|
ᠰᠢ ᠶᠢᠨ ᠫᠢᠩ ᠴᠠᠭᠢᠯᠭᠠᠨ ᠴᠢᠮᠡᠭᠡ ᠶᠠᠪᠤᠭᠤᠯᠵᠤ ᠠᠯᠪᠠᠨᠢᠰ ᠤᠨ ᠠᠦ᠋ᠰᠲᠷᠠᠯᠢᠶ᠎ᠠ ᠶᠢᠨ ᠶᠡᠷᠦᠩᠬᠡᠢ ᠰᠠᠶᠢᠳ ᠢᠶᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ | ᠬᠦᠷᠭᠡᠪᠡ |
|
|
ᠨᠡᠶᠢᠲᠡᠯᠡᠭᠰᠡᠨ ᠴᠠᠭ᠄
2025/5/14
|
|
ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠨᠲ᠋ᠤᠨᠢ•ᠠᠯᠪᠠᠨᠢᠰ ᠲᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠠᠦ᠋ᠰᠲᠷᠠᠯᠢᠶ᠎ᠠ ᠶᠢᠨ ᠬᠤᠯᠪᠣᠭᠠᠨ ᠤ ᠵᠠᠰᠠᠭ ᠤᠨ ᠣᠷᠳᠣᠨ ᠤ ᠶᠡᠷᠦᠩᠬᠡᠢ ᠰᠠᠶᠢᠳ ᠢᠶᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ᠃ ᠰᠢ ᠶᠢᠨ ᠫᠢᠩ᠂ ᠥᠩᠭᠡᠷᠡᠭᠰᠡᠨ 3 ᠵᠢᠯ ᠳᠤ ᠪᠢ ᠶᠡᠷᠦᠩᠬᠡᠢ ᠰᠠᠶᠢᠳ ᠠᠪᠤᠭᠠᠢ ᠲᠠᠢ ᠠᠭᠤᠯᠵᠠᠵᠤ᠂ ᠳᠤᠮᠳᠠᠳᠤ ᠠᠦ᠋ᠰᠲᠷᠠᠯᠢᠶ᠎ᠠ ᠶᠢᠨ ᠬᠠᠷᠢᠯᠴᠠᠭᠠᠨ ᠤ ᠬᠥᠭᠵᠢᠯᠲᠡ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ᠂ ᠴᠢᠭᠯᠡᠯ ᠤᠨ ᠴᠢᠨᠠᠷᠲᠠᠢ ᠠᠰᠠᠭᠤᠳᠠᠯ ᠤᠨ ᠲᠤᠬᠠᠢ ᠭᠦᠨᠵᠡᠭᠡᠢ ᠣᠯᠣᠯᠴᠠᠬᠤ ᠶᠢᠨ ᠬᠠᠮᠲᠤ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ᠂ ᠬᠤᠶᠠᠷ ᠤᠯᠤᠰ ᠤᠨ ᠬᠠᠷᠢᠯᠴᠠᠭ᠎ᠠ ᠶᠢ ᠰᠠᠶᠢᠵᠢᠷᠠᠭᠤᠯᠬᠤ ᠪᠠ ᠬᠥᠭᠵᠢᠭᠦᠯᠬᠦ ᠳᠤ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠮᠵᠢ ᠬᠠᠩᠭᠠᠵᠠᠢ᠃ ᠳᠤᠮᠳᠠᠳᠤ ᠠᠦ᠋ᠰᠲᠷᠠᠯᠢᠶ᠎ᠠ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠨᠢ ᠬᠤᠶᠠᠷ ᠤᠯᠤᠰ ᠤᠨ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠢ ᠳᠤᠷᠠᠲᠠᠶ᠎ᠠ ᠶᠡᠷᠦᠩᠬᠡᠢ ᠰᠠᠶᠢᠳ ᠠᠯᠪᠠᠨᠢᠰ ᠲᠠᠢ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ ᠠᠦ᠋ᠰᠲᠷᠠᠯᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠠᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠠᠯᠪᠠᠨᠢᠰ ᠲᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠳᠤᠮᠳᠠᠳᠤ ᠤᠯᠤᠰ ᠳᠤᠷᠠᠲᠠᠶ᠎ᠠ ᠠᠦ᠋ᠰᠲᠷᠠᠯᠢᠶ᠎ᠠ ᠶᠢᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠲᠠᠢ ᠬᠠᠮᠲᠤ ᠪᠠᠷ ᠨᠡᠩ ᠪᠣᠯᠪᠠᠰᠤᠷᠠᠩᠭᠤᠢ ᠲᠣᠭᠲᠠᠭᠤᠨ᠂ ᠨᠡᠩ ᠪᠠᠶᠠᠯᠢᠭ ᠦᠷ᠎ᠡ ᠪᠦᠲᠦᠭᠡᠯ ᠲᠠᠢ ᠳᠤᠮᠳᠠᠳᠤ ᠠᠦ᠋ᠰᠲᠷᠠᠯᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|