ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃
ᠰᠢ ᠶᠢᠨ ᠫᠢᠩ᠂ ᠨᠢᠳᠤᠨᠤᠨ ᠳᠤᠮᠳᠠᠳᠤ ᠪᠷᠠᠽᠢᠯ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢᠨ ᠲᠠᠰᠢᠷᠠᠮ ᠢᠶᠠᠷ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠯᠴᠠᠭ᠎ᠠ ᠶᠢ ᠭᠠᠷ ᠬᠤᠯᠪᠣᠨ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ ᠪᠥᠮᠪᠥᠷᠴᠡᠭ ᠤᠨ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠭᠠᠨ ᠲᠡᠰ ᠳᠡᠪᠰᠢᠭᠦᠯᠦᠨ᠎ᠡ ᠭᠡᠵᠦ ᠨᠡᠶᠢᠲᠡᠯᠡᠪᠡ᠂ ᠡᠨᠡ ᠬᠦ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠨᠢ ᠳᠤᠮᠳᠠᠳᠤ ᠪᠷᠠᠽᠢᠯ ᠤᠨ ᠬᠠᠷᠢᠯᠴᠠᠭ᠎ᠠ ᠶᠢᠨ ᠳᠠᠷᠠᠭᠠᠴᠢ ᠶᠢᠨ ︽ᠰᠢᠵᠢᠷ ᠠᠯᠳᠠᠨ 50 ᠵᠢᠯ︾ ᠳᠤ ᠠᠤᠭ᠎ᠠ ᠵᠢᠷᠤᠭ ᠲᠥᠰᠥᠪ ᠢ ᠵᠢᠷᠤᠭᠯᠠᠵᠤ ᠥᠭᠴᠡᠢ᠃ ᠤᠷᠪᠠᠭᠠᠨ ᠬᠥᠷᠪᠡᠭᠡᠨ ᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ ᠳᠤᠮᠳᠠᠳᠤ ᠪᠷᠠᠽᠢᠯ ᠬᠤᠶᠠᠷ ᠤᠯᠤᠰ ᠬᠥᠮᠥᠨ ᠲᠥᠷᠥᠯᠬᠢᠲᠡᠨ ᠤ ᠲᠠᠪᠰᠢᠯᠳᠠ ᠳᠤ ᠬᠠᠷᠢᠭᠤᠴᠠᠯᠭ᠎ᠠ ᠡᠭᠦᠷᠭᠡᠯᠡᠬᠦ᠂ ᠪᠦᠭᠦ ᠪᠥᠮᠪᠥᠷᠴᠡᠭ ᠤᠨ ᠬᠥᠭᠵᠢᠯᠲᠡ ᠳᠤ ᠬᠠᠷᠢᠭᠤᠴᠠᠯᠭ᠎ᠠ ᠪᠠᠨ ᠭᠦᠢᠴᠡᠳᠬᠡᠬᠦ ᠤᠭ ᠰᠠᠨᠠᠭ᠎ᠠ ᠪᠠᠨ ᠪᠠᠷᠢᠮᠲᠠᠯᠠᠵᠤ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠢ ᠭᠠᠷ ᠬᠤᠯᠪᠣᠨ ᠲᠠᠶᠢᠴᠢᠯᠠᠵᠤ ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠶ᠎ᠠ ᠭᠡᠵᠦ ᠵᠢᠭᠠᠵᠤ ᠭᠠᠷᠭᠠᠪᠠ᠃

5 ᠰᠠᠷ᠎ᠠ ᠶᠢᠨ 13 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠶᠢᠨ ᠫᠢᠩ ᠬᠠᠲᠤᠨ ᠫᠧᠩ ᠯᠢ ᠶᠤᠸᠠᠨ ᠲᠠᠢ ᠪᠠᠨ ᠯᠦᠯᠠ ᠪᠣᠯᠣᠨ ᠲᠡᠭᠦᠨ ᠤ ᠬᠠᠲᠤᠨ ᠯᠥᠸᠧᠰᠠᠩᠷᠧᠯᠠ ᠲᠠᠢ ᠬᠠᠮᠲᠤ ᠶᠢᠨ ᠰᠡᠭᠦᠳᠡᠷ ᠲᠠᠲᠠᠭᠤᠯᠵᠤ ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ︶
