5 ᠰᠠᠷ᠎ᠠ ᠶᠢᠨ 12 ᠠᠴᠠ 13 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠠᠶᠠᠨᠨᠠᠭᠤᠷ ᠬᠤᠳᠠ ᠳᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃



ᠰᠦᠨ ᠱᠤᠤ ᠴᠧᠩ ᠲᠡᠭᠦᠨ ᠤ ᠬᠠᠷᠢᠯᠴᠠᠵᠤ ᠪᠠᠶᠢᠭ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠤᠯᠬᠤ ᠰᠠᠨ ᠷᠦᠢ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠰᠠᠨ ᠫᠠᠩ ᠳ᠋ᠠᠨ ᠢᠳᠡᠭᠡᠨ ᠤ ᠺᠤᠮᠫᠠᠨᠢ ᠳᠤ ᠬᠦᠷᠴᠦ᠂ ᠨᠡᠷᠡᠨ ᠬᠤᠸᠠᠷ ᠤᠨ ᠡᠭᠦᠯᠳᠡᠷ ᠪᠣᠶᠢᠵᠢᠭᠤᠯᠬᠤ᠂ ᠦᠢᠯᠡᠳᠬᠦᠨ ᠢ ᠰᠤᠳᠤᠯᠤᠨ ᠨᠡᠭᠡᠭᠡᠬᠦ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠨᠢ ᠣᠶᠢᠯᠠᠭᠠᠵᠤ᠂ ᠠᠵᠤ ᠠᠬᠤᠶᠢᠯᠠᠯ ᠤᠨ ᠬᠢᠨ ᠢ ᠪᠠᠶᠠᠵᠢᠭᠰᠠᠨ ᠴᠤ ᠤᠷᠤᠭᠰᠢᠯᠠᠨ ᠲᠠᠪᠰᠢᠬᠤ ᠶᠢ ᠪᠤᠳᠤᠵᠤ᠂ ᠦᠷ᠎ᠡ ᠡᠳ᠋ ᠤᠨ ᠳᠠᠪᠠᠭᠤᠯᠢᠭ᠂ ᠶᠠᠰᠤ ᠴᠢᠨᠠᠷ ᠤᠨ ᠳᠠᠪᠠᠭᠤᠯᠢᠭ᠂ ᠲᠦᠷᠦᠯ ᠲᠡᠮᠳᠡᠭ ᠤᠨ ᠳᠠᠪᠠᠭᠤᠯᠢᠭ ᠢ ᠤᠶᠠᠯᠳᠤᠭᠤᠯᠵᠤ᠂ ᠪᠦᠭᠦ ᠤᠯᠤᠰ ᠤᠨ ᠲᠣᠮᠣ ᠵᠠᠬ᠎ᠠ ᠳᠡᠯᠭᠡᠭᠦᠷ ᠲᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠦᠢᠯᠡᠳᠬᠦᠨ ᠤ ᠬᠠᠩᠭᠠᠯᠭ᠎ᠠ ᠶᠢ ᠥᠷᠭᠡᠳᠬᠡᠵᠦ᠂ ᠡᠵᠡᠩᠨᠡᠯᠲᠡ ᠶᠢᠨ ᠦᠷ᠎ᠡ ᠠᠰᠢᠭ ᠪᠣᠯᠣᠨ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠬᠡᠷᠡᠭᠲᠡᠢ ᠭᠡᠵᠦ ᠵᠣᠷᠢᠭᠵᠢᠭᠤᠯᠪᠠ᠃ ᠰᠦᠨ ᠱᠤᠤ ᠴᠧᠩ᠂ ᠡᠯ᠎ᠡ ᠱᠠᠲᠤᠨ ᠤ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠦᠨᠡᠨ ᠪᠣᠳᠠᠲᠠᠢ ᠬᠠᠪᠰᠤᠷᠤᠨ ᠬᠦᠴᠢᠷᠳᠡᠯᠲᠡᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠡᠢ᠃ ᠯᠢᠨ ᠾᠧ ᠲᠣᠭᠤᠷᠢᠭ ᠤᠨ ᠵᠢᠨᠴᠤᠸᠠᠨ ᠵᠡᠭᠡᠯᠢ ᠭᠤᠳᠤᠮᠵᠢ ᠶᠢᠨ ᠵᠢᠶᠠᠩ ᠯᠢᠨ ᠨᠡᠶᠢᠭᠡᠮ ᠲᠣᠭᠤᠷᠢᠭ ᠤᠨ ᠠᠷᠠᠳ ᠲᠤ ᠲᠦᠭᠦᠮ ᠦᠵᠡᠭᠦᠯᠭᠦ ᠦᠢᠯᠡᠴᠢᠯᠡᠭᠡᠨ ᠤ ᠶᠡᠭᠡ ᠲᠢᠩᠬᠢᠮ ᠪᠣᠯᠣᠨ ᠨᠠᠮ ᠤᠨ ᠭᠡᠰᠢᠭᠦᠨ ᠪᠣᠯᠣᠨ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠰᠦᠨ ᠱᠤᠤ ᠴᠧᠩ ᠨᠡᠶᠢᠭᠡᠮ ᠲᠣᠭᠤᠷᠢᠭ ᠤᠨ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠨᠡᠶᠢᠭᠡᠮ ᠲᠣᠭᠤᠷᠢᠭ ᠤᠨ ᠠᠵᠢᠯ ᠤᠨ ᠠᠭᠤᠯᠭ᠎ᠠ ᠪᠣᠯᠣᠨ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠮᠵᠢ ᠶᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠤᠯᠠᠨ ᠲᠦᠮᠡᠨᠴᠢ ᠬᠥᠮᠦᠵᠢᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠳᠤ ᠠᠪᠤᠭᠰᠠᠨ ᠠᠷᠭ᠎ᠠ ᠬᠡᠮᠵᠢᠶ᠎ᠡ ᠶᠢ ᠯᠠᠪᠯᠠᠨ ᠠᠰᠠᠭᠤᠪᠠ᠃ ᠲᠡᠷᠡ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠳᠤ ᠠᠯᠢ ᠨᠢᠭᠡ ᠵᠦᠢᠯ ᠤᠨ ᠠᠵᠢᠯ ᠨᠢ ᠴᠤ ᠨᠡᠶᠢᠭᠡᠮ ᠲᠣᠭᠤᠷᠢᠭ ᠠᠴᠠ ᠰᠠᠯᠵᠤ ᠴᠢᠳᠠᠬᠤ ᠦᠭᠡᠢ ᠶᠤᠮ᠂ ᠨᠡᠶᠢᠭᠡᠮ ᠲᠣᠭᠤᠷᠢᠭ ᠤᠨ ᠡᠭᠦᠷᠭᠡ ᠴᠢᠳᠠᠪᠬᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠭᠦᠷᠭᠡᠯᠡᠬᠦ ᠴᠢᠬᠤᠯᠠ ᠦᠭᠡᠢ ᠶᠢ ᠨᠢ ᠡᠷᠡᠰ ᠬᠠᠰᠤᠵᠤ᠂ ᠦᠨᠳᠦᠰᠦᠨ ᠱᠠᠲᠤᠨ ᠤ ᠬᠢᠨ ᠨᠡᠩ ᠤᠯᠠᠨ ᠤᠶᠤᠨ ᠴᠢᠳᠠᠯ ᠢᠶᠠᠨ ᠠᠷᠠᠳ ᠲᠦᠮᠡᠨ ᠳᠤ ᠦᠢᠯᠡᠴᠢᠯᠡᠬᠦ ᠳᠡᠭᠡᠷ᠎ᠡ ᠲᠠᠯᠪᠢᠬᠤ ᠬᠡᠷᠡᠭᠲᠡᠢ᠃ ᠤᠯᠠᠨ ᠲᠦᠮᠡᠨ ᠬᠦᠴᠢᠷᠳᠡᠯ ᠳᠤ ᠲᠤᠯᠭᠠᠷᠠᠭᠰᠠᠨ ᠦᠶ᠎ᠡ ᠳᠤ᠂ ᠨᠡᠶᠢᠭᠡᠮ ᠲᠣᠭᠤᠷᠢᠭ ᠤᠨ ᠬᠢᠨ ᠰᠠᠨᠠᠭᠠᠴᠢᠯᠠᠭ᠎ᠠ ᠠᠴᠠ ᠪᠠᠨ ᠬᠦᠷᠦᠯᠴᠡᠨ ᠣᠴᠢᠵᠤ ᠣᠶᠢᠯᠠᠭᠠᠵᠤ᠂ ᠴᠠᠭ ᠲᠤᠬᠠᠢ ᠳᠤᠨᠢ ᠳᠡᠮᠵᠢᠯᠭᠡ ᠦᠵᠡᠭᠦᠯᠵᠦ ᠤᠯᠠᠨ ᠲᠦᠮᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ ᠭᠡᠵᠡᠢ᠃

