᠸᠠᠨ ᠤ ᠠᠰᠠᠭᠤᠳᠠᠯ ᠳᠡᠭᠡᠷ᠎ᠡ ᠢᠮᠠᠭᠲᠠ ᠳᠤᠮᠳᠠᠳᠤ ᠶᠢᠨ ᠲᠠᠯ᠎ᠠ ᠶᠢᠨ ᠵᠣᠭᠰᠣᠯᠲᠠ ᠶᠢ ᠳᠡᠮᠵᠢᠨ᠎ᠡ︾᠂ ︽ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ︾ ᠁ ᠡᠯ᠎ᠡ ᠲᠠᠯ᠎ᠠ ᠶᠢᠨ ᠬᠢᠨ ᠮᠣᠰᠺᠸᠠ ᠳᠤ ᠢᠮᠠᠭᠲᠠ ᠶᠢᠨ ᠵᠣᠭᠰᠣᠯᠲᠠ ᠪᠠᠨ ᠳᠠᠬᠢᠨᠲᠠ ᠢᠯᠡᠷᠬᠡᠶᠢᠯᠡᠪᠡ᠃ ᠡᠨᠡ ᠪᠣᠯ ᠲᠥᠪ ᠭᠤᠣᠯᠴᠢ ᠰᠢᠳᠤᠷᠭᠤ ᠶᠣᠰᠣᠨ ᠤ ᠡᠷᠡᠰ ᠪᠠᠲᠤ ᠬᠠᠮᠠᠭᠠᠯᠠᠯᠲᠠ ᠮᠥᠨ᠃
ᠡᠩᠬᠡ ᠲᠠᠶᠢᠪᠤᠩ ᠤᠨ ᠤᠯᠠᠭᠠᠨ ᠲᠤᠭ᠎ᠠ᠂ ᠬᠥᠭᠵᠢᠯᠲᠡ ᠶᠢᠨ ᠤᠯᠠᠭᠠᠨ ᠲᠤᠭ᠎ᠠ᠂ ᠠᠮᠤᠷ ᠲᠦᠪᠰᠢᠨ ᠤ ᠤᠯᠠᠭᠠᠨ ᠲᠤᠭ᠎ᠠ᠂ ᠵᠠᠰᠠᠯᠲᠠ ᠶᠢᠨ ᠤᠯᠠᠭᠠᠨ ᠲᠤᠭ᠎ᠠ᠂ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠦ ᠠᠮᠵᠢᠭ᠎ᠠ ᠦᠭᠡᠢ ᠪᠠᠶᠢᠬᠤ ᠳᠤ ᠰᠢᠨ᠎ᠡ ᠠᠰᠠᠭᠤᠳᠠᠯ ᠢᠯᠡᠷᠡᠵᠦ ᠪᠠᠶᠢᠬᠤ ᠶᠢᠷᠲᠢᠨᠴᠦ ᠳᠤ᠂ ᠭᠠᠯ ᠢ ᠳᠦᠷᠡᠯᠵᠡᠭᠦᠯᠬᠦ ᠶᠤᠮ ᠦᠦ ᠡᠰᠡᠬᠦᠯ᠎ᠡ ᠡᠪᠰᠡᠬᠦ ᠶᠢ ᠢᠳᠬᠠᠬᠤ ᠶᠤᠮ ᠦᠦ᠂ ᠠᠶᠤᠯᠭᠠᠨ ᠰᠦᠷᠳᠡᠭᠦᠯᠬᠦ ᠶᠤᠮ ᠦᠦ ᠡᠰᠡᠬᠦᠯ᠎ᠡ ᠡᠰᠡᠷᠭᠦᠴᠡᠯᠳᠦᠯ ᠢ ᠲᠠᠶᠠᠭᠳᠠᠬᠤ ᠶᠤᠮ ᠦᠦ︖ ᠳᠤᠮᠳᠠᠳᠤ ᠤᠯᠤᠰ ᠭᠤᠣᠯᠴᠢ ᠦᠭᠡ ᠬᠡᠯᠡᠵᠦ᠂ ᠭᠤᠣᠯᠴᠢ ᠶᠠᠪᠤᠳᠠᠯ ᠬᠢᠵᠦ᠂ ᠯᠠᠪᠳᠠᠭᠤᠨ ᠢᠶᠠᠷ ᠤᠷᠤᠭᠰᠢᠯᠠᠵᠤ᠂ ᠲᠥᠪ ᠭᠤᠣᠯᠴᠢ ᠪᠠᠷ ᠬᠠᠨᠳᠤᠵᠤ ᠪᠤᠢ᠃
ᠦᠺᠷᠠᠶᠢᠨ ᠤ ᠬᠢᠮᠤᠷᠠᠯ ᠦᠷᠭᠦᠯᠵᠢᠯᠡᠵᠦ ᠳᠡᠯᠡᠬᠡᠢ ᠳ᠋ᠠᠬᠢᠨ ᠢ ᠰᠠᠨᠠᠭᠠᠰᠢᠷᠠᠭᠤᠯᠵᠤ ᠪᠠᠶᠢᠨ᠎ᠠ᠃ ᠡᠩᠬᠡ ᠲᠠᠶᠢᠪᠤᠩ ᠳᠤ ᠠᠰᠢᠭᠲᠠᠢ ᠴᠢᠷᠮᠠᠶᠢᠯᠭ᠎ᠠ ᠪᠦᠭᠦᠨ ᠢ ᠳᠤᠮᠳᠠᠳᠤ ᠤᠯᠤᠰ ᠴᠥᠮ ᠪᠠᠶᠠᠷᠯᠠᠨ ᠤᠭᠲᠤᠵᠤ ᠪᠠᠶᠢᠨ᠎ᠠ᠃ ︽ᠳᠤᠮᠳᠠᠳᠤ ᠤᠯᠤᠰ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠪᠦᠭᠦ ᠪᠥᠮᠪᠥᠷᠴᠡᠭ ᠤᠨ ᠠᠮᠤᠷ ᠲᠦᠪᠰᠢᠨ ᠤ ᠦᠵᠡᠯᠲᠡ ᠶᠢ ᠰᠠᠨᠠᠭᠠᠴᠢᠯᠠᠵᠤ᠂ ᠡᠯ᠎ᠡ ᠤᠯᠤᠰ ᠤᠨ ᠵᠦᠢ ᠵᠣᠬᠢᠰᠲᠠᠢ ᠠᠮᠤᠷ ᠲᠦᠪᠰᠢᠨ ᠢ ᠠᠩᠬᠠᠷᠤᠨ ᠬᠠᠯᠠᠮᠵᠢᠯᠠᠬᠤ ᠶᠢ ᠴᠢᠬᠤᠯᠠᠴᠢᠯᠠᠵᠤ᠂ ᠬᠢᠮᠤᠷᠠᠯ ᠡᠭᠦᠰᠬᠦ ᠦᠨᠳᠦᠰᠦ ᠰᠤᠷᠪᠤᠯᠵᠢ ᠶᠢ ᠠᠷᠢᠯᠭᠠᠬᠤ ᠬᠡᠷᠡᠭᠲᠡᠢ ᠭᠡᠵᠦ ᠦᠵᠡᠵᠦ ᠪᠠᠶᠢᠨ᠎ᠠ︾᠃ ᠲᠡᠷᠢᠭᠦᠯᠡᠭᠴᠢ ᠰᠢ ᠶᠢᠨ ᠫᠢᠩ ᠠᠰᠠᠭᠤᠳᠠᠯ ᠤᠨ ᠦᠨᠳᠦᠰᠦ ᠰᠤᠷᠪᠤᠯᠵᠢ ᠪᠠ ᠮᠥᠨ ᠴᠢᠨᠠᠷ ᠢ ᠠᠩᠬᠠᠷᠴᠤ ᠪᠠᠶᠢᠭ᠎ᠠ ᠶᠤᠮ᠃
ᠳᠤᠮᠳᠠᠳᠤ ᠶᠢᠨ ᠲᠠᠯ᠎ᠠ ᠶᠢᠨ ᠪᠤᠰᠤᠳᠴᠢ ᠲᠥᠪ ᠭᠤᠣᠯᠴᠢ ᠵᠣᠭᠰᠣᠯᠲᠠ ᠶᠢ ᠶᠡᠷᠦᠩᠬᠡᠶᠢᠯᠡᠭᠴᠢ ᠫᠦᠲ᠋ᠢᠨ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠶᠠᠮᠠᠷᠴᠤ ᠤᠷᠢᠲᠠᠯ ᠦᠭᠡᠢ ᠪᠠᠷ ᠨᠠᠶᠢᠷᠠᠮᠳᠠᠯ ᠤᠨ ᠬᠡᠯᠡᠯᠴᠡᠭᠡ ᠶᠢ ᠡᠬᠢᠯᠡᠭᠦᠯᠬᠦ ᠳᠤᠷᠠᠲᠠᠢ᠂ ᠲᠥᠪ ᠭᠤᠣᠯᠴᠢ᠂ ᠥᠨᠢ ᠤᠳᠠᠭᠠᠨ ᠤ ᠨᠠᠶᠢᠷᠠᠮᠳᠠᠯ ᠤᠨ ᠬᠡᠯᠡᠯᠴᠡᠭᠡᠷ ᠲᠣᠬᠢᠷᠠᠯᠴᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