ᠰᠢ ᠶᠢᠨ ᠫᠢᠩ᠂ ᠰᠢᠨ᠎ᠡ ᠲᠡᠦᠬᠡ ᠶᠢᠨ ᠭᠠᠷᠤᠭ᠎ᠠ ᠳᠤ ᠵᠣᠭᠰᠣᠵᠤ᠂ ᠳᠤᠮᠳᠠᠳᠤ ᠪᠷᠠᠽᠢᠯ ᠬᠤᠶᠠᠷ ᠲᠠᠯ᠎ᠠ ᠪᠠᠷ ᠢᠶᠠᠨ ᠨᠢᠭᠡ ᠳᠤ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠷᠢᠮᠲᠠᠯᠠᠵᠤ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠰᠠᠭᠤᠷᠢ ᠶᠢ ᠪᠠᠬᠢᠵᠢᠭᠦᠯᠵᠦ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠰᠢᠯᠢᠳᠡᠭ ᠤᠯᠠᠮᠵᠢᠯᠠᠯ ᠢ ᠪᠠᠷᠢᠮᠲᠠᠯᠠᠵᠤ᠂ ᠨᠦᠭᠦᠭᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ ᠬᠠᠷᠢᠯᠴᠠᠨ ᠲᠡᠮᠵᠢᠵᠥ᠂ ᠡᠯ᠎ᠡ ᠱᠠᠲᠤ ᠳᠠᠪᠬᠤᠷᠭ᠎ᠠ᠂ ᠪᠦᠭᠦ ᠲᠠᠯ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠤᠷᠳᠤ ᠬᠤᠭᠤᠴᠠᠭ᠎ᠠ ᠪᠠᠷ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠶ᠎ᠠ᠃ ᠬᠤᠶᠠᠷ ᠲᠤ᠂ ᠬᠠᠮᠲᠤᠷᠠᠯᠴᠠᠭ᠎ᠠ ᠪᠠᠨ ᠥᠷᠭᠡᠳᠬᠡᠬᠦ ᠶᠢ ᠪᠠᠷᠢᠮᠲᠠᠯᠠᠵᠤ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ᠂ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠪᠷᠠᠽᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠪᠦᠲᠦᠮᠵᠢᠲᠡᠢ ᠵᠣᠯᠭᠠᠭᠤᠯᠬᠤ ᠶᠢ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠡᠯ᠎ᠡ ᠵᠦᠢᠯ ᠤᠨ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ᠂ ᠡᠨᠧᠷᠭᠢ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠨᠧᠷᠭᠢ ᠶᠢᠨ ᠭᠡᠯᠪᠡᠷᠢ ᠶᠢ ᠬᠤᠪᠢᠷᠠᠭᠤᠯᠬᠤ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠠᠮᠲᠤᠷᠠᠯᠴᠠᠭᠠᠨ ᠤ ᠰᠢᠨ᠎ᠡ ᠣᠷᠣᠨ ᠵᠠᠢ ᠶᠢ ᠥᠷᠭᠡᠳᠬᠡᠵᠦ᠂ ᠬᠤᠶᠠᠷ ᠤᠯᠤᠰ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠳᠤ ᠨᠡᠩ ᠤᠯᠠᠨ ᠭᠢᠯᠠᠰ ᠴᠡᠭ ᠢ ᠪᠤᠢ ᠪᠣᠯᠭᠠᠶ᠎ᠠ᠃ ᠭᠤᠷᠪᠠ ᠳᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠪᠠᠷᠢᠮᠲᠠᠯᠠᠵᠤ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠢᠷᠡᠬᠦ ᠵᠢᠯ ︽ᠳᠤᠮᠳᠠᠳᠤ ᠪᠷᠠᠽᠢᠯ ᠤᠨ ᠰᠣᠶᠣᠯ ᠤᠨ ᠣᠨ︾ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ᠂ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ᠂ ᠵᠠᠭᠤᠴᠢᠯᠠᠭᠤᠷ᠂ ᠣᠷᠣᠨ ᠨᠤᠲᠤᠭ ᠵᠡᠷᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠬᠥᠮᠥᠰ ᠤᠨ ᠶᠠᠪᠤᠯᠴᠠᠭ᠎ᠠ ᠳᠤ ᠨᠡᠩ ᠤᠯᠠᠨ ᠲᠦᠭᠦᠮ ᠦᠵᠡᠭᠦᠯᠦᠶ᠎ᠡ᠃ ᠳᠥᠷᠪᠡ ᠳᠤ᠂ ᠤᠯᠠᠨ ᠲᠠᠯ᠎ᠠ ᠶᠢᠨ ᠬᠠᠮᠵᠢᠯᠴᠠᠭ᠎ᠠ ᠶᠢ ᠪᠠᠷᠢᠮᠲᠠᠯᠠᠵᠤ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠴᠢᠨᠠᠷ ᠢ ᠳᠡᠭᠡᠭᠰᠢᠯᠡᠭᠦᠯᠦᠶ᠎ᠡ᠃ ᠵᠡᠭᠦᠨ ᠪᠠᠷᠠᠭᠤᠨ ᠬᠠᠭᠠᠰ ᠪᠥᠮᠪᠥᠷᠴᠡᠭ ᠤᠨ ᠬᠤᠶᠠᠷ ᠶᠡᠭᠡ ᠬᠥᠭᠵᠢᠵᠦ ᠪᠠᠶᠢᠭ᠎ᠠ ᠤᠯᠤᠰ ᠪᠣᠯᠤᠭᠰᠠᠨ ᠤ ᠬᠤᠪᠢ ᠳᠤ ᠬᠤᠶᠠᠷ ᠤᠯᠤᠰ ᠢᠶᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠠᠯᠳᠠᠨ ᠲᠣᠭᠤᠰᠭ᠋᠎ᠠ ᠤᠯᠤᠰ ᠤᠳ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠵᠡᠷᠭᠡ ᠤᠯᠠᠨ ᠲᠠᠯᠠᠲᠤ ᠲᠣᠭᠲᠠᠴᠠ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠵᠦ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠵᠤ᠂ ᠲᠤᠭ ᠲᠡᠮᠳᠡᠭ ᠲᠣᠳᠣᠷᠬᠠᠢ ᠪᠠᠷ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠪᠣᠯᠣᠨ ᠡᠵᠡᠷᠬᠡᠵᠦ ᠳᠠᠷᠤᠯᠠᠬᠤ ᠠᠵᠢᠯᠯᠠᠭ᠎ᠠ ᠶᠢ ᠡᠰᠡᠷᠭᠦᠴᠡᠶ᠎ᠡ ᠭᠡᠵᠦ ᠴᠢᠬᠤᠯᠠᠴᠢᠯᠠᠪᠠ᠃

5 ᠰᠠᠷ᠎ᠠ ᠶᠢᠨ 13 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠶ ᠳᠤ ᠯᠦᠯᠠ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ︶
ᠯᠦᠯᠠ᠂ ᠪᠷᠠᠽᠢᠯ ᠳᠤᠮᠳᠠᠳᠤ ᠬᠠᠷᠢᠯᠴᠠᠨ ᠭᠦᠨᠳᠦᠳᠭᠡᠵᠦ᠂ ᠬᠤᠪᠢ ᠵᠠᠶᠠᠭ᠎ᠠ ᠪᠠᠨ ᠬᠠᠮᠲᠤᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠡᠪᠳᠡᠷᠡᠰᠢ ᠦᠭᠡᠢ ᠪᠠᠲᠤ ᠪᠠᠬᠢ ᠪᠠᠶᠢᠵᠤ᠂ ᠶᠠᠮᠠᠷᠪᠠ ᠭᠠᠳᠠᠭᠠᠳᠤ ᠬᠦᠴᠦᠨ ᠵᠦᠢᠯ ᠤᠨ ᠬᠠᠷᠰᠢᠯᠠᠯ ᠡᠪᠳᠡᠯᠭᠡ ᠶᠢ ᠬᠦᠯᠢᠶᠡᠬᠦ ᠦᠭᠡᠢ᠃ ᠪᠤᠰᠤᠳ ᠲᠣᠮᠣ ᠤᠯᠤᠰ ᠲᠠᠢ ᠠᠳᠠᠯᠢ ᠦᠭᠡᠢ ᠨᠢ ᠭᠡᠪᠡᠯ ᠳᠤᠮᠳᠠᠳᠤ ᠤᠯᠤᠰ ᠪᠷᠠᠽᠢᠯ ᠢ ᠪᠠᠭᠲᠠᠭᠠᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠᠨ ᠪᠡᠶᠡᠯᠡᠭᠦᠯᠬᠦ ᠶᠢ ᠴᠢᠩ ᠦᠨᠡᠨ ᠰᠡᠳᠬᠢᠯ ᠠᠴᠠ ᠪᠠᠨ ᠳᠡᠮᠵᠢᠭᠰᠡᠭᠡᠷ ᠢᠷᠡᠵᠠᠢ᠃ ᠪᠷᠠᠽᠢᠯ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠷᠠᠽᠢᠯ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠨᠡᠩ ᠲᠥᠪ ᠭᠤᠣᠯᠴᠢ᠂ ᠡᠩᠬᠡ ᠲᠠᠶᠢᠪᠤᠩ᠂ ᠴᠡᠴᠡᠭᠯᠡᠨ ᠬᠥᠭᠵᠢᠭᠰᠡᠨ ᠳᠡᠯᠡᠬᠡᠢ ᠶᠢᠷᠲᠢᠨᠴᠦ ᠶᠢ ᠪᠠᠶᠢᠭᠤᠯᠵᠤ᠂ ᠡᠯ᠎ᠡ ᠤᠯᠤᠰ ᠲᠤ ᠦᠯᠢᠭᠡᠷ ᠳᠠᠭᠤᠷᠢᠶᠠᠯ ᠪᠣᠯᠣᠨ᠎ᠠ᠃ ᠪᠷᠠᠽᠢᠯ ᠤᠨ ᠬᠢᠨ ᠳᠤᠷᠠᠲᠠᠶ᠎ᠠ ᠲᠤᠰ ᠪᠡᠶ᠎ᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠯᠤᠭ᠎ᠠ ᠵᠣᠯᠭᠠᠭᠤᠯᠵᠤ᠂ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠰᠠᠨᠰᠠᠷ ᠤᠨ ᠠᠶᠠᠯᠠᠯ᠂ ᠮᠥᠩᠭᠦᠨ ᠭᠦᠢᠯᠭᠡᠭᠡᠨ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠵᠠᠯᠠᠭᠤᠴᠤᠳ ᠤᠨ ᠰᠣᠯᠢᠯᠴᠠᠭ᠎ᠠ᠂ ᠰᠣᠶᠣᠯ ᠤᠨ ᠰᠣᠯᠢᠯᠴᠠᠭ᠎ᠠ ᠶᠢ ᠥᠷᠭᠡᠳᠬᠡᠵᠦ᠂ ᠬᠤᠶᠠᠷ ᠤᠯᠤᠰ ᠤᠨ ᠠᠷᠠᠳ ᠲᠦᠮᠡᠨ ᠤ ᠶᠠᠪᠤᠯᠴᠠᠭ᠎ᠠ ᠪᠠ ᠨᠥᠭᠦᠷᠰᠡᠭ ᠰᠡᠳᠬᠢᠯᠭᠡ ᠶᠢ ᠨᠡᠮᠡᠭᠳᠡᠭᠦᠯᠦᠨ᠎ᠡ᠃ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠤᠭᠰᠠᠨ ᠠᠮᠵᠢᠯᠲᠠ ᠪᠦᠲᠦᠮᠵᠢ ᠬᠥᠮᠥᠰ ᠢ ᠪᠢᠰᠢᠷᠡᠭᠦᠯᠪᠡ᠂ ᠪᠷᠠᠽᠢᠯ ᠳᠤᠷᠠᠲᠠᠶ᠎ᠠ ᠳᠤᠮᠳᠠᠳᠤ ᠤᠯᠤᠰ ᠤᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠨᠡᠩ ᠤᠯᠠᠨ ᠬᠥᠮᠥᠨ ᠢ ᠶᠠᠳᠠᠭᠤ ᠬᠦᠴᠢᠷᠳᠡᠯ ᠪᠠ ᠥᠯᠥᠰᠬᠦᠯᠡᠩ ᠠᠴᠠ ᠠᠩᠭᠢᠵᠢᠷᠠᠭᠤᠯᠤᠨ᠎ᠠ᠃ ᠣᠳᠣᠬᠠᠨ ᠤ ᠪᠠᠶᠢᠳᠠᠯ ᠳᠣᠣᠷ᠎ᠠ ᠤᠯᠠᠨ ᠲᠠᠯᠠᠲᠤ ᠦᠵᠡᠯ ᠢ ᠡᠷᠡᠰ ᠬᠠᠮᠠᠭᠠᠯᠠᠬᠤ ᠨᠢ ᠲᠤᠶᠢᠯ ᠤᠨ ᠴᠢᠬᠤᠯᠠ ᠶᠤᠮ᠂ ᠬᠠᠮᠠᠭᠠᠯᠠᠬᠤ ᠦᠵᠡᠯ᠂ ᠪᠣᠭᠤᠮᠲᠠ ᠶᠢᠨ ᠭᠠᠶᠢᠯᠢ ᠶᠢ ᠳᠤᠷ᠎ᠠ ᠪᠠᠷ ᠢᠶᠠᠨ ᠲᠠᠲᠠᠪᠤᠷᠢᠯᠠᠬᠤ ᠨᠢ ᠬᠥᠭᠵᠢᠯ ᠴᠡᠴᠡᠭᠯᠡᠯ ᠢ ᠠᠪᠴᠢᠷᠠᠵᠤ ᠴᠢᠳᠠᠬᠤ ᠦᠭᠡᠢ᠂ ᠵᠥᠪᠭᠡᠨ ᠰᠠᠮᠠᠭᠤᠷᠠᠯ ᠢ ᠪᠤᠢ ᠪᠣᠯᠭᠠᠨ᠎ᠠ᠃ ᠳᠤᠮᠳᠠᠳᠤ ᠤᠯᠤᠰ ᠤᠨ ᠪᠦᠭᠦ ᠪᠥᠮᠪᠥᠷᠴᠡᠭ ᠤᠨ ᠥᠷᠢᠰᠦᠯᠳᠦᠭᠡᠨ ᠢ ᠠᠷᠭᠠᠴᠠᠭᠠᠬᠤ ᠡᠷᠡᠰ ᠪᠠᠲᠤ ᠣᠪᠣᠷ ᠨᠢ ᠡᠯ᠎ᠡ ᠤᠯᠤᠰ ᠤᠨ ᠬᠦᠴᠦᠨ ᠴᠢᠳᠠᠯ ᠪᠠ ᠢᠲᠡᠭᠡᠯ ᠵᠣᠷᠢᠭ ᠢ ᠬᠥᠪᠴᠢᠯᠡᠵᠦ ᠪᠠᠶᠢᠨ᠎ᠠ᠃ ᠪᠷᠠᠽᠢᠯ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠤᠯᠤᠰ ᠤᠨ ᠬᠡᠷᠡᠭ ᠶᠠᠪᠤᠳᠠᠯ ᠳᠠᠬᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠢᠯᠡᠳᠬᠡᠪᠡ᠃
ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠰᠣᠯᠢᠯᠴᠠᠵᠤ᠂ ᠡᠩᠬᠡ ᠲᠠᠶᠢᠪᠤᠩ ᠢ ᠡᠷᠭᠢᠮᠯᠡᠭᠦ ᠳᠠᠪᠰᠢᠩᠭᠤᠢ ᠬᠦᠴᠦᠨ ᠪᠣᠯᠤᠭᠰᠠᠨ ᠤ ᠬᠤᠪᠢ ᠳᠤ ᠳᠤᠮᠳᠠᠳᠤ ᠪᠠ ᠪᠷᠠᠽᠢᠯ ᠬᠤᠶᠠᠷ ᠤᠯᠤᠰ ᠣᠯᠣᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ︽ᠡᠩᠬᠡ ᠲᠠᠶᠢᠪᠤᠩ ᠤᠨ ᠨᠠᠶᠢᠵᠠ︾ ᠶᠢᠨ ᠳᠤᠭᠤᠶᠢᠯᠠᠩ ᠤᠨ ᠦᠢᠯᠡᠳᠦᠯ ᠢᠶᠠᠨ ᠪᠠᠳᠠᠷᠠᠭᠤᠯᠵᠤ᠂ ᠣᠷᠣᠰ ᠪᠣᠯᠣᠨ ᠦᠺᠷᠠᠶᠢᠨ ᠤ ᠰᠢᠭᠤᠳ ᠶᠠᠷᠢᠯᠴᠠᠭ᠎ᠠ ᠬᠢᠬᠦ ᠶᠢ ᠳᠡᠮᠵᠢᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠬᠢᠮᠤᠷᠠᠯ ᠢ ᠰᠢᠢᠳᠪᠦᠷᠢᠯᠡᠬᠦ ᠳᠤ ᠪᠦᠲᠦᠭᠡᠯᠴᠢ ᠴᠢᠨᠠᠷᠲᠠᠢ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠤᠨ᠎ᠠ ᠭᠡᠵᠦ ᠰᠠᠨᠠᠯ ᠨᠢᠭᠡᠲᠡᠢ ᠵᠥᠪᠰᠢᠶᠡᠷᠡᠪᠡ᠃
ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠬᠥᠳᠡᠭᠡ ᠠᠵᠤ ᠠᠬᠤᠢ᠂ ᠲᠣᠭᠠᠴᠢᠯᠠᠭᠰᠠᠨ ᠠᠵᠤ ᠠᠬᠤᠢ᠂ ᠮᠥᠩᠭᠦᠨ ᠭᠦᠢᠯᠭᠡᠭᠡᠨ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠵᠠᠭᠤᠴᠢᠯᠠᠭᠤᠷ ᠵᠡᠷᠭᠡ ᠬᠦᠷᠢᠶᠡᠨ ᠤ 20 ᠬᠤᠪᠢ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃
ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃
ᠬᠤᠶᠠᠷ ᠲᠠᠯ᠎ᠠ ᠪᠠᠷ ᠢᠶᠠᠨ ︽ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ ᠪᠥᠮᠪᠥᠷᠴᠡᠭ ᠢ ᠭᠠᠷ ᠬᠤᠯᠪᠣᠨ ᠪᠠᠶᠢᠭᠤᠯᠬᠤ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠴᠢᠩᠭᠠᠳᠬᠠᠵᠤ᠂ ᠤᠯᠠᠨ ᠲᠠᠯᠠᠲᠤ ᠦᠵᠡᠯ ᠢ ᠬᠠᠮᠲᠤ ᠪᠠᠷ ᠬᠠᠮᠠᠭᠠᠯᠠᠬᠤ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠬᠤᠯᠪᠣᠭᠠᠨ ᠤ ᠪᠷᠠᠽᠢᠯ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠪᠣᠯᠣᠨ ︽ᠦᠺᠷᠠᠶᠢᠨ ᠤ ᠬᠢᠮᠤᠷᠠᠯ ᠤᠨ ᠲᠤᠬᠠᠢ ᠳᠤᠮᠳᠠᠳᠤ ᠪᠷᠠᠽᠢᠯ ᠤᠨ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃
ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠯᠦᠯᠠ ᠪᠣᠯᠣᠨ ᠲᠡᠭᠦᠨ ᠤ ᠬᠠᠳᠤᠨ ᠯᠦᠸᠧᠰᠠᠩᠷᠧᠯᠠ ᠶᠢ ᠤᠭᠲᠤᠬᠤ ᠶᠣᠰᠣᠯᠠᠯ ᠶᠠᠪᠤᠭᠤᠯᠪᠠ᠃
ᠯᠦᠯᠠ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠶᠣᠰᠣᠯᠠᠪᠠ᠃ ᠰᠢ ᠶᠢᠨ ᠫᠢᠩ ᠪᠣᠯᠣᠨ ᠯᠦᠯᠠ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠠᠩᠭᠢ ᠳᠤᠮᠳᠠᠳᠤ ᠪᠷᠠᠽᠢᠯ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠯᠦᠯᠠ ᠰᠢ ᠶᠢᠨ ᠫᠢᠩ ᠤᠨ ᠪᠡᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃
ᠲᠤᠰ ᠣᠷᠣᠢ ᠰᠢ ᠶᠢᠨ ᠫᠢᠩ ᠪᠣᠯᠣᠨ ᠫᠧᠩ ᠯᠢ ᠶᠤᠸᠠᠨ ᠯᠦᠯᠠ ᠪᠣᠯᠣᠨ ᠲᠡᠭᠦᠨ ᠤ ᠬᠠᠳᠦᠨ ᠢ ᠤᠭᠲᠤᠬᠤ ᠳᠠᠶᠢᠯᠠᠯᠭ᠎ᠠ ᠬᠢᠪᠡ᠃
ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