ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠤᠯᠤᠰ ᠤᠨ ᠬᠤᠷᠠᠯ ᠤᠨ ᠲᠥᠪ ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠰᠢ ᠶᠢᠨ ᠫᠢᠩ᠂ ᠳᠤᠮᠳᠠᠳᠤ ᠤᠯᠤᠰ ᠤᠨ ᠬᠢᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠭᠠᠷ ᠬᠤᠯᠪᠣᠨ ᠲᠠᠪᠤᠨ ᠶᠡᠭᠡ ᠢᠨᠵᠧᠨᠧᠷᠢᠩ ᠢ ᠡᠬᠢᠯᠡᠭᠦᠯᠵᠦ᠂ ᠬᠥᠭᠵᠢᠯᠲᠡ ᠮᠠᠨᠳᠤᠯᠲᠠ ᠶᠢ ᠬᠠᠮᠲᠤ ᠪᠠᠷ ᠰᠦᠪᠡᠭᠴᠢᠯᠡᠵᠦ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ ᠭᠡᠵᠦ ᠨᠡᠶᠢᠲᠡᠯᠡᠪᠡ᠃

5 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠤᠯᠤᠰ ᠤᠨ ᠬᠤᠷᠠᠯ ᠤᠨ ᠲᠥᠪ ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ︶
ᠵᠤᠨ ᠤ ᠡᠬᠢ ᠪᠠᠷ ᠡᠬᠡ ᠪᠠᠶᠢᠭᠠᠯᠢ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠤᠯᠤᠰ ᠤᠨ ᠬᠤᠷᠠᠯ ᠤᠨ ᠲᠥᠪ ᠲᠤ ᠳᠤᠮᠳᠠᠳᠤ ᠤᠯᠤᠰ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠤᠯᠤᠰ ᠤᠨ ᠲᠤᠭ ᠵᠢᠴᠢ ᠬᠤᠯᠪᠣᠭᠳᠠᠯ ᠪᠦᠬᠦᠢ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ᠃
ᠰᠢ ᠶᠢᠨ ᠫᠢᠩ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲᠷᠤ᠋᠂ ᠪᠷᠠᠽᠢᠯ ᠤᠨ ᠶᠡᠷᠦᠩᠬᠡᠶᠢᠯᠡᠭᠴᠢ ᠯᠦᠯᠠ᠂ ᠴᠢᠯᠢ ᠶᠢᠨ ᠶᠡᠷᠦᠩᠬᠡᠶᠢᠯᠡᠭᠴᠢ ᠪᠦᠧᠧᠯᠢᠴᠢ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠵᠢᠴᠢ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠲᠠᠢ ᠳᠣᠲᠣᠨᠣ ᠪᠠᠷ ᠭᠠᠷ ᠠᠳᠬᠤᠭᠰᠠᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠪᠠ᠃
ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ ᠶᠢᠨ ᠫᠢᠩ ︽ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃
ᠰᠢ ᠶᠢᠨ ᠫᠢᠩ᠂ 2015 ᠣᠨ ᠳᠤ ᠪᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠥᠯᠥᠭᠡᠯᠡᠭᠴᠢᠳ ᠲᠠᠢ ᠬᠠᠮᠲᠤ ᠪᠠᠷ ᠪᠡᠭᠡᠵᠢᠩ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠠᠩᠬᠠᠳᠤᠭᠠᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠢ ᠲᠤᠩᠬᠠᠭᠯᠠᠪᠠ᠃ 10 ᠵᠢᠯ ᠤᠨ ᠲᠤᠷᠰᠢ ᠬᠤᠶᠠᠷ ᠲᠠᠯ᠎ᠠ ᠶᠢᠨ ᠨᠢᠮᠪᠠᠢ ᠪᠣᠶᠢᠵᠢᠭᠤᠯᠤᠯᠲᠠ ᠳᠣᠣᠷ᠎ᠠ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠨᠢ ᠨᠢᠭᠡᠨ ᠨᠢᠯᠬ᠎ᠠ ᠴᠢᠬᠢ ᠪᠠᠶᠢᠭᠰᠠᠨ ᠠᠴᠠ ᠪᠠᠨ ᠲᠣᠮᠣ ᠮᠣᠳᠣ ᠪᠣᠯᠵᠤ ᠪᠣᠶᠢᠵᠢᠭᠰᠠᠨ ᠪᠠᠶᠢᠨ᠎ᠠ᠃ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠮᠥᠷᠥ ᠵᠡᠷᠭᠡᠴᠡᠵᠦ᠂ ᠬᠠᠷᠢᠯᠴᠠᠨ ᠳᠡᠮᠵᠢᠵᠦ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠢᠮᠠᠭᠲᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ᠂ ᠲᠤᠮᠳᠠᠳᠤ ᠶᠢᠨ ᠲᠠᠯ᠎ᠠ ᠶᠢᠨ ᠬᠢᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠲᠡᠮᠵᠢᠵᠥ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠤᠯᠤᠰ ᠤᠨ ᠡᠷᠬᠡ ᠮᠡᠳᠡᠯ ᠪᠠ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠶᠢ ᠲᠡᠮᠵᠢᠵᠥ᠂ ᠭᠠᠳᠠᠭᠠᠳᠤ ᠶᠢᠨ ᠬᠢᠨ ᠤ ᠭᠠᠷ ᠲᠦᠷᠦᠭᠦ ᠶᠢ ᠡᠰᠡᠷᠭᠦᠴᠡᠪᠡ︔ ᠬᠤᠶᠠᠷ ᠲᠠᠯ᠎ᠠ ᠪᠠᠷ ᠢᠶᠠᠨ ᠤᠷᠤᠰᠬᠠᠯ ᠤᠨ ᠡᠮᠦᠨ᠎ᠡ ᠬᠤᠰᠢᠭᠤᠷᠠᠨ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠵᠦ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠮᠥᠩᠭᠦᠨ ᠭᠦᠢᠯᠭᠡᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠪᠠ︔ ᠬᠤᠶᠠᠷ ᠲᠠᠯ᠎ᠠ ᠪᠠᠷ ᠢᠶᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠳᠠᠯᠠᠢ ᠶᠢᠨ ᠰᠢᠭᠤᠷᠭ᠎ᠠ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠪᠠ ᠡᠷᠢᠨ ᠵᠠᠭᠤᠨ ᠤ ᠬᠢᠵᠢᠭ ᠤᠨ ᠪᠠᠶᠢᠳᠠᠯ ᠢ ᠭᠠᠷ ᠬᠤᠯᠪᠣᠨ ᠠᠷᠭᠠᠴᠠᠭᠠᠪᠠ︔ ᠬᠤᠶᠠᠷ ᠲᠠᠯ᠎ᠠ ᠪᠠᠷ ᠢᠶᠠᠨ ᠪᠦᠯᠬᠦᠮᠳᠡᠨ ᠬᠠᠮᠵᠢᠯᠴᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠵᠤ᠂ ᠳᠡᠯᠡᠬᠡᠢ ᠶᠢᠨ ᠤᠯᠠᠨ ᠲᠤᠶᠢᠯᠵᠢᠯ ᠪᠣᠯᠣᠨ ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯ ᠢ ᠠᠬᠢᠭᠤᠯᠪᠠ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠨᠢᠭᠡᠨᠲᠡ ᠭᠠᠷ ᠬᠤᠯᠪᠣᠨ ᠬᠠᠮᠲᠤ ᠪᠠᠷ ᠤᠷᠤᠭᠰᠢᠯᠠᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠤᠭᠰᠠᠨ ᠢ ᠪᠣᠳᠠᠲᠤ ᠶᠠᠪᠤᠳᠠᠯ ᠭᠡᠷᠡᠴᠢᠯᠡᠪᠡ᠃ ᠲᠡᠭᠦᠨ ᠤ ᠢᠯᠡ ᠲᠣᠳᠣ ᠳᠡᠪᠢᠰᠬᠡᠷ ᠥᠩᠭᠡ ᠪᠣᠯ ᠡᠷᠬᠡ ᠲᠡᠭᠰᠢ ᠪᠠᠷ ᠬᠠᠨᠳᠤᠯᠴᠠᠬᠤ ᠪᠣᠯᠣᠨ᠎ᠠ᠂ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠣᠯᠣᠨ᠎ᠠ᠂ ᠬᠡᠬᠦᠳᠡᠭ ᠴᠡᠭᠡᠵᠢ ᠳᠡᠭᠡᠨ ᠪᠠᠭᠲᠠᠭᠠᠵᠤ ᠪᠠᠶᠢᠭ᠎ᠠ ᠵᠠᠩ ᠰᠤᠷᠲᠠᠯ ᠪᠣᠯ ᠨᠡᠭᠡᠭᠡᠯᠲᠡᠲᠡᠢ ᠪᠠᠭᠲᠠᠭᠠᠮᠵᠢᠲᠠᠢ᠂ ᠦᠨᠳᠦᠰᠦᠨ ᠬᠥᠭᠡᠭᠡᠴᠡᠯᠳᠦᠯ ᠪᠣᠯ ᠠᠷᠠᠳ ᠲᠦᠮᠡᠨ ᠳᠤ ᠪᠤᠶᠠᠨ ᠦᠢᠯᠡᠳᠬᠦ ᠪᠠᠶᠢᠵᠤ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠭᠡᠨ ᠠᠭᠤᠳᠠᠮ ᠬᠥᠭᠵᠢᠯᠲᠡ ᠶᠢᠨ ᠠᠯᠤᠰ ᠢᠷᠡᠭᠡᠳᠦᠢ ᠲᠠᠢ ᠶᠤᠮ ᠭᠡᠵᠦ ᠵᠢᠭᠠᠵᠤ ᠭᠠᠷᠭᠠᠪᠠ᠃

5 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠤᠯᠤᠰ ᠤᠨ ᠬᠤᠷᠠᠯ ᠤᠨ ᠲᠥᠪ ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠵᠢᠷᠤᠭ ᠪᠣᠯ ᠰᠢ ᠶᠢᠨ ᠫᠢᠩ ᠪᠣᠯᠣᠨ ᠬᠤᠷᠠᠯ ᠳᠤ ᠣᠷᠣᠯᠴᠠᠬᠰᠠᠨ ᠵᠣᠴᠢᠳ ᠬᠠᠮᠲᠤ ᠶᠢᠨ ᠰᠡᠭᠦᠳᠡᠷ ᠲᠠᠲᠠᠭᠤᠯᠵᠤ ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠬᠠᠢ ᠲᠤᠤ ᠰᠡᠭᠦᠳᠡᠷᠯᠡᠪᠡ︶
ᠰᠢ ᠶᠢᠨ ᠫᠢᠩ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠤᠯᠠᠨ ᠳᠠᠪᠬᠤᠷ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ᠃ ᠡᠯ᠎ᠡ ᠤᠯᠤᠰ ᠭᠠᠭᠴᠠ ᠬᠦ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ᠃ ᠪᠣᠭᠤᠮᠲᠠ ᠶᠢᠨ ᠭᠠᠶᠢᠯᠢ ᠶᠢᠨ ᠳᠠᠶᠢᠨ᠂ ᠠᠷᠠᠯᠵᠢᠶᠠᠨ ᠤ ᠳᠠᠶᠢᠨ ᠳᠤ ᠢᠯᠠᠭᠴᠢ ᠪᠠᠶᠢᠬᠤ ᠦᠭᠡᠢ᠂ ᠡᠵᠡᠷᠬᠡᠬᠦ ᠡᠵᠡᠷᠬᠡᠭᠯᠡᠬᠦ ᠨᠢ ᠵᠥᠪᠭᠡᠨ ᠥᠪᠡᠷ ᠢ ᠪᠠᠨ ᠭᠠᠭᠴᠠᠭᠠᠷᠳᠠᠭᠤᠯᠤᠨ᠎ᠠ᠃ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠴᠥᠮ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠪᠦᠷᠢᠯᠳᠦᠭᠦᠨ ᠮᠥᠨ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠪᠣᠯ ᠮᠠᠨ ᠤ ᠢᠷᠠᠭᠤ ᠠᠯᠳᠠᠷᠲᠤ ᠤᠯᠠᠮᠵᠢᠯᠠᠯ ᠮᠥᠨ᠂ ᠬᠥᠭᠵᠢᠯ ᠮᠠᠨᠳᠤᠯ ᠪᠣᠯ ᠪᠢᠳᠡᠨ ᠤ ᠲᠥᠷᠥᠯᠬᠢ ᠡᠷᠬᠡ ᠮᠥᠨ᠂ ᠲᠥᠪ ᠭᠤᠣᠯᠴᠢ ᠰᠢᠳᠤᠷᠭᠤ ᠶᠣᠰᠣ ᠪᠣᠯ ᠪᠢᠳᠡᠨ ᠤ ᠬᠠᠮᠲᠤ ᠶᠢᠨ ᠬᠥᠭᠡᠭᠡᠴᠡᠯᠳᠦᠯ ᠮᠥᠨ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠭᠠᠷ ᠬᠤᠯᠪᠣᠨ ᠲᠠᠪᠤᠨ ᠶᠡᠭᠡ ᠢᠨᠵᠧᠨᠧᠷᠢᠩ ᠢ ᠡᠬᠢᠯᠡᠭᠦᠯᠵᠦ᠂ ᠬᠥᠭᠵᠢᠯ ᠮᠠᠨᠳᠤᠯ ᠢ ᠬᠠᠮᠲᠤ ᠪᠠᠷ ᠡᠷᠢᠯᠬᠢᠯᠡᠵᠦ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ᠃
ᠨᠢᠭᠡ ᠪᠣᠯ ᠪᠦᠯᠬᠦᠮᠳᠡᠯ ᠤᠨ ᠢᠨᠵᠧᠨᠧᠷᠢᠩ᠃ ᠦᠷᠭᠦᠯᠵᠢᠯᠡᠨ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠯᠴᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠳᠤᠮᠳᠠ ᠬᠠᠮᠲᠤ ᠶᠢᠨ ᠳᠠᠭᠤᠨ ᠢᠶᠠᠨ ᠴᠤᠤᠷᠢᠶᠠᠲᠤᠭᠤᠯᠤᠨ᠎ᠠ᠃ ᠢᠷᠡᠬᠦ 3 ᠵᠢᠯ ᠳᠤ ᠳᠤᠮᠳᠠᠳᠤ ᠤᠯᠤᠰ ᠵᠢᠯ ᠪᠦᠷᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ 300 ᠲᠦᠷᠦ ᠶᠢᠨ ᠨᠠᠮ ᠤᠨ ᠺᠠᠳ᠋ᠷ ᠢ ᠤᠷᠢᠵᠤ ᠳᠤᠮᠳᠠᠳᠤ ᠤᠯᠤᠰ ᠲᠤ ᠰᠢᠨᠵᠢᠯᠡᠨ ᠪᠠᠶᠢᠴᠠᠭᠠᠯᠭᠠᠵᠤ ᠠᠶᠢᠯᠴᠢᠯᠠᠯᠲᠠ ᠬᠢᠯᠭᠡᠨ᠎ᠡ᠃