ᠤᠷᠪᠠᠭᠠᠨ ᠬᠥᠷᠪᠡᠭᠡᠨ ᠲᠠᠢ ᠪᠠᠶᠢᠳᠠᠯ ᠤᠨ ᠳᠤᠮᠳᠠ ᠶᠣᠰᠣ ᠵᠢᠷᠤᠮ ᠢ ᠡᠷᠬᠢᠮᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠪᠡᠯ ᠳᠡᠮᠵᠢᠯᠭᠡ᠂ ᠢᠲᠡᠭᠡᠯ ᠢ ᠣᠯᠳᠠᠭ᠂ ︽ᠶᠣᠰᠣ ᠶᠢ ᠣᠯᠣᠭᠰᠠᠳ ᠲᠤ ᠲᠤᠰᠠᠯᠠᠮᠵᠢ ᠦᠯᠡᠮᠵᠢ᠂ ᠶᠣᠰᠣ ᠶᠢ ᠠᠯᠳᠠᠭᠰᠠᠳ ᠲᠤ ᠲᠤᠰᠠᠯᠠᠮᠵᠢ ᠮᠡᠬᠦᠰ︾᠃ ︽ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠪᠦᠷ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠳᠤ ᠵᠣᠭᠰᠣᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︾᠃
︵ᠳᠥᠷᠪᠡ︶ ᠲᠡᠷᠢᠭᠦᠯᠡᠭᠴᠢ ᠰᠢ ᠶᠢᠨ ᠫᠢᠩ ᠤᠨ ᠮᠣᠰᠺᠸᠠ ᠳᠠᠬᠢ ᠴᠠᠭ᠄
︽ᠲᠣᠮᠣ ᠤᠯᠤᠰ ᠨᠢ ᠲᠣᠮᠣ ᠤᠯᠤᠰ ᠤᠨ ᠳᠦᠷᠢ ᠲᠠᠢ ᠪᠠᠶᠢᠵᠤ᠂ ᠨᠡᠩ ᠤᠯᠠᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠬᠦ ᠬᠡᠷᠡᠭᠲᠡᠢ︾
ᠪᠠᠰᠠ ᠨᠢᠭᠡᠨ ᠵᠢᠯ ᠤᠨ ᠴᠠᠭᠠᠨ ᠬᠤᠰᠤ ᠨᠣᠭᠤᠭᠠᠷᠠᠵᠤ᠂ ᠭᠤᠣᠯᠲᠤ ᠪᠣᠷᠣ ᠳᠡᠯᠭᠡᠷᠡᠵᠦ᠂ ︽ᠠᠯᠢᠮ᠎ᠠ ᠶᠢᠨ ᠴᠡᠴᠡᠭ ᠭᠠᠵᠠᠷ ᠰᠠᠢ ᠦᠭᠡᠢ ᠳᠡᠯᠭᠡᠷᠡᠭᠰᠡᠨ ᠪᠠᠶᠢᠨ᠎ᠠ︾᠃
ᠤᠷᠤᠰ ᠲᠠᠬᠢ ᠠᠶᠠᠯᠠᠯ ᠤᠨ ᠬᠤᠶᠠᠷ ᠶᠠᠪᠤᠳᠠᠯ ᠨᠢ ᠳᠡᠯᠡᠬᠡᠢ ᠳ᠋ᠠᠬᠢᠨ ᠳᠤ ᠭᠦᠨ ᠰᠠᠭᠤᠭᠳᠠᠯ ᠦᠯᠡᠳᠡᠭᠡᠵᠡᠢ᠄
ᠨᠢᠭᠡ ᠨᠢ ᠲᠡᠷᠢᠭᠦᠯᠡᠭᠴᠢ ᠰᠢ ᠶᠢᠨ ᠫᠢᠩ ᠪᠣᠯᠣᠨ ᠶᠡᠷᠦᠩᠬᠡᠶᠢᠯᠡᠭᠴᠢ ᠫᠦᠲ᠋ᠢᠨ 10 ᠴᠠᠭ ᠰᠢᠬᠠᠮ ᠰᠣᠯᠢᠯᠴᠠᠭ᠎ᠠ ᠬᠢᠭᠰᠡᠨ ᠶᠠᠪᠤᠳᠠᠯ ᠪᠣᠯᠣᠨ᠎ᠠ᠃
ᠨᠦᠭᠦᠭᠡ ᠨᠢ ᠲᠡᠷᠢᠭᠦᠯᠡᠭᠴᠢ ᠰᠢ ᠶᠢᠨ ᠫᠢᠩ ᠮᠣᠰᠺᠸᠠ ᠳᠤ 3 ᠰᠥᠨᠢ ᠰᠠᠭᠠᠲᠠᠭᠰᠠᠨ ᠶᠠᠪᠤᠳᠠᠯ ᠪᠣᠯᠣᠨ᠎ᠠ᠃ ᠣᠷᠴᠢᠮ ᠤᠨ ᠵᠢᠯ ᠤᠨ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠳᠤ ᠠᠷᠪᠢᠨ ᠬᠠᠷᠠᠭᠳᠠᠬᠤ ᠦᠭᠡᠢ᠃
ᠡᠨᠡ ᠬᠤᠶᠠᠷ ᠶᠠᠪᠤᠳᠠᠯ ᠨᠢ ᠶᠠᠭᠤ ᠶᠢ ᠬᠠᠷᠠᠭᠤᠯᠵᠤ ᠪᠠᠶᠢᠬᠤ ᠪᠤᠢ︖
ᠭᠠᠭᠴᠠ ᠲᠠᠯ᠎ᠠ ᠶᠢᠨ ᠪᠠ ᠤᠯᠠᠨ ᠲᠠᠯ᠎ᠠ ᠶᠢᠨ ᠬᠤᠷᠴᠠ ᠰᠢᠷᠦᠭᠦᠨ ᠦᠵᠡᠯᠴᠡᠭᠡᠨ᠂ ᠡᠵᠡᠷᠬᠡᠬᠦ ᠦᠵᠡᠯ ᠢ ᠬᠠᠮᠠᠭᠠᠯᠠᠬᠤ ᠪᠠ ᠡᠵᠡᠷᠬᠡᠬᠦ ᠦᠵᠡᠯ ᠢ ᠡᠰᠡᠷᠭᠦᠴᠡᠬᠦ ᠭᠦᠨᠵᠡᠭᠡᠢ ᠦᠵᠡᠯᠴᠡᠭᠡᠨ ᠪᠦᠬᠦᠢ ᠤᠯᠠᠨ ᠤᠯᠤᠰ ᠤᠨ ᠪᠠᠶᠢᠳᠠᠯ ᠠᠴᠠ ᠠᠪᠴᠤ ᠦᠵᠡᠪᠡᠯ᠂ ᠳᠤᠮᠳᠠᠳᠤ ᠤᠷᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢᠨ ᠪᠦᠭᠦ ᠪᠥᠮᠪᠥᠷᠴᠡᠭ ᠤᠨ ᠠᠴᠢ ᠬᠤᠯᠪᠣᠭᠳᠠᠯ᠂ ᠲᠡᠦᠬᠡᠲᠦ ᠠᠴᠢ ᠬᠤᠯᠪᠣᠭᠳᠠᠯ ᠲᠣᠳᠣᠷᠠᠵᠤ ᠪᠠᠶᠢᠨ᠎ᠠ᠃
ᠳᠡᠯᠡᠬᠡᠢ ᠶᠢᠨ ᠤᠯᠠᠨ ᠲᠤᠶᠢᠯᠰᠢᠷᠠᠯᠲᠠ᠂ ᠠᠵᠤ ᠠᠬᠤᠢ ᠶᠢᠨ ᠳᠡᠯᠡᠬᠡᠶᠢᠵᠢᠯᠲᠡ᠂ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯᠲᠠ ᠶᠢ ᠠᠬᠢᠭᠤᠯᠬᠤ ᠶᠢ ᠰᠠᠨᠠᠯ ᠨᠢᠭᠡᠲᠡᠢ ᠵᠥᠪᠰᠢᠶᠡᠷᠡᠪᠡ︔
ᠤᠯᠠᠨ ᠲᠠᠯᠠᠲᠤ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠳᠠᠬᠢ ᠦᠭᠡ ᠬᠡᠯᠡᠬᠦ ᠡᠷᠬᠡ ᠶᠢ ᠳᠡᠭᠡᠭᠰᠢᠯᠡᠭᠦᠯᠭᠦ ᠪᠠᠷ ᠰᠠᠨᠠᠯ ᠨᠢᠭᠡᠲᠡᠢ ᠵᠥᠪᠰᠢᠶᠡᠷᠡᠪᠡ︔
ᠡᠯ᠎ᠡ ᠲᠥᠷᠥᠯ ᠤᠨ ᠬᠠᠯᠠᠮᠰᠢᠯ ᠠᠰᠠᠭᠤᠳᠠᠯ ᠢ ᠤᠯᠤᠰ ᠲᠥᠷᠥ ᠪᠠᠷ ᠰᠢᠢᠳᠪᠦᠷᠢᠯᠡᠬᠦ ᠶᠢ ᠠᠬᠢᠭᠤᠯᠬᠤ ᠶᠢ ᠰᠠᠨᠠᠯ ᠨᠢᠭᠡᠲᠡᠢ ᠵᠥᠪᠰᠢᠶᠡᠷᠡᠪᠡ︔
᠁
ᠳᠤᠮᠳᠠᠳᠤ ᠤᠷᠤᠰ ᠬᠤᠶᠠᠷ ᠤᠯᠤᠰ ᠤᠨ ᠥᠷᠭᠡᠨ ᠳᠡᠯᠭᠡᠷ ᠬᠠᠮᠲᠤ ᠶᠢᠨ ᠲᠠᠨᠢᠯᠲᠠ ᠪᠣᠯ ᠣᠷᠤᠭ᠎ᠠ ᠪᠤᠰᠬᠠᠭ᠎ᠠ ᠪᠠᠶᠢᠳᠠᠯ ᠳᠣᠣᠷᠠᠬᠢ ᠪᠠᠶᠢᠯᠳᠤᠬᠤ ᠪᠣᠳᠣᠯᠭ᠎ᠠ ᠶᠢᠨ ᠪᠠᠷᠢᠮᠵᠢᠶ᠎ᠠ ᠮᠥᠨ᠂ ᠨᠡᠩ ᠴᠤ ᠬᠤᠶᠠᠷ ᠲᠣᠮᠣ ᠤᠯᠤᠰ ᠤᠨ ᠳᠡᠯᠡᠬᠡᠢ ᠳ᠋ᠠᠬᠢᠨ ᠳᠠᠬᠢ ︽ᠣᠨᠴᠠᠭᠠᠢ ᠬᠠᠷᠢᠭᠤᠴᠠᠯᠭ᠎ᠠ︾᠂ ︽ᠣᠮᠤᠭ ᠲᠡᠭᠦᠯᠳᠡᠷ ᠡᠭᠦᠷᠭᠡᠯᠡᠯ︾ ᠮᠥᠨ᠃
︽ᠲᠣᠮᠣ ᠤᠯᠤᠰ ᠨᠢ ᠲᠣᠮᠣ ᠤᠯᠤᠰ ᠤᠨ ᠳᠦᠷᠢ ᠲᠠᠢ ᠪᠠᠶᠢᠵᠤ᠂ ᠨᠡᠩ ᠤᠯᠠᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠬᠦ ᠬᠡᠷᠡᠭᠲᠡᠢ︾᠃ ᠲᠡᠷᠢᠭᠦᠯᠡᠭᠴᠢ ᠰᠢ ᠶᠢᠨ ᠫᠢᠩ ᠤᠨ ᠮᠣᠰᠺᠸᠠ ᠳᠠᠬᠢ ᠴᠠᠭ ᠲᠤ᠂ ᠳᠤᠮᠳᠠᠳᠤ ᠤᠯᠤᠰ ᠤᠨ ᠲᠣᠮᠣ ᠤᠯᠤᠰ ᠤᠨ ᠳᠦᠷᠢ ᠪᠣᠯ ᠨᠢᠭᠡᠨ ᠭᠤᠣᠯ ᠱᠤᠭᠤᠮ ᠪᠣᠯᠣᠨ᠎ᠠ᠃
ᠥᠷᠭᠡᠨ ᠠᠭᠤᠳᠠᠮ ᠳᠤᠮᠳᠠᠳᠤ ᠶᠢᠨ ᠲᠡᠦᠬᠡ ᠶᠠᠭᠠᠬᠢᠭᠰᠠᠨ ᠥᠨᠢ ᠤᠳᠠᠭᠠᠨ ᠪᠤᠢ᠂ ᠪᠣᠯᠪᠠᠰᠤᠨ ᠨᠢ ᠶᠠᠭᠠᠬᠢᠭᠰᠠᠨ ᠥᠷᠭᠡᠨ ᠳᠡᠯᠭᠡᠷ ᠭᠦᠨ ᠭᠦᠨᠵᠡᠭᠡᠢ ᠪᠢᠯᠡ᠃ ᠲᠡᠦᠬᠡ ᠶᠢᠨ ᠮᠤᠷᠤᠢ ᠰᠠᠷᠤᠢ ᠬᠥᠭᠵᠢᠯᠲᠡ ᠶᠢᠨ ᠳᠤᠮᠳᠠ᠂ ᠪᠠᠰᠠ ᠦᠨᠳᠦᠰᠦᠲᠡᠨ ᠤ ᠭᠤᠲᠤᠮᠰᠢᠭ᠂ ᠠᠷᠠᠳ ᠲᠦᠮᠡᠨ ᠤ ᠭᠠᠰᠠᠯᠠᠩ ᠵᠣᠪᠠᠯᠠᠩ᠂ ᠪᠣᠯᠪᠠᠰᠤᠨ ᠤ ᠲᠣᠭᠤᠰᠣᠨ ᠳᠤ ᠳᠠᠷᠤᠭᠳᠠᠭᠰᠠᠨ ᠪᠤᠳᠤᠩᠭᠤᠢ ᠴᠠᠭ ᠮᠥᠴᠡ ᠪᠠᠶᠢᠭᠰᠠᠨ ᠶᠤᠮ᠃ ᠭᠡᠲᠡᠯ᠎ᠡ ᠵᠠᠭᠤᠨ ᠵᠢᠯ ᠥᠩᠭᠡᠷᠡᠵᠦ ᠤᠯᠠᠷᠢᠨ ᠬᠤᠪᠢᠰᠪᠠ᠃ ᠬᠥᠮᠥᠨ ᠲᠥᠷᠥᠯᠬᠢᠲᠡᠨ ᠤ ᠲᠠᠪᠰᠢᠯᠳᠠ ᠶᠢᠨ ᠲᠥᠯᠥᠭᠡ᠂ ᠳᠡᠯᠡᠬᠡᠢ ᠳ᠋ᠠᠬᠢᠨ ᠤ ᠡᠪ ᠨᠢᠭᠡᠳᠦᠯ ᠤᠨ ᠲᠥᠯᠥᠭᠡ ᠲᠡᠮᠡᠴᠡᠬᠦ ᠨᠢ ᠡᠨᠡ ᠬᠦ ᠠᠭᠤᠤ ᠶᠡᠭᠡ ᠤᠯᠤᠰ ᠤᠨ ᠰᠢᠨ᠎ᠡ ᠴᠠᠭ ᠦᠶ᠎ᠡ ᠶᠢᠨ ᠬᠢᠴᠢᠶᠡᠩᠭᠦᠶᠢᠯᠡᠨ ᠰᠠᠬᠢᠬᠤ ᠵᠣᠷᠢᠯᠲᠠ᠂ ᠪᠠᠲᠤᠲᠠᠢ ᠠᠵᠢᠯᠯᠠᠭ᠎ᠠ ᠪᠣᠯᠤᠭᠰᠠᠨ ᠪᠠᠶᠢᠨ᠎ᠠ᠃
5 ᠰᠠᠷ᠎ᠠ ᠶᠢᠨ 9 ᠤ ᠡᠳᠦᠷ ᠠᠴᠠ 9 ᠰᠠᠷ᠎ᠠ ᠶᠢᠨ 3 ᠤ ᠡᠳᠦᠷ ᠢ ᠪᠠᠷᠠᠯᠠᠪᠠᠯ᠂ ᠲᠡᠷᠡ ᠡᠳᠦᠷ᠂ ᠨᠢᠭᠡᠨ ᠡᠷᠲᠡᠨ ᠤ ᠦᠨᠳᠦᠰᠦᠲᠡᠨ ᠤ ᠭᠠᠰᠠᠯᠠᠩ ᠵᠣᠪᠠᠯᠠᠩ ᠪᠣᠯᠣᠨ ᠭᠡᠷᠡᠯ ᠰᠠᠴᠤᠷᠠᠩᠭᠤᠢ ᠠᠮᠵᠢᠯᠲᠠ ᠶᠢ ᠠᠭᠰᠢᠭᠠᠵᠤ᠂ ︽ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ ᠳᠠᠶᠢᠨ ᠤ ᠠᠭᠤᠤ ᠶᠡᠭᠡ ᠢᠯᠠᠯᠲᠠ ᠨᠢ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠲᠣᠮᠣ ᠤᠯᠤᠰ ᠤᠨ ᠪᠠᠶᠢᠷᠢ ᠰᠠᠭᠤᠷᠢ ᠶᠢ ᠳᠠᠭᠢᠨ ᠰᠢᠨ᠎ᠡ ᠪᠠᠷ ᠲᠣᠭᠲᠠᠭᠠᠭᠰᠠᠨ ᠪᠠᠶᠢᠨ᠎ᠠ︾᠃
80 ᠵᠢᠯ ᠤᠨ ᠡᠮᠦᠨ᠎ᠡ᠂ ᠲᠡᠦᠬᠡ ᠶᠢᠨ ᠰᠢᠨ᠎ᠡ ᠬᠠᠭᠤᠳᠠᠰᠤ ᠶᠢ ᠰᠡᠬᠦᠪᠡ᠃ ᠶᠡᠭᠡ ᠤᠯᠤᠰ ᠤᠨ ᠳᠠᠭᠢᠨ ᠡᠰᠡᠨᠢᠯ ᠳᠤ ᠡᠬᠢᠯᠡᠩᠭᠦᠲᠡ ᠪᠠᠨ ᠡᠩᠬᠡ ᠲᠠᠶᠢᠪᠤᠩ ᠪᠠ ᠰᠢᠳᠤᠷᠭᠤ ᠶᠣᠰᠣ ᠶᠢ ᠰᠡᠶᠢᠯᠪᠡ᠃ ᠲᠤᠬᠠᠢ ᠶᠢᠨ ᠵᠢᠯ ᠳᠤ ᠡᠩ ᠲᠡᠷᠢᠭᠦᠨ ᠳᠤ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ︾ ᠳᠡᠭᠡᠷ᠎ᠡ ᠭᠠᠷ ᠤᠨ ᠦᠰᠦᠭ ᠵᠢᠷᠤᠭᠰᠠᠨ ᠠᠴᠠ ᠰᠢᠨ᠎ᠡ ᠴᠠᠭ ᠦᠶ᠎ᠡ ᠳᠤ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠭᠦᠷᠲᠡᠯ᠎ᠡ᠂ ᠡᠨᠡ ᠬᠦ ᠶᠡᠭᠡ ᠠᠯᠬᠤᠮ ᠢᠶᠠᠷ ᠡᠷᠡᠮᠡᠬᠡᠶᠢᠯᠡᠨ ᠤᠷᠤᠭᠰᠢᠯᠠᠵᠤ ᠪᠠᠶᠢᠭ᠎ᠠ ᠲᠣᠮᠣ ᠤᠯᠤᠰ ᠢᠮᠠᠭᠲᠠ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ᠂ ᠠᠷᠠᠳ ᠲᠦᠮᠡᠨ ᠤ ᠲᠥᠯᠥᠭᠡ ᠬᠤᠪᠢ ᠨᠡᠮᠡᠷᠢ ᠦᠵᠡᠭᠦᠯᠪᠡ᠃
ᠡᠷᠲᠡᠨ ᠤ ᠬᠢ ᠶᠢ ᠲᠣᠯᠢᠯᠠᠵᠤ ᠡᠳᠦᠭᠡ ᠶᠢ ᠮᠡᠳᠡᠨ᠎ᠠ᠃ ᠲᠣᠮᠣ ᠤᠯᠤᠰ ᠤᠨ ᠳᠦᠷᠢ ᠨᠢ ᠨᠢᠭᠡᠨ ᠴᠠᠭ ᠤᠨ ᠤᠴᠢᠷ ᠶᠠᠪᠤᠳᠠᠯ ᠢᠶᠠᠷ ᠲᠣᠭᠲᠠᠭᠠᠭᠳᠠᠳᠠᠭ ᠪᠢᠰᠢ᠂ ᠬᠠᠷᠢᠨ ᠤᠳᠠᠭ᠎ᠠ ᠪᠦᠷᠢ ᠶᠢᠨ ᠰᠣᠩᠭᠤᠯᠲᠠ ᠪᠣᠯᠣᠨ ᠠᠵᠢᠯᠯᠠᠭ᠎ᠠ ᠶᠢᠨ ᠳᠤᠮᠳᠠ ᠲᠣᠳᠣᠷᠬᠠᠶᠢᠯᠠᠭᠳᠠᠳᠠᠭ᠃ ᠲᠣᠮᠣ ᠤᠯᠤᠰ ᠤᠨ ᠪᠠᠶᠢᠷᠢ ᠰᠠᠭᠤᠷᠢ ᠨᠢ ᠳᠠᠩ ᠭᠠᠭᠴᠠ ᠪᠣᠳᠠᠲᠤ ᠬᠦᠴᠦᠨ ᠤ ᠬᠠᠷᠢᠴᠠᠯ ᠳᠤ ᠲᠣᠮᠢᠶᠠᠯᠠᠭᠳᠠᠬᠤ ᠪᠢᠰᠢ᠂ ᠬᠠᠷᠢᠨ ᠡᠴᠦᠰ ᠰᠡᠭᠦᠯ ᠳᠡᠭᠡᠨ ᠳᠡᠯᠡᠬᠡᠢ ᠨᠡᠶᠢᠲᠡ ᠶᠢᠨ ᠬᠥᠮᠥᠰ ᠤᠨ ᠰᠡᠳᠬᠢᠯ ᠤᠨ ᠬᠠᠨᠳᠤᠰᠢ ᠠᠴᠠ ᠲᠣᠭᠲᠠᠭᠠᠭᠳᠠᠬᠤ ᠶᠤᠮ᠃
ᠬᠠᠨᠠᠭᠠᠷ ᠲᠠᠯᠠᠢ ᠬᠠᠯᠭᠢᠯᠠᠨ ᠴᠠᠯᠭᠢᠯᠠᠵᠤ ᠪᠠᠭᠠᠲᠤᠷ ᠤᠨ ᠣᠣᠷ ᠴᠢᠨᠠᠷ ᠢ ᠨᠡᠩ ᠢᠯᠡᠷᠡᠭᠦᠯᠦᠨ᠎ᠡ᠃ ᠲᠡᠦᠬᠡ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠦᠶ᠎ᠡ ᠳᠤ᠂ ᠨᠡᠩ ᠤᠯᠠᠨ ᠤᠯᠤᠰ ᠳᠤᠮᠳᠠᠳᠤ ᠤᠯᠤᠰ ᠢ ᠬᠠᠷᠠᠬᠤ ᠪᠣᠯᠣᠨ᠎ᠠ᠃ ᠶᠠᠭ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠶᠢᠨ ᠬᠡᠯᠡᠭᠰᠡᠨᠴᠢᠯᠡᠨ᠄ ︽ᠳᠤᠮᠳᠠᠳᠤ ᠶᠢᠨ ᠲᠠᠯ᠎ᠠ ᠶᠢᠨ ᠣᠶᠢᠯᠠᠭᠠᠭᠳᠠᠬᠤᠨ ᠪᠠ ᠠᠵᠢᠯᠯᠠᠭ᠎ᠠ ᠨᠢ ᠳᠡᠯᠡᠬᠡᠢ ᠨᠡᠶᠢᠭᠡᠮ ᠤᠨ ᠬᠠᠮᠲᠤ ᠶᠢᠨ ᠠᠰᠢᠭ ᠲᠤᠰᠠ ᠪᠠᠨ ᠬᠠᠮᠠᠭᠠᠯᠠᠬᠤ ᠰᠥᠰᠥ ᠵᠣᠷᠢᠭ ᠪᠠ ᠢᠲᠡᠭᠡᠯ ᠢ ᠨᠡᠮᠡᠭᠳᠡᠭᠦᠯᠪᠡ︾᠃
︽ᠳᠤᠮᠳᠠᠳᠤ ᠤᠯᠤᠰ ᠲᠤ᠂ ᠢᠷᠡᠭᠡᠳᠦᠢ ᠪᠠ ᠢᠲᠡᠭᠡᠯ ᠵᠣᠷᠢᠭ ᠢ ᠣᠯᠵᠤ ᠬᠠᠷᠠᠪᠠ︾ ᠪᠣᠯ ᠳᠡᠯᠡᠬᠡᠢ ᠨᠡᠶᠢᠲᠡ ᠶᠢᠨ ᠥᠷᠭᠡᠨ ᠳᠡᠯᠭᠡᠷ ᠬᠠᠮᠲᠤ ᠶᠢᠨ ᠲᠠᠨᠢᠯᠲᠠ ᠪᠣᠯᠣᠨ᠎ᠠ᠂ ᠥᠨᠥᠳᠥᠷ ᠤᠨ ᠳᠤᠮᠳᠠᠳᠤ ᠤᠯᠤᠰ ᠤᠨ ᠳᠡᠯᠡᠬᠡᠢ ᠶᠢᠨ ᠰᠠᠭᠤᠭᠳᠠᠯ ᠢ ᠪᠣᠯ ᠯᠠᠪᠳᠠᠭᠤᠨ ᠪᠠᠲᠤᠲᠠᠢ ᠲᠡᠮᠡᠴᠡᠯ ᠢᠶᠠᠷ ᠣᠯᠣᠭᠰᠠᠨ ᠶᠤᠮ᠃
ᠢᠲᠡᠭᠡᠯ ᠪᠣᠯ ᠳᠤᠮᠳᠠᠳᠤ ᠤᠯᠤᠰ ᠤᠨ ᠬᠥᠭᠵᠢᠯᠲᠡ ᠶᠢᠨ ᠬᠦᠴᠦᠨ ᠠᠴᠠ ᠢᠷᠡᠯᠲᠡ ᠲᠠᠢ ᠶᠤᠮ᠃
ᠠᠶᠢᠯᠴᠢᠯᠠᠯᠲᠠ ᠬᠢᠬᠦ ᠠᠴᠠ ᠡᠮᠦᠨᠡᠬᠡᠨ᠂ ᠤᠷᠤᠰ ᠤᠨ ᠵᠠᠭᠤᠴᠢᠯᠠᠭᠤᠷ ᠤᠨ ᠬᠢᠨ ᠨᠢᠭᠡᠨ ᠪᠠᠷᠢᠮᠲᠠᠲᠤ ᠹᠢᠯᠢᠮ ᠢ ᠨᠠᠪᠲᠠᠷᠡᠭᠦᠯᠵᠦ᠂ ᠶᠡᠷᠦᠩᠬᠡᠶᠢᠯᠡᠭᠴᠢ ᠫᠦᠲ᠋ᠢᠨ ᠰᠣᠷᠪᠤᠯᠵᠢᠯᠠᠭ᠎ᠠ ᠬᠦᠯᠢᠶᠡᠬᠦ ᠳᠡᠭᠡᠨ᠄ 25 ᠵᠢᠯ ᠤᠨ ᠡᠮᠦᠨ᠎ᠡ᠂ ᠲᠡᠷᠡ ᠳᠠᠷᠤᠢ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠶᠢᠨ ᠭᠤᠣᠯᠳᠠᠯᠭ᠎ᠠ ᠶᠠᠭ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠲᠡᠶᠢᠰᠢ ᠰᠢᠯᠵᠢᠵᠦ ᠪᠠᠶᠢᠬᠤ ᠶᠢ ᠠᠩᠬᠠᠷᠴᠤ ᠤᠯᠪᠠ︔ ᠤᠷᠤᠰ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠢᠳᠡᠪᠬᠢᠲᠡᠢ ᠬᠥᠭᠵᠢᠭᠦᠯᠵᠦ᠂ ᠳᠡᠯᠡᠬᠡᠢ ᠶᠢᠨ ᠲᠣᠭᠲᠠᠭᠤᠨ ᠳᠤ ᠪᠠᠲᠤ ᠪᠠᠬᠢ ᠰᠠᠭᠤᠷᠢ ᠲᠠᠯᠪᠢᠵᠤ ᠥᠭᠪᠡ ᠭᠡᠵᠦ ᠬᠡᠯᠡᠪᠡ᠃
ᠵᠢᠩᠬᠢᠨᠢ ᠲᠡᠦᠬᠡ ᠶᠢᠨ ᠤᠬᠠᠮᠰᠠᠷ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠨᠢ ᠲᠦᠷ ᠴᠠᠭ ᠤᠨ ᠲᠦᠯᠬᠢᠭᠡᠨ ᠤ ᠴᠢᠭᠯᠡᠯ ᠢ ᠤᠷᠢᠳᠴᠢᠯᠠᠨ ᠮᠠᠭᠠᠳᠯᠠᠬᠤ ᠳᠤ ᠪᠠᠶᠢᠬᠤ ᠪᠠᠷ ᠪᠠᠷᠠᠬᠤ ᠦᠭᠡᠢ ᠨᠡᠩ ᠴᠤ ᠲᠡᠦᠬᠡ ᠶᠢᠨ ᠶᠡᠭᠡ ᠬᠠᠨᠳᠤᠰᠢ ᠶᠢ ᠰᠠᠨᠠᠭᠠᠴᠢᠯᠠᠭ᠎ᠠ ᠠᠴᠠ ᠪᠠᠨ ᠲᠠᠭᠠᠵᠤ᠂ ᠲᠡᠦᠬᠡ ᠶᠢᠨ ᠠᠵᠠ ᠲᠣᠭᠢᠶᠠᠯ ᠢ ᠠᠮᠵᠢᠵᠤ᠂ ᠲᠡᠦᠬᠡ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠳᠤ ᠪᠠᠶᠢᠨ᠎ᠠ᠃ ᠠᠶᠢᠯᠴᠢᠯᠠᠯᠲᠠ ᠳᠤᠮᠳᠠ᠂ ᠲᠡᠷᠢᠭᠦᠯᠡᠭᠴᠢ ᠰᠢ ᠶᠢᠨ ᠫᠢᠩ ᠦᠭᠡ ᠦᠨᠡᠨᠴᠢ ᠰᠡᠳᠬᠢᠯᠭᠡ ᠭᠦᠨ ᠢᠶᠠᠷ᠄ ︽ᠪᠢᠳᠡ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠢᠯᠠᠨ ᠳᠠᠪᠠᠭ᠋ᠤ ᠢᠲᠡᠭᠡᠯ ᠵᠣᠷᠢᠭ ᠲᠠᠢ ᠶᠤᠮ᠃ ᠭᠠᠳᠠᠭᠠᠳᠤ ᠣᠷᠴᠢᠨ ᠨᠥᠬᠦᠴᠡᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠴᠥᠮ ᠥᠪᠡᠷ ᠤᠨ ᠶᠠᠪᠤᠳᠠᠯ ᠢᠶᠠᠨ ᠡᠷᠡᠰ ᠪᠠᠲᠤ ᠰᠠᠶᠢᠲᠤᠷ ᠬᠢᠨ᠎ᠡ︾ ᠭᠡᠵᠦ ᠬᠡᠯᠡᠪᠡ᠃
︽ᠥᠪᠡᠷ ᠤᠨ ᠶᠠᠪᠤᠳᠠᠯ ᠢᠶᠠᠨ ᠡᠷᠡᠰ ᠪᠠᠲᠤ ᠰᠠᠶᠢᠲᠤᠷ ᠬᠢᠬᠦ ᠬᠡᠷᠡᠭᠲᠡᠢ︾᠂ ᠡᠨᠡ ᠪᠣᠯ ᠥᠨᠥᠳᠥᠷ ᠤᠨ ᠪᠢᠳᠡᠨ ᠤ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠠᠷᠭᠠᠴᠠᠭᠠᠬᠤ ᠢᠲᠡᠭᠡᠯ ᠵᠣᠷᠢᠭ ᠮᠥᠨ᠂ ᠪᠢᠳᠡᠨ ᠤ ᠳᠡᠯᠡᠬᠡᠢ ᠨᠡᠶᠢᠭᠡᠮ ᠢ ᠬᠥᠲᠥᠯᠥᠨ ᠳᠠᠭᠠᠭᠤᠯᠵᠤ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠪᠣᠭᠤᠮᠲᠠ ᠶᠢ ᠬᠠᠮᠲᠤ ᠪᠠᠷ ᠲᠤᠭᠤᠯᠬᠤ ᠢᠲᠡᠭᠡᠯ ᠵᠣᠷᠢᠭ ᠤᠨ ᠡᠬᠢ ᠰᠤᠷᠪᠤᠯᠵᠢ ᠮᠥᠨ᠃
ᠠᠶᠢᠯᠴᠢᠯᠠᠯᠲᠠ ᠬᠢᠬᠦ ᠠᠴᠠ ᠡᠮᠦᠨᠡᠬᠡᠨ᠂ ᠤᠯᠠᠨ ᠤᠯᠤᠰ ᠤᠨ ᠵᠠᠭᠤᠴᠢᠯᠠᠭᠤᠷ ᠤᠨ ᠬᠢᠨ ᠳᠤᠮᠳᠠᠳᠤ ᠤᠯᠤᠰ ᠤᠨ ᠲᠤᠬᠠᠢ ᠬᠤᠶᠠᠷ ᠳᠠᠪᠬᠤᠷ ᠠᠵᠢᠭᠯᠠᠯᠲᠠ ᠶᠢ ᠬᠠᠮᠲᠤ ᠲᠠᠯᠪᠢᠵᠤ ᠦᠵᠡᠪᠡᠯ ᠳᠤᠮᠳᠠᠳᠤ ᠤᠯᠤᠰ ᠪᠣᠯᠣᠨ ᠳᠡᠯᠡᠬᠡᠢ ᠶᠢᠨ ᠬᠠᠷᠢᠯᠴᠠᠭᠠᠨ ᠤ ᠲᠡᠦᠬᠡᠨ ᠬᠤᠪᠢᠷᠠᠯᠲᠠ ᠶᠢ ᠨᠡᠩ ᠲᠣᠳᠣᠷᠬᠠᠢ ᠣᠶᠢᠯᠠᠭᠠᠵᠤ ᠪᠣᠯᠣᠨ᠎ᠠ᠃
ᠨᠢᠭᠡᠳᠦᠭᠡᠷ ᠳᠠᠪᠬᠤᠷ ᠠᠵᠢᠭᠯᠠᠯᠲᠠ ᠳᠤ ᠳᠤᠮᠳᠠᠳᠤ ᠤᠯᠤᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠳ᠋ᠦᠩᠨᠡᠯᠲᠡ ᠨᠢ ᠪᠣᠯ ︽ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠤᠳᠠᠭᠠᠨ ᠪᠠᠶᠢᠬᠤ︾ ᠴᠠᠭ ᠦᠶ᠎ᠡ ᠨᠢᠭᠡᠨᠲᠡ ᠥᠩᠭᠡᠷᠡᠵᠦ᠂ ᠴᠢᠨᠠᠷ ᠰᠠᠶᠢᠲᠠᠢ ᠬᠥᠭᠵᠢᠯᠲᠡ ᠪᠦᠬᠦᠢ ᠳᠤᠮᠳᠠᠳᠤ ᠤᠯᠤᠰ ᠡᠳᠦᠷ ᠢᠷᠡᠬᠦᠶ᠎ᠡ ︽ᠬᠥᠲᠥᠯᠥᠨ ᠳᠠᠭᠠᠭᠤᠯᠬᠤ ᠬᠦᠴᠦᠨ︾ ᠪᠣᠯᠪᠠ᠃
ᠨᠦᠭᠦᠭᠡ ᠨᠢᠭᠡ ᠳᠠᠪᠬᠤᠷ ᠠᠵᠢᠭᠯᠠᠯᠲᠠ ᠳᠤ ᠳᠤᠮᠳᠠᠳᠤ ᠤᠯᠤᠰ ᠤᠨ ᠤᠯᠠᠨ ᠤᠯᠤᠰ ᠲᠠᠬᠢ ᠨᠥᠯᠥᠭᠡᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠳ᠋ᠦᠩᠨᠡᠯᠲᠡ ᠨᠢ ᠪᠣᠯ ᠣᠳᠣᠬᠠᠨ ᠤ ᠳᠤᠮᠳᠠᠳᠤ ᠤᠯᠤᠰ ᠤᠨ ᠳᠡᠯᠡᠬᠡᠢ ᠳ᠋ᠠᠬᠢᠨ ᠳᠤ ᠠᠪᠴᠢᠷᠠᠭᠰᠠᠨ ᠬᠤᠪᠢᠷᠠᠯᠲᠠ ᠨᠢ ᠵᠥᠪᠭᠡᠨ ︽ᠬᠡᠷᠡᠭ ᠶᠠᠪᠤᠳᠠᠯ ᠤᠨ ᠲᠡᠦᠬᠡ︾ ᠲᠡᠳᠦᠢ ᠪᠢᠰᠢ᠂ ᠪᠠᠰᠠ ᠨᠡᠩ ᠭᠦᠨᠵᠡᠭᠡᠢ ᠬᠤᠪᠢᠰᠤᠯᠲᠠ ᠶᠢᠨ ᠪᠡᠯᠭᠡ ᠲᠡᠮᠳᠡᠭ ᠪᠣᠯᠣᠨ᠎ᠠ᠃
ᠢᠲᠡᠭᠡᠯ᠂ ᠳᠤᠮᠳᠠᠳᠤ ᠤᠯᠤᠰ ᠤᠨ ᠬᠠᠮᠲᠤᠷᠠᠯᠴᠠᠭᠠᠨ ᠤ ᠬᠦᠴᠦᠨ ᠠᠴᠠ ᠢᠷᠡᠯᠲᠡ ᠲᠠᠢ ᠶᠤᠮ᠃
2013 ᠣᠨ ᠳᠤ᠂ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠤ ᠳᠠᠷᠠᠭᠠᠬᠢ ᠠᠩᠬᠠᠳᠠᠭᠴᠢ ᠠᠶᠢᠯᠴᠢᠯᠠᠯᠲᠠ ᠳᠤ᠂ ᠲᠡᠷᠢᠭᠦᠯᠡᠭᠴᠢ ᠰᠢ ᠶᠢᠨ ᠫᠢᠩ ᠤᠷᠤᠰ ᠲᠤ ᠢᠷᠡᠪᠡ᠃ ︽ᠪᠡᠶ᠎ᠡ ᠮᠠᠬᠠᠪᠤᠳ ᠨᠢ ᠨᠢᠭᠡᠨᠲᠡ 21 ᠳ᠋ᠦ᠋ᠭᠡᠷ ᠵᠠᠭᠤᠨ ᠳᠤ ᠣᠷᠣᠭᠰᠠᠨ ᠪᠠᠶᠢᠬᠤ ᠳᠤ ᠲᠠᠷᠢᠬᠢ ᠲᠣᠯᠣᠭᠠᠢ ᠨᠢ ᠪᠠᠰᠠ ᠥᠩᠭᠡᠷᠡᠭᠰᠡᠨ ᠳᠡᠭᠡᠨ ᠵᠣᠭᠰᠣᠩᠭᠢᠷᠠᠵᠤ ᠪᠤᠯᠬᠤ ᠦᠭᠡᠢ︾᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠠᠶᠠᠨᠳᠠᠭᠠᠨ ᠪᠤᠢ ᠪᠣᠯᠪᠠ᠃
ᠴᠠᠭ ᠬᠤᠭᠤᠴᠠᠭᠠᠨ ᠤ ᠦᠷᠭᠦᠯᠵᠢᠯᠡᠬᠦ ᠶᠢ ᠳᠠᠭᠠᠯᠳᠤᠨ᠂ ᠡᠨᠡ ᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠬᠠᠮᠲᠤᠷᠠᠯᠴᠠᠭᠠᠨ ᠤ ᠪᠣᠷᠣ ᠲᠥᠯᠥᠪ ᠡᠳᠦᠷ ᠢᠷᠡᠬᠦᠶ᠎ᠡ ᠲᠡᠭᠦᠯᠳᠡᠷᠵᠢᠪᠡ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠴᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠢᠢᠳᠪᠦᠷᠢ ᠳᠤ ᠪᠢᠴᠢᠵᠦ ᠣᠷᠣᠭᠤᠯᠤᠨ᠂ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠳᠤ ᠨᠡᠩ ᠤᠯᠠᠨ ᠬᠠᠮᠲᠤ ᠶᠢᠨ ᠲᠠᠨᠢᠯᠲᠠ ᠪᠠ ᠬᠦᠴᠦᠨ ᠴᠢᠳᠠᠯ ᠢ ᠨᠢᠭᠲᠠᠷᠠᠭᠤᠯᠪᠠ᠃
ᠥᠨᠥᠳᠥᠷ᠂ ᠳᠠᠬᠢᠨᠲᠠ ᠮᠣᠰᠺᠸᠠ ᠳᠤ ᠬᠦᠷᠬᠦ ᠳᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠭᠡᠷᠡᠯ ᠭᠢᠯᠪᠠᠭ᠎ᠠ᠂ ᠳᠡᠯᠡᠬᠡᠢ ᠳ᠋ᠠᠬᠢᠨ ᠳᠠᠬᠢ ᠤᠷᠢᠶᠠᠯᠠᠬᠤ ᠬᠦᠴᠦᠨ ᠨᠥᠯᠥᠭᠡᠯᠡᠬᠦ ᠬᠦᠴᠦᠨ ᠨᠢ ᠨᠢᠭᠡᠨᠲᠡ ᠬᠥᠮᠥᠰ ᠢ ᠭᠠᠶᠢᠬᠠᠰᠢ ᠠᠯᠳᠠᠭᠤᠯᠪᠠ᠃ 2021 ᠣᠨ ᠤ ᠨᠠᠮᠤᠷ᠂ 2022 ᠣᠨ ᠤ ᠬᠠᠪᠤᠷ᠂ 2023 ᠣᠨ ᠤ ᠬᠠᠪᠤᠷ᠂ ᠲᠡᠷᠢᠭᠦᠯᠡᠭᠴᠢ ᠰᠢ ᠶᠢᠨ ᠫᠢᠩ ᠤᠷᠢᠳ ᠬᠤᠵᠢᠳ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ ᠳᠤᠷᠠᠳᠴᠠᠢ᠄ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠨᠢ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠠᠶᠠᠯᠢᠭᠵᠢᠭᠤᠯᠤᠨ ᠥᠷᠭᠡᠳᠬᠡᠭᠰᠡᠨ ᠪᠥᠭᠡᠳ ᠬᠥᠮᠥᠨ ᠲᠥᠷᠥᠯᠬᠢᠲᠡᠨ ᠤ ᠪᠣᠯᠪᠠᠰᠤᠨ ᠤ ᠠᠶᠠᠨ ᠵᠠᠮ ᠢ ᠭᠡᠷᠡᠯᠲᠦᠭᠦᠯᠦᠭᠰᠡᠨ ᠪᠠᠶᠢᠨ᠎ᠠ᠃
︽︿ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠨᠠᠶᠢᠵᠠ ᠶᠢᠨ ᠳᠤᠭᠤᠶᠢᠯᠠᠩ﹀ ᠤᠨ ᠠᠵᠢᠯ ᠳᠤ ᠦᠷᠭᠦᠯᠵᠢᠯᠡᠨ ᠣᠷᠣᠯᠴᠠᠨ᠎ᠠ︾᠂ ︽ᠬᠤᠶᠠᠷ ᠲᠠᠯ᠎ᠠ ᠪᠠᠷ ᠢᠶᠠᠨ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢᠨ ᠲᠤᠬᠠᠢ ᠬᠠᠮᠲᠤᠷᠠᠯᠴᠠᠭ᠎ᠠ ᠥᠷᠨᠢᠭᠦᠯᠦᠨ᠎ᠡ︾᠂ ︽ᠤᠷᠤᠰ ᠤᠨ ᠬᠢᠨ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ︾ ᠁ ᠳᠤᠮᠳᠠᠳᠤ ᠤᠯᠤᠰ ᠣᠷᠤᠭ᠎ᠠ ᠪᠤᠰᠬᠠᠭ᠎ᠠ ᠴᠠᠭ ᠦᠶ᠎ᠡ ᠳᠤ ᠡᠷᠡᠰ ᠭᠤᠶᠢᠪᠢᠰᠢ ᠦᠭᠡᠢ ᠪᠠᠷ ︽ᠲᠡᠦᠬᠡ ᠶᠢᠨ ᠵᠥᠪ ᠲᠠᠯ᠎ᠠ ᠳᠤ ᠵᠣᠭᠰᠣᠨ᠎ᠠ︾᠃
ᠮᠣᠰᠺᠸᠠ ᠳᠤ ᠬᠦᠷᠬᠦ ᠠᠴᠠ ᠡᠮᠦᠨᠡᠬᠡᠨ᠂ ᠲᠡᠷᠢᠭᠦᠯᠡᠭᠴᠢ ᠰᠢ ᠶᠢᠨ ᠫᠢᠩ ᠡᠸᠦ᠋ᠷᠦᠫᠡ ᠲᠢᠪ ᠤᠨ ᠤᠳᠤᠷᠢᠳᠬᠤ ᠬᠥᠮᠥᠰ ᠲᠠᠢ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠵᠦ᠂ ᠴᠠᠭ ᠦᠶ᠎ᠡ ᠶᠢᠨ ᠥᠷᠢᠰᠦᠯᠳᠦᠭᠡᠨ ᠢ ᠬᠠᠮᠲᠤᠷᠠᠯᠴᠠᠨ ᠠᠷᠭᠠᠴᠠᠭᠠᠬᠤ ᠪᠠᠷ ᠬᠤᠶᠠᠷ ᠲᠠᠯ᠎ᠠ ᠶᠢᠨ ᠲᠣᠳᠣᠷᠬᠠᠢ ᠬᠠᠮᠲᠤ ᠶᠢᠨ ᠲᠠᠨᠢᠯᠲᠠ ᠲᠠᠢ ᠪᠤᠯᠪᠠ︔
ᠲᠡᠭᠦᠨ ᠠᠴᠠ ᠡᠮᠦᠨᠡᠬᠡᠨ᠂ ᠵᠡᠭᠦᠨ ᠡᠮᠦᠨᠡᠲᠦ ᠠᠽᠢᠶ᠎ᠠ ᠳᠠᠬᠢ ᠠᠶᠠᠯᠠᠯ ᠨᠢ ᠡᠷᠭᠢᠨ ᠲᠣᠭᠤᠷᠢᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠪᠠ︔
ᠳᠠᠷᠠᠭᠠᠴᠢ ᠶᠢᠨ ᠴᠠᠭ ᠢ ᠪᠠᠷᠠᠯᠠᠬᠤᠶ᠎ᠠ᠂ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ — ᠯᠠᠲ᠋ᠢᠨ ᠠᠮᠧᠷᠢᠺᠠ ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠳᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠥᠭᠡᠳ ᠴᠢᠬᠤᠯᠠ ᠶᠠᠷᠢᠶ᠎ᠠ ᠲᠠᠯᠪᠢᠬᠤ ᠴᠢᠮᠡᠭᠡ ᠤᠯᠤᠰ ᠤᠨ ᠳᠣᠲᠣᠭᠠᠳᠤ ᠭᠠᠳᠠᠭᠠᠳᠤ ᠳᠤ ᠤᠯᠠᠮᠵᠢᠯᠠᠭᠳᠠᠪᠠ᠃
ᠴᠠᠭ ᠦᠶ᠎ᠡ ᠶᠢᠨ ᠰᠠᠯᠬᠢᠨ ᠳᠠᠪᠠᠯᠭᠠᠨ ᠳᠣᠯᠭᠢᠶᠠᠯᠠᠨ ᠳᠠᠪᠠᠯᠭᠠᠯᠠᠬᠤᠶᠠ᠂ ᠢᠮᠠᠭᠲᠠ ᠲᠥᠪ ᠭᠤᠣᠯᠴᠢ ᠶᠢ ᠡᠷᠢᠯᠬᠢᠯᠡᠵᠦ᠂ ᠬᠠᠮᠲᠤᠷᠠᠯᠴᠠᠭ᠎ᠠ ᠬᠢᠬᠦ ᠶᠢ ᠡᠷᠬᠢᠮᠯᠡᠵᠦ᠂ ᠬᠠᠮᠲᠤ ᠪᠠᠷ ᠠᠰᠢᠭ ᠭᠦᠷᠳᠡᠭᠦ ᠪᠠᠷ ᠴᠢᠷᠮᠠᠶᠢᠵᠤ ᠪᠠᠶᠢᠭ᠎ᠠ ᠳᠤᠮᠳᠠᠳᠤ ᠤᠯᠤᠰ ᠤᠨ ᠨᠠᠶᠢᠵᠠ ᠨᠥᠬᠦᠳ ᠳᠠᠶᠠᠩ ᠳᠡᠯᠡᠬᠡᠢ ᠳᠤ ᠲᠦᠭᠡᠵᠦ ᠪᠠᠶᠢᠨ᠎ᠠ᠃
︽ᠬᠠᠷᠢᠴᠠᠯᠠᠰᠢ ᠦᠭᠡᠢ ᠲᠡᠭᠰᠢ ᠵᠠᠮ ᠭᠡᠵᠦ ᠪᠠᠶᠢᠳᠠᠭ ᠦᠭᠡᠢ᠂ ᠪᠤᠴᠠᠰᠢ ᠦᠭᠡᠢ ᠶᠠᠪᠤᠳᠠᠯ ᠭᠡᠵᠦ ᠪᠠᠶᠢᠳᠠᠭ ᠦᠭᠡᠢ︾᠃ ᠲᠡᠦᠬᠡ ᠶᠡᠷᠦᠨᠢ ᠨᠤᠭᠤᠷᠠᠯ ᠪᠦᠳᠦᠷᠢᠯ ᠤᠨ ᠳᠤᠮᠳᠠ ᠬᠥᠭᠵᠢᠨ ᠤᠷᠤᠭᠰᠢᠯᠠᠳᠠᠭ ᠶᠤᠮ᠃ ᠬᠦᠴᠢᠷ ᠪᠡᠷᠬᠡᠰᠢᠶᠡᠯ ᠪᠠ ᠳᠠᠪᠲᠠᠯᠲᠠ ᠶᠢᠨ ᠳᠤᠮᠳᠠ ᠡᠷᠡᠰ ᠭᠤᠶᠢᠪᠢᠰᠢ ᠦᠭᠡᠢ ᠯᠠᠪᠳᠠᠭᠤᠨ ᠲᠣᠭᠲᠠᠭᠤᠨ ᠢᠶᠠᠷ ᠠᠯᠤᠰ ᠢ ᠵᠣᠷᠢᠨ ᠤᠷᠤᠭᠰᠢᠯᠠᠨ᠎ᠠ᠃ ᠶᠡᠭᠡ ᠬᠠᠨᠳᠤᠰᠢ ᠶᠢ ᠲᠥᠯᠥᠪᠵᠢᠭᠦᠯᠬᠦ᠂ ᠶᠡᠭᠡ ᠵᠢᠷᠤᠮ ᠢ ᠡᠭᠦᠷᠭᠡᠯᠡᠬᠦ᠂ ᠶᠡᠭᠡ ᠵᠠᠮ ᠢᠶᠠᠷ ᠵᠠᠮᠨᠠᠬᠤ ᠬᠠᠷᠢᠭᠤᠴᠠᠯᠭ᠎ᠠ ᠲᠠᠢ ᠶᠡᠭᠡ ᠤᠯᠤᠰ ᠤᠨ ᠢᠷᠡᠭᠡᠳᠦᠢ ᠯᠠᠪ ᠬᠢᠵᠠᠭᠠᠯᠠᠰᠢ ᠦᠭᠡᠢ ᠰᠦᠷᠯᠢᠭ ᠰᠠᠶᠢᠬᠠᠨ ᠶᠤᠮ᠃