ᠪᠠᠶᠠᠨᠨᠠᠭᠤᠷ ᠬᠤᠳᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠰᠦᠨ ᠱᠤᠤ ᠴᠧᠩ᠂ ᠪᠠᠶᠠᠨᠨᠠᠭᠤᠷ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠰᠠᠨᠠᠭᠠᠴᠢᠯᠠᠭ᠎ᠠ ᠠᠴᠠ ᠪᠠᠨ ᠤᠬᠠᠮᠰᠠᠷ ᠠᠴᠠ ᠪᠠᠨ᠂ ᠯᠠᠪᠳᠠᠭᠤᠨ ᠪᠠᠲᠤᠲᠠᠢ ᠠᠵᠢᠯᠯᠠᠵᠤ᠂ ᠢᠳᠡᠪᠬᠢᠲᠡᠢ ᠦᠷ᠎ᠡ ᠪᠦᠲᠦᠮᠵᠢ ᠣᠯᠪᠠ᠂ ᠠᠵᠢᠯ ᠢᠶᠠᠨ ᠨᠡᠩ ᠰᠡᠳᠬᠢᠯ ᠲᠠᠯᠪᠢᠨ᠂ ᠨᠡᠩ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠪᠣᠯᠣᠨ ᠬᠦᠰᠡᠯ ᠨᠠᠶᠢᠳᠠᠯᠭ᠎ᠠ ᠶᠢᠨ ᠠᠴᠢ ᠶᠢ ᠬᠠᠷᠢᠭᠤᠯᠬᠤ ᠬᠡᠷᠡᠭᠲᠡᠢ᠃ ᠪᠠᠶᠠᠨᠨᠠᠭᠤᠷ ᠬᠤᠳᠠ ᠶᠢᠨ ᠮᠠᠯ ᠠᠵᠤ ᠠᠬᠤᠢ ᠲᠠᠷᠢᠶᠠᠯᠠᠩ᠂ ᠠᠭᠤᠷᠬᠠᠢ ᠶᠢᠨ ᠭᠠᠷᠤᠯᠲᠠ᠂ ᠰᠣᠶᠣᠯ ᠵᠢᠭᠤᠯᠴᠢᠯᠠᠯ ᠵᠡᠷᠭᠡ ᠡᠬᠢ ᠪᠠᠶᠠᠯᠢᠭ ᠪᠦᠷ ᠨᠡᠯᠢᠶᠡᠳ ᠡᠯᠪᠡᠭ ᠶᠤᠮ᠂ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢ ᠤᠬᠠᠭᠠᠯᠠᠨ ᠲᠥᠯᠥᠪᠯᠡᠬᠦ ᠲᠠᠢ ᠤᠶᠠᠯᠳᠤᠭᠤᠯᠵᠤ᠂ ᠴᠣᠬᠤᠮ ᠶᠠᠮᠠᠷ ᠶᠠᠮᠠᠷ ᠳᠠᠪᠠᠭᠤᠯᠢᠭ ᠲᠠᠢ᠂ ᠶᠠᠮᠠᠷ ᠶᠠᠮᠠᠷ ᠭᠤᠣᠯᠳᠠᠯᠭ᠎ᠠ ᠲᠠᠢ ᠠᠵᠤ ᠦᠢᠯᠡᠰ ᠢ ᠲᠥᠪᠯᠡᠷᠡᠭᠦᠯᠦᠨ ᠪᠠᠶᠢᠭᠤᠯᠬᠤ ᠪᠠᠨ ᠲᠣᠳᠣᠷᠬᠠᠢ ᠪᠤᠳᠤᠵᠤ᠂ ᠲᠣᠭᠲᠠᠭᠠᠮᠠᠭᠴᠠ ᠡᠷᠴᠢ ᠵᠣᠷᠢᠭ ᠢᠶᠠᠨ ᠬᠥᠪᠴᠢᠯᠡᠨ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ᠂ ᠥᠪᠡᠷ ᠢᠶᠠᠨ ᠰᠡᠳᠬᠢᠯ ᠬᠠᠩᠬᠤ᠂ ᠪᠠᠭ᠎ᠠ ᠪᠠᠶᠠᠵᠢᠭᠰᠠᠭᠠᠷ ᠪᠣᠯᠴᠢᠬᠠᠬᠤ ᠰᠡᠳᠬᠢᠴᠡ ᠶᠢ ᠲᠡᠪᠴᠢᠵᠦ᠂ ᠠᠵᠤ ᠦᠢᠯᠡᠰ ᠤᠨ ᠬᠥᠭᠵᠢᠯᠲᠡ ᠶᠢ ᠨᠠᠷᠢᠨ ᠬᠢᠨᠠᠮᠠᠭᠠᠢ ᠲᠥᠯᠥᠪᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠬᠡᠪᠴᠢᠶ᠎ᠡ ᠶᠢ ᠶᠡᠬᠡᠰᠬᠡᠵᠦ᠂ ᠦᠢᠯᠡᠳᠬᠦᠨ ᠢᠶᠠᠨ ᠰᠢᠯᠢᠳᠡᠭᠵᠢᠭᠦᠯᠵᠦ᠂ ᠲᠦᠷᠦᠯ ᠲᠡᠮᠳᠡᠭ ᠢᠶᠠᠨ ᠬᠦᠴᠦᠷᠬᠡᠭᠵᠢᠭᠦᠯᠬᠦ ᠬᠡᠷᠡᠭᠲᠡᠢ᠃ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠴᠢᠭᠯᠡᠯ ᠪᠠ ᠪᠠᠶᠢᠷᠢᠯᠠᠭᠤᠯᠤᠯᠲᠠ ᠵᠡᠷᠭᠡ ᠪᠠᠶᠢᠯᠳᠤᠬᠤ ᠪᠣᠳᠣᠯᠭ᠎ᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠬᠠᠮᠲᠤ᠂ ᠣᠳᠣᠬᠠᠨ ᠤ ᠪᠠᠶᠢᠳᠠᠯ ᠳᠤ ᠰᠠᠭᠤᠷᠢᠯᠠᠨ᠂ ︽ᠲᠠᠪᠤᠨ ᠶᠡᠭᠡ ᠡᠭᠦᠷᠭᠡ︾ ᠵᠢᠴᠢ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠠᠬᠢᠴᠠ ᠪᠠᠨ ᠲᠦᠷᠭᠡᠳᠬᠡᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠮᠠᠯ ᠠᠵᠤ ᠠᠬᠤᠢ ᠲᠠᠷᠢᠶᠠᠯᠠᠩ ᠤᠨ ᠦᠨᠳᠦᠰᠦᠨ ᠬᠦᠴᠦᠨ ᠵᠦᠢᠯ ᠢ ᠲᠣᠭᠲᠠᠪᠤᠷᠢᠵᠢᠭᠤᠯᠵᠤ᠂ ᠮᠦ ᠨᠢᠭᠡᠴᠢ ᠶᠢᠨ ᠤᠨᠠᠯᠲᠠ ᠪᠠ ᠪᠣᠳᠠᠭᠠᠯᠢ ᠪᠡᠶ᠎ᠡ ᠶᠢᠨ ᠭᠠᠷᠤᠯᠲᠠ ᠨᠡᠮᠡᠭᠳᠡᠭᠦᠯᠬᠦ ᠳᠤ ᠲᠦᠰᠢᠭᠯᠡᠨ ᠮᠠᠯ ᠠᠵᠤ ᠠᠬᠤᠢ ᠲᠠᠷᠢᠶᠠᠯᠠᠩ ᠤᠨ ᠦᠷ᠎ᠡ ᠠᠰᠢᠭ ᠢ ᠳᠡᠭᠡᠭᠰᠢᠯᠡᠭᠦᠯᠭᠦ ᠶᠢ ᠨᠠᠩ ᠴᠢᠬᠤᠯᠠᠴᠢᠯᠠᠵᠤ᠂ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠳᠤ ᠲᠦᠰᠢᠭᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠳᠡᠭᠡᠭᠰᠢᠯᠡᠭᠦᠯᠭᠦ ᠶᠢ ᠨᠠᠩ ᠴᠢᠬᠤᠯᠠᠴᠢᠯᠠᠬᠤ ᠬᠡᠷᠡᠭᠲᠡᠢ᠃ ᠠᠵᠤ ᠦᠢᠯᠡᠳᠪᠦᠷᠢ ᠶᠢᠨ ᠲᠦᠷᠭᠡᠨ ᠬᠥᠭᠵᠢᠯᠲᠡ ᠶᠢ ᠠᠬᠢᠭᠤᠯᠵᠤ᠂ ᠢᠳᠡᠭᠡᠨ ᠪᠤᠯᠪᠠᠰᠤᠷᠠᠭᠤᠯᠬᠤ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠪᠡ᠃
ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