ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ ︵2025 ᠣᠨ ᠤ 5 ᠰᠠᠷ᠎ᠠ ᠶᠢᠨ 13 ᠤ ᠡᠳᠦᠷ᠂ ᠪᠡᠭᠡᠵᠢᠩ ᠳᠤ︶
ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ
ᠬᠦᠨᠳᠦᠲᠦ ᠶᠡᠷᠦᠩᠬᠡᠶᠢᠯᠡᠭᠴᠢ ᠫᠸᠲᠷᠤ᠋᠂
ᠬᠦᠨᠳᠦᠲᠦ ᠶᠡᠷᠦᠩᠬᠡᠶᠢᠯᠡᠭᠴᠢ ᠯᠦᠯᠠ᠂
ᠬᠦᠨᠳᠦᠲᠦ ᠶᠡᠷᠦᠩᠬᠡᠶᠢᠯᠡᠭᠴᠢ ᠪᠦᠧᠧᠯᠢᠴᠢ᠂
ᠬᠦᠨᠳᠦᠲᠦ ᠪᠠᠩᠬᠢ ᠶᠢᠨ ᠳᠠᠷᠤᠭ᠎ᠠ ᠷᠤᠰᠤᠹ᠂
ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠲᠥᠯᠥᠭᠡᠯᠡᠭᠴᠢᠳ᠂
ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋᠄
ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠢᠨ᠎ᠡ ᠬᠠᠭᠤᠴᠢᠨ ᠨᠠᠶᠢᠵᠠ ᠨᠠᠷ ᠲᠠᠢ ᠪᠡᠭᠡᠵᠢᠩ ᠳᠤ ᠴᠤᠭᠯᠠᠷᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠤᠯᠠᠨ ᠤ ᠬᠦᠷᠴᠦ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠶ᠎ᠡ︕
2015 ᠣᠨ ᠳᠤ᠂ ᠪᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠥᠯᠥᠭᠡᠯᠡᠭᠴᠢᠳ ᠲᠠᠢ ᠬᠠᠮᠲᠤ ᠪᠠᠷ ᠪᠡᠭᠡᠵᠢᠩ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠠᠩᠬᠠᠳᠤᠭᠠᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠢ ᠲᠤᠩᠬᠠᠭᠯᠠᠪᠠ᠃ 10 ᠵᠢᠯ ᠤᠨ ᠲᠤᠷᠰᠢ᠂ ᠬᠤᠶᠠᠷ ᠲᠠᠯ᠎ᠠ ᠶᠢᠨ ᠨᠢᠮᠪᠠᠢ ᠪᠣᠶᠢᠵᠢᠭᠤᠯᠤᠯᠲᠠ ᠳᠣᠣᠷ᠎ᠠ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠨᠢ ᠨᠢᠭᠡᠨ ᠨᠢᠯᠬ᠎ᠠ ᠴᠢᠬᠢ ᠪᠠᠶᠢᠭᠰᠠᠨ ᠠᠴᠠ ᠪᠠᠨ ᠲᠣᠮᠣ ᠮᠣᠳᠣ ᠪᠣᠯᠵᠤ ᠪᠣᠶᠢᠵᠢᠭᠰᠠᠨ ᠳᠤ ᠪᠢ ᠮᠠᠰᠢ ᠪᠠᠶᠠᠷᠯᠠᠵᠤ ᠪᠠᠶᠢᠨ᠎ᠠ᠃
ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠣᠷᠣᠨ ᠯᠤᠭ᠎ᠠ ᠠᠯᠤᠰ ᠬᠤᠯᠠ ᠵᠠᠶᠢᠲᠠᠢ ᠪᠤᠯᠪᠠᠴᠤ ᠬᠤᠶᠠᠷ ᠲᠠᠯ᠎ᠠ ᠶᠢᠨ ᠨᠥᠭᠦᠷᠰᠡᠭ ᠶᠠᠪᠤᠯᠴᠠᠭ᠎ᠠ ᠥᠨᠢ ᠤᠳᠠᠭᠠᠨ ᠲᠡᠦᠬᠡ ᠲᠠᠢ ᠶᠤᠮ᠃ ᠠᠯᠢ ᠡᠷᠲᠡ 16 ᠳ᠋ᠤᠭᠠᠷ ᠵᠠᠭᠤᠨ ᠳᠤ᠂ ᠨᠥᠬᠦᠷᠯᠡᠯ ᠢ ᠳᠦᠭᠦᠷᠡᠩ ᠠᠴᠢᠶᠠᠯᠠᠭᠰᠠᠨ ᠠᠯᠢ ᠤᠯᠠᠨ ︽ᠳᠤᠮᠳᠠᠳᠤ ᠤᠯᠤᠰ ᠤᠨ ᠬᠥᠯᠭᠡ ᠣᠩᠭᠤᠴᠠ︾ ᠨᠣᠮᠣᠬᠠᠨ ᠳᠠᠯᠠᠢ ᠶᠢᠨ ᠬᠤᠶᠠᠷ ᠭᠦᠪᠡᠭᠡ ᠪᠠᠷ ᠰᠦᠯᠵᠢᠯᠳᠦᠵᠦ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠶᠠᠪᠤᠯᠴᠠᠭ᠎ᠠ ᠰᠣᠯᠢᠯᠴᠠᠭᠠᠨ ᠤ ᠬᠥᠰᠢᠭᠡ ᠶᠢ ᠰᠡᠬᠦᠭᠰᠡᠨ ᠶᠤᠮ᠃ ᠳᠡᠭᠡᠷ᠎ᠡ ᠵᠠᠭᠤᠨ ᠤ ᠵᠢᠷᠠᠭᠠᠳ ᠣᠨ ᠠᠴᠠ ᠰᠡᠭᠦᠯᠡᠷ᠂ ᠰᠢᠨ᠎ᠡ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠵᠠᠷᠢᠮ ᠤᠯᠤᠰ ᠤᠳ ᠲᠠᠢ ᠬᠠᠷᠢᠯᠴᠠᠭ᠎ᠠ ᠪᠠᠶᠢᠭᠤᠯᠬᠤ ᠶᠢ ᠳᠠᠭᠠᠯᠳᠤᠨ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠣᠯᠢᠯᠴᠠᠭ᠎ᠠ ᠬᠠᠮᠲᠤᠷᠠᠯᠴᠠᠭ᠎ᠠ ᠤᠯᠠᠮ ᠢᠶᠠᠷ ᠨᠢᠭᠲᠠᠷᠠᠵᠤ ᠢᠷᠡᠪᠡ᠃ ᠰᠢᠨ᠎ᠡ ᠵᠠᠭᠤᠨ ᠠᠴᠠ ᠨᠠᠭᠠᠰᠢ ᠢᠯᠠᠩᠭᠤᠶ᠎ᠠ ᠣᠶᠢᠷ᠎ᠠ ᠶᠢᠨ ᠵᠢᠯ ᠠᠴᠠ ᠨᠠᠭᠠᠰᠢ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠪᠢ ᠵᠠᠶᠠᠭ᠎ᠠ ᠪᠠᠨ ᠬᠠᠮᠲᠤᠳᠬᠠᠭᠰᠠᠨ ᠳᠠᠭᠤᠷᠢᠰᠬᠠᠯ ᠢ ᠲᠠᠰᠤᠷᠠᠯᠳᠠ ᠦᠭᠡᠢ ᠪᠢᠴᠢᠭᠯᠡᠪᠡ᠃