ᠬᠤᠶᠠᠷ ᠪᠣᠯ ᠬᠥᠭᠵᠢᠯᠲᠡ ᠶᠢᠨ ᠢᠨᠵᠧᠨᠧᠷᠢᠩ᠃ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠨᠡᠭᠡᠭᠡᠯᠲᠡᠲᠤ ᠬᠠᠮᠲᠤᠷᠠᠯᠴᠠᠭ᠎ᠠ ᠶᠢᠨ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠨ᠎ᠠ᠃ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ ᠠᠬᠢᠭᠤᠯᠤᠨ᠎ᠠ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠬᠢ ᠪᠡᠯᠡ ᠣᠷᠣᠭᠤᠯᠤᠯᠲᠠ ᠪᠠᠨ ᠥᠷᠭᠡᠳᠬᠡᠬᠦ ᠶᠢ ᠵᠣᠷᠢᠭᠵᠢᠭᠤᠯᠤᠨ᠎ᠠ᠃
ᠭᠤᠷᠪᠠ ᠪᠣᠯ ᠪᠣᠯᠪᠠᠰᠤᠨ ᠤ ᠢᠨᠵᠧᠨᠧᠷᠢᠩ᠃ ᠬᠠᠮᠲᠤ ᠪᠠᠷ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠡᠷᠬᠡ ᠲᠡᠭᠰᠢ᠂ ᠬᠠᠷᠢᠯᠴᠠᠨ ᠲᠣᠯᠢᠯᠠᠬᠤ᠂ ᠶᠠᠷᠢᠯᠴᠠᠭ᠎ᠠ᠂ ᠪᠠᠭᠲᠠᠭᠠᠮᠵᠢᠲᠠᠢ ᠪᠣᠯᠪᠠᠰᠤᠨ ᠤ ᠦᠵᠡᠯᠲᠡ ᠶᠢ ᠪᠤᠢ ᠪᠤᠯᠭᠠᠵᠤ᠂ ᠡᠩᠬᠡ ᠲᠠᠶᠢᠪᠤᠩ᠂ ᠬᠥᠭᠵᠢᠯᠲᠡ᠂ ᠡᠷᠬᠡ ᠲᠡᠭᠰᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠲᠠᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠎ᠠ᠃ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠶᠠᠷᠢᠯᠴᠠᠭᠠᠨ ᠤ ᠶᠡᠭᠡ ᠬᠤᠷᠠᠯ ᠢ ᠡᠷᠭᠢᠯᠡᠨ᠎ᠡ᠃
ᠳᠥᠷᠪᠡ ᠪᠣᠯ ᠨᠠᠶᠢᠷᠠᠮᠳᠠᠯ ᠤᠨ ᠢᠨᠵᠧᠨᠧᠷᠢᠩ᠃ ᠬᠠᠮᠲᠤ ᠪᠠᠷ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠭᠠᠮᠰᠢᠭ ᠤᠨ ᠰᠦᠢᠳᠦᠯ ᠢ ᠵᠠᠰᠠᠬᠤ᠂ ᠰᠦᠯᠵᠢᠶᠡᠨ ᠤ ᠠᠮᠤᠷ ᠲᠦᠪᠰᠢᠨ᠂ ᠰᠦᠷᠳᠡᠭᠦᠯᠦᠯ ᠢ ᠡᠰᠡᠷᠭᠦᠴᠡᠬᠦ᠂ ᠢᠯᠵᠢᠷᠡᠯ ᠢ ᠡᠰᠡᠷᠭᠦᠴᠡᠬᠦ᠂ ᠬᠤᠣᠷ ᠴᠠᠭᠠᠵᠠᠯᠠᠬᠤ᠂ ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠬᠠᠮᠲᠤᠷᠠᠯᠴᠠᠭ᠎ᠠ ᠶᠢ ᠴᠢᠩᠭᠠᠳᠬᠠᠵᠤ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠴᠢᠷᠮᠠᠶᠢᠨ ᠬᠠᠮᠠᠭᠠᠯᠠᠨ᠎ᠠ᠃
ᠲᠠᠪᠤ ᠪᠣᠯ ᠠᠷᠠᠳ ᠤᠨ ᠰᠡᠳᠬᠢᠯ ᠤᠨ ᠢᠨᠵᠧᠨᠧᠷᠢᠩ᠃ ᠢᠷᠡᠬᠦ 3 ᠵᠢᠯ ᠳᠤ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠲᠤ 3500 ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ᠂ 1 ᠲᠦᠮᠡᠨ ᠳᠤᠮᠳᠠᠳᠤ ᠤᠯᠤᠰ ᠲᠤ ᠢᠷᠡᠵᠦ ᠪᠣᠯᠪᠠᠰᠤᠷᠠᠯ ᠭᠦᠷᠳᠡᠭᠦ ᠣᠷᠣᠨ ᠲᠤᠭ᠎ᠠ᠂ 500 ᠤᠯᠠᠨ ᠤᠯᠤᠰ ᠤᠨ ᠬᠢᠲᠠᠳ ᠬᠡᠯᠡᠨ ᠤ ᠪᠠᠭᠰᠢ ᠶᠢᠨ ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ᠂ 300 ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠣᠷᠣᠨ ᠲᠤᠭ᠎ᠠ᠂ 1000 ︽ᠬᠢᠲᠠᠳ ᠬᠡᠯᠡᠨ ᠤ ᠬᠥᠭᠦᠷᠭᠡ︾ ᠶᠢᠨ ᠲᠦᠷᠦᠯ ᠵᠦᠢᠯ ᠤᠨ ᠳᠤᠮᠳᠠᠳᠤ ᠤᠯᠤᠰ ᠲᠤ ᠢᠷᠡᠬᠦ ᠪᠦᠯᠭᠦᠮ ᠳᠤᠭᠤᠶᠢᠯᠠᠩ ᠤᠨ ᠣᠷᠣᠨ ᠲᠤᠭ᠎ᠠ ᠬᠠᠩᠭᠠᠵᠤ᠂ 300 ︽ᠪᠠᠭ᠎ᠠ ᠮᠥᠷᠲᠡᠭᠡᠨ ᠭᠤᠶᠢᠳᠠ︾ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠬᠡᠷᠡᠭᠵᠢᠭᠦᠯᠵᠦ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠥᠷᠨᠢᠭᠦᠯᠬᠦ ᠶᠢ ᠲᠡᠮᠵᠢᠨ᠎ᠠ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠣᠷᠣᠨ ᠤ 5 ᠤᠯᠤᠰ ᠲᠤ ᠸᠢᠰᠠ ᠶᠢ ᠬᠡᠯᠲᠦᠷᠢᠭᠦᠯᠬᠦ ᠲᠦᠷᠦᠭᠦᠦ ᠪᠦᠯᠦᠭ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠭᠠᠵᠠᠷ ᠣᠷᠣᠨ ᠤ ᠤᠯᠤᠰ ᠤᠳ ᠤᠨ ᠪᠦᠷᠬᠦᠴᠡ ᠶᠢᠨ ᠬᠡᠪᠴᠢᠶ᠎ᠡ ᠶᠢ ᠵᠣᠬᠢᠰᠲᠠᠢ ᠴᠠᠭ ᠲᠤ ᠥᠷᠭᠡᠳᠬᠡᠨ᠎ᠡ ᠭᠡᠵᠦ ᠴᠢᠬᠤᠯᠠᠴᠢᠯᠠᠪᠠ᠃
ᠰᠢ ᠶᠢᠨ ᠫᠢᠩ ᠬᠠᠮᠤᠭ ᠤᠨ ᠰᠡᠭᠦᠯ ᠳᠤ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠢᠮᠠᠭᠲᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠠᠶᠢᠨ ᠨᠠᠶᠢᠵᠠ᠂ ᠰᠠᠶᠢᠨ ᠬᠠᠨᠢᠲᠠᠨ ᠪᠣᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠬᠠᠮᠲᠤ ᠲᠤᠰ ᠲᠤᠰ ᠤᠨ ᠣᠳᠣᠬᠢᠴᠢᠯᠠᠯᠲᠠ ᠶᠢᠨ ᠠᠶᠠᠨ ᠳᠠᠭᠠᠨ ᠮᠥᠷᠥ ᠵᠡᠷᠭᠡᠴᠡᠨ ᠤᠷᠤᠭᠰᠢᠯᠠᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ ᠭᠡᠵᠦ ᠴᠢᠬᠤᠴᠢᠯᠠᠪᠠ᠃
ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲᠷᠤ᠋᠂ ᠪᠷᠠᠽᠢᠯ ᠤᠨ ᠶᠡᠷᠦᠩᠬᠡᠶᠢᠯᠡᠭᠴᠢ ᠯᠦᠯᠠ᠂ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ᠂ ᠪᠷᠠᠽᠢᠯ ᠤᠨ ᠤᠤᠯ ᠤᠨ ᠶᠡᠷᠦᠩᠬᠡᠶᠢᠯᠡᠭᠴᠢ ᠷᠤᠰᠤᠹ ᠲᠤᠰ ᠲᠤᠰ ᠪᠠᠶᠠᠷ ᠤᠨ ᠦᠭᠡ ᠬᠡᠯᠡᠪᠡ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠲᠤᠰᠢᠶᠠᠯ ᠳᠤ ᠭᠠᠷᠬᠤ ᠪᠠᠷ ᠪᠠᠶᠢᠭ᠎ᠠ ᠵᠢᠵᠢᠭᠦᠷ ᠲᠡᠷᠢᠭᠦᠯᠡᠭᠴᠢ ᠤᠯᠤᠰ ᠦᠷᠥ᠋ᠭᠤᠸᠠᠢ ᠶᠢᠨ ᠶᠡᠷᠦᠩᠬᠡᠶᠢᠯᠡᠭᠴᠢ ᠤᠤᠷᠰᠢ ᠶᠢᠨ ᠣᠨᠴᠠᠭᠠᠢ ᠲᠥᠯᠥᠭᠡᠯᠡᠭᠴᠢ ᠠᠴᠠ ᠶᠡᠷᠦᠩᠬᠡᠶᠢᠯᠡᠭᠴᠢ ᠶᠢᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ᠃ ᠲᠡᠳᠡ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠶᠠᠷᠢᠶᠠᠨ ᠤ ᠲᠠᠪᠴᠠᠩ ᠤᠨ 10 ᠵᠢᠯ ᠤᠨ ᠬᠥᠭᠵᠢᠯᠲᠡ ᠶᠢᠨ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠬᠠᠮᠲᠤᠷᠠᠯᠴᠠᠭ᠎ᠠ ᠶᠢ ᠠᠬᠢᠭᠤᠯᠬᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠦᠵᠡᠭᠦᠯᠦᠭᠰᠡᠨ ᠳᠤᠮᠳᠠᠳᠤ ᠤᠯᠤᠰ ᠤᠨ ᠴᠢᠬᠤᠯᠠ ᠶᠡᠭᠡ ᠬᠤᠪᠢ ᠨᠡᠮᠡᠷᠢ ᠶᠢ ᠮᠠᠭᠲᠠᠨ ᠰᠠᠶᠢᠰᠢᠶᠠᠪᠠ᠃ ᠡᠯ᠎ᠡ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠳᠡᠮᠵᠢᠬᠦ ᠪᠠᠨ ᠳᠠᠪᠲᠠᠨ ᠢᠯᠡᠷᠬᠡᠶᠢᠯᠡᠪᠡ᠃ ᠡᠯ᠎ᠡ ᠲᠠᠯ᠎ᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠪᠣᠯᠣᠨ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠨᠢ ᠳᠡᠯᠡᠬᠡᠢ ᠳ᠋ᠠᠬᠢᠨ ᠳᠤ ᠡᠩᠬᠡ ᠲᠠᠶᠢᠪᠤᠩ ᠬᠥᠭᠵᠢᠯ ᠴᠡᠴᠡᠭᠯᠡᠯ ᠲᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠵᠦ ᠥᠭᠴᠡᠢ᠃ ᠲᠣᠬᠳᠠᠭᠠᠯᠳᠦ ᠪᠤᠰᠤ ᠳᠡᠯᠡᠬᠡᠢ ᠶᠢᠷᠲᠢᠨᠴᠦ ᠳᠤ ᠬᠠᠨᠳᠤᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠭᠠᠷ ᠬᠤᠯᠪᠣᠨ ᠬᠠᠮᠲᠤᠷᠠᠯᠴᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠤᠯᠬᠤ ᠶᠢ ᠠᠬᠢᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠬᠠᠮᠲᠤᠷᠠᠯᠴᠠᠭᠠᠨ ᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠶᠢ ᠪᠠᠷᠢᠮᠲᠠᠯᠠᠵᠤ᠂ ᠨᠦᠭᠦᠭᠡ ᠡᠲᠡᠭᠡᠳ ᠤᠨ ᠢᠶᠠᠨ ᠡᠷᠬᠡ ᠮᠡᠳᠡᠯ ᠢᠶᠠᠨ ᠬᠠᠮᠠᠭᠠᠯᠠᠬᠤ ᠪᠠ ᠬᠥᠭᠵᠢᠯᠲᠡ ᠶᠢᠨ ᠵᠠᠮ ᠢᠶᠠᠨ ᠪᠡᠶ᠎ᠡ ᠪᠠᠨ ᠳᠠᠭᠠᠭᠠᠵᠤ ᠰᠣᠩᠭᠤᠬᠤ ᠶᠢ ᠡᠷᠡᠰ ᠳᠡᠮᠵᠢᠨ᠎ᠠ︔ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠡᠯ᠎ᠡ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠯᠤᠭ᠎ᠠ ᠵᠣᠯᠭᠠᠭᠤᠯᠬᠤ ᠶᠢ ᠴᠢᠩᠭᠠᠳᠬᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠰᠢᠨ᠎ᠡ ᠡᠨᠧᠷᠭᠢ᠂ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠦᠨ᠎ᠠ︔ ᠪᠣᠯᠪᠠᠰᠤᠨ ᠤ ᠰᠣᠯᠢᠯᠴᠠᠭ᠎ᠠ ᠶᠠᠷᠢᠯᠴᠠᠭ᠎ᠠ ᠶᠢ ᠠᠬᠢᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ ᠠᠭᠢᠭᠤᠯᠤᠨ᠎ᠠ︔ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠢ ᠡᠷᠡᠰ ᠬᠠᠮᠠᠭᠠᠯᠠᠵᠤ᠂ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠢ ᠬᠠᠮᠠᠭᠠᠯᠠᠵᠤ᠂ ᠤᠯᠠᠨ ᠲᠠᠯᠠᠲᠤ ᠦᠵᠡᠯ᠂ ᠴᠢᠯᠦᠭᠡᠲᠦ ᠠᠷᠠᠯᠵᠢᠶ᠎ᠠ ᠶᠢ ᠳᠡᠮᠵᠢᠵᠦ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠬᠦᠴᠦᠷᠬᠡᠭᠯᠡᠯ ᠤᠨ ᠤᠯᠤᠰ ᠲᠦᠷᠦ ᠪᠠ ᠡᠵᠡᠷᠬᠡᠵᠦ ᠳᠠᠷᠤᠯᠠᠬᠤ ᠠᠵᠢᠯᠯᠠᠭ᠎ᠠ ᠶᠢ ᠡᠰᠡᠷᠭᠦᠴᠡᠨ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠵᠡᠭᠡᠪᠡ᠃
ᠲᠤᠰ ᠡᠳᠦᠷ ᠤᠨ ᠦᠳᠡ ᠳᠤ ᠰᠢ ᠶᠢᠨ ᠫᠢᠩ ᠬᠤᠷᠠᠯ ᠳᠤ ᠣᠷᠣᠯᠴᠠᠬᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠤ ᠤᠳᠤᠷᠢᠳᠬᠤ ᠬᠥᠮᠥᠰ ᠵᠢᠴᠢ ᠡᠯ᠎ᠡ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠶᠢ ᠤᠭᠲᠤᠬᠤ ᠳᠠᠶᠢᠯᠠᠯᠭ᠎ᠠ ᠬᠢᠪᠡ᠃
ᠼᠠᠢ ᠴᠢ᠂ ᠶᠢᠨ ᠯᠢ ᠨᠠᠷ ᠳᠡᠭᠡᠷ᠎ᠡ ᠳᠤᠷᠠᠳᠤᠭᠰᠠᠨ ᠠᠵᠢᠯᠯᠠᠭ᠎ᠠ ᠳᠤ ᠣᠷᠣᠯᠴᠠᠪᠠ᠃
ᠸᠠᠩ ᠢ ᠡᠭᠢᠯᠡᠯᠲᠡ ᠶᠢᠨ ᠶᠣᠰᠣᠯᠠᠯ ᠢ ᠡᠷᠭᠢᠯᠡᠪᠡ᠃