— ᠪᠢᠳᠡ ᠭᠠᠷ ᠬᠤᠯᠪᠣᠨ ᠮᠥᠷᠥ ᠵᠡᠷᠭᠡᠴᠡᠵᠦ᠂ ᠬᠠᠷᠢᠯᠴᠠᠨ ᠳᠡᠮᠵᠢᠯᠴᠡᠪᠡ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠢᠮᠠᠭᠲᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ ᠪᠠᠶᠢᠬᠤ ᠶᠢ ᠳᠤᠮᠳᠠᠳᠤ ᠤᠯᠤᠰ ᠮᠠᠭᠲᠠᠨ ᠰᠠᠶᠢᠰᠢᠶᠠᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠲᠡᠮᠵᠢᠵᠥ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠤᠯᠤᠰ ᠤᠨ ᠡᠷᠬᠡ ᠮᠡᠳᠡᠯ ᠪᠠ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠶᠢ ᠲᠡᠮᠵᠢᠵᠥ᠂ ᠭᠠᠳᠠᠭᠠᠳᠤ ᠶᠢᠨ ᠬᠢᠨ ᠤ ᠭᠠᠷ ᠲᠦᠷᠦᠭᠦ ᠶᠢ ᠡᠰᠡᠷᠭᠦᠴᠡᠨ᠎ᠡ᠃ ᠳᠡᠭᠡᠷ᠎ᠡ ᠵᠠᠭᠤᠨ ᠤ ᠵᠢᠷᠠᠭᠠᠳ ᠣᠨ ᠳᠤ᠂ ᠳᠤᠮᠳᠠᠳᠤ ᠤᠯᠤᠰ ᠤᠨ ᠡᠯ᠎ᠡ ᠭᠠᠵᠠᠷ ᠲᠤ ᠶᠡᠭᠡ ᠬᠡᠪᠴᠢᠶᠡᠨ ᠤ ᠤᠯᠠᠨ ᠲᠦᠮᠡᠨ ᠤ ᠵᠢᠭᠰᠠᠭᠠᠯ ᠶᠠᠪᠤᠭᠤᠯᠵᠤ᠂ ᠫᠠᠨᠠᠮᠠ ᠶᠢᠨ ᠠᠷᠠᠳ ᠲᠦᠮᠡᠨ ᠤ ᠲᠠᠲᠠᠮᠠᠯ ᠭᠤᠣᠯ ᠤᠨ ᠡᠷᠬᠡ ᠮᠡᠳᠡᠯ ᠢᠶᠠᠨ ᠪᠤᠴᠠᠭᠠᠨ ᠠᠪᠬᠤ ᠶᠢ ᠳᠡᠮᠵᠢᠪᠡ︔ ᠳᠠᠯᠠᠭᠠᠳ ᠣᠨ ᠳᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ 200 ᠮᠢᠯ ᠳᠠᠯᠠᠢ ᠲᠠᠩᠭᠢᠰ ᠤᠨ ᠡᠷᠬᠡ ᠶᠢ ᠬᠠᠮᠠᠭᠠᠯᠠᠬᠤ ᠲᠡᠮᠡᠴᠡᠯ ᠥᠷᠨᠢᠭᠦᠯᠵᠦ᠂ ᠳᠤᠮᠳᠠᠳᠤ ᠤᠯᠤᠰ ᠲᠤᠭ ᠲᠡᠮᠳᠡᠭ ᠲᠣᠳᠣᠷᠬᠠᠢ ᠪᠠᠷ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠵᠦᠢ ᠶᠣᠰᠣᠨ ᠤ ᠱᠠᠭᠠᠷᠳᠠᠯᠭ᠎ᠠ ᠶᠢ ᠳᠡᠮᠵᠢᠪᠡ᠃ 1992 ᠣᠨ ᠠᠴᠠ ᠨᠠᠭᠠᠰᠢ᠂ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠤ ᠵᠠᠯᠭᠠᠭ᠎ᠠ ᠪᠠᠷ 32 ᠤᠳᠠᠭ᠎ᠠ ᠪᠢᠯᠧᠲ ᠥᠭᠴᠦ᠂ ᠠᠮᠧᠷᠢᠺᠠ ᠶᠢᠨ ᠺᠦᠪᠡ ᠶᠢ ᠪᠢᠲᠡᠭᠦᠮᠵᠢᠯᠡᠬᠦ ᠶᠢ ᠵᠣᠭᠰᠤᠭᠠᠬᠤ ᠰᠢᠢᠳᠪᠦᠷᠢ ᠶᠢ ᠳᠡᠮᠵᠢᠪᠡ᠃
— ᠪᠢᠳᠡ ᠤᠷᠤᠰᠬᠠᠯ ᠤᠨ ᠡᠮᠦᠨ᠎ᠡ ᠬᠤᠰᠢᠭᠤᠷᠠᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠲᠡᠪᠠ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠶᠠᠷ ᠲᠠᠯ᠎ᠠ ᠪᠠᠷ ᠢᠶᠠᠨ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠮᠥᠩᠭᠦᠨ ᠭᠦᠢᠯᠭᠡᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠠᠬᠢᠭᠤᠯᠪᠠ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠣᠷᠣ ᠲᠥᠯᠥᠪ ᠤᠨ ᠳᠣᠲᠣᠷ᠎ᠠ 200 ᠭᠠᠷᠤᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠵᠠᠭᠤᠨ ᠲᠦᠮᠡ ᠭᠠᠷᠤᠢ ᠠᠵᠢᠯ ᠤᠨ ᠪᠠᠶᠢᠷᠢ ᠶᠢ ᠡᠭᠦᠳᠪᠡ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠳᠠᠭᠠᠭᠤᠯᠢ ᠤᠳᠤᠨ ᠤ ᠬᠠᠮᠲᠤᠷᠠᠯᠴᠠᠭ᠎ᠠ ᠨᠢ ᠳᠡᠭᠡᠳᠦ ᠮᠡᠷᠭᠡᠵᠢᠯ ᠤᠨ ᠬᠦᠷᠢᠶᠡᠨ ᠳᠠᠬᠢ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠣᠯᠵᠤ᠂ ᠫᠧᠷᠦ᠋ ᠶᠢᠨ ᠴᠢᠶᠠᠨᠺᠠᠢ ᠭᠠᠷᠠᠮ ᠢ ᠤᠷᠤᠭᠰᠢᠲᠠᠢ ᠪᠠᠷ ᠠᠰᠢᠭᠯᠠᠯᠲᠠ ᠳᠤ ᠣᠷᠣᠭᠤᠯᠵᠤ ᠠᠽᠢᠶ᠎ᠠ ᠯᠠᠲ᠋ᠢᠨ ᠠᠮᠧᠷᠢᠺᠠ ᠶᠢᠨ ᠡᠬᠡ ᠬᠠᠭᠤᠷᠠᠢ ᠲᠠᠯᠠᠢ ᠲᠠᠩᠭᠢᠰ ᠤᠨ ᠰᠢᠨ᠎ᠡ ᠨᠡᠪᠲᠡᠷᠡᠬᠦ ᠵᠠᠮ ᠢ ᠨᠡᠭᠡᠭᠡᠪᠡ᠃ ᠳᠤᠮᠳᠠᠳᠤ ᠤᠯᠤᠰ ᠴᠢᠯᠢ᠂ ᠫᠧᠷᠦ᠋᠂ ᠺᠤᠰᠲ᠋ᠠ ᠷᠢᠺᠠ᠂ ᠡᠺᠦ᠋ᠸᠠᠳᠣᠷ᠂ ᠨᠢᠺᠠᠷᠠᠭᠤᠸᠠ ᠵᠡᠷᠭᠡ ᠤᠯᠤᠰ ᠲᠠᠢ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠨᠢᠳᠤᠨᠤᠨ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠷᠠᠯᠵᠢᠶᠠᠨ ᠤ ᠬᠡᠮᠵᠢᠶ᠎ᠡ ᠠᠩᠬ᠎ᠠ ᠤᠳᠠᠭ᠎ᠠ 5000 ᠳ᠋ᠦᠩᠰᠢᠭᠤᠷ ᠳ᠋ᠣᠯᠯᠠᠷ ᠢ ᠳᠠᠪᠠᠵᠤ᠂ ᠲᠤᠰ ᠵᠠᠭᠤᠨ ᠤ ᠡᠬᠢᠨ ᠤ ᠦᠶ᠎ᠡ ᠶᠢᠨ 40 ᠭᠠᠷᠤᠢ ᠳᠠᠭᠢᠨ ᠲᠠᠢ ᠲᠡᠩᠴᠡᠪᠡ᠃
— ᠪᠢᠳᠡ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠪᠠ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠶᠠᠷ ᠲᠠᠯ᠎ᠠ ᠪᠠᠷ ᠢᠶᠠᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠳᠠᠯᠠᠢ ᠶᠢᠨ ᠰᠢᠭᠤᠷᠭ᠎ᠠ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠭᠠᠷ ᠬᠤᠯᠪᠣᠨ ᠠᠷᠭᠠᠴᠠᠭᠠᠪᠠ᠃ ᠳᠤᠮᠳᠠᠳᠤ ᠤᠯᠤᠰ 1993 ᠣᠨ ᠠᠴᠠ ᠡᠬᠢᠯᠡᠨ ᠤᠷᠢᠳ ᠬᠤᠵᠢᠳ ᠺᠠᠷᠢᠪᠧ ᠶᠢᠨ ᠤᠯᠤᠰ ᠤᠳ ᠲᠤ 38 ᠪᠦᠯᠦᠭ ᠤᠳᠠᠭ᠎ᠠ ᠶᠢᠨ ᠡᠮᠴᠢᠯᠡᠭᠡᠨ ᠤ ᠠᠩᠭᠢ ᠲᠣᠮᠢᠯᠠᠪᠠ᠃ ᠡᠷᠢᠨ ᠵᠠᠭᠤᠨ ᠤ ᠬᠢᠵᠢᠭ ᠤᠨ ᠪᠠᠶᠢᠳᠠᠯ ᠤᠨ ᠡᠮᠦᠨ᠎ᠡ᠂ ᠳᠤᠮᠳᠠᠳᠤ ᠤᠯᠤᠰ ᠡᠩ ᠲᠡᠷᠢᠭᠦᠨ ᠳᠤ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠤ 3 ᠳ᠋ᠦᠩᠰᠢᠭᠤᠷ ᠭᠠᠷᠤᠢ ᠰᠢᠷᠬᠡᠭ ᠸᠠᠺᠼᠢᠨ ᠪᠠ 4000 ᠲᠦᠮᠡ ᠰᠢᠬᠠᠮ ᠬᠤᠪᠢ ᠡᠮᠴᠢᠯᠡᠭᠡᠨ ᠤ ᠡᠳ᠋ ᠪᠣᠳᠠᠰ ᠲᠥᠬᠦᠭᠡᠷᠦᠮᠵᠢ ᠬᠠᠩᠭᠠᠵᠤ᠂ ᠤᠯᠠᠨ ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠨ ᠲᠤᠰᠠᠯᠠᠵᠤ᠂ ᠭᠠᠵᠠᠷ ᠣᠷᠣᠨ ᠤ ᠤᠯᠤᠰ ᠤᠳ ᠤᠨ ᠲᠦᠭ ᠲᠦᠮᠡᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠳᠤ ᠬᠦᠴᠦᠨ ᠨᠡᠮᠡᠷᠢᠯᠡᠪᠡ᠃
— ᠪᠢᠳᠡ ᠪᠦᠯᠬᠦᠮᠳᠡᠨ ᠬᠠᠮᠵᠢᠯᠴᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠪᠡ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠶᠠᠷ ᠲᠠᠯ᠎ᠠ ᠪᠠᠷ ᠢᠶᠠᠨ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠵᠤ᠂ ᠳᠡᠯᠡᠬᠡᠢ ᠶᠢᠨ ᠤᠯᠠᠨ ᠲᠦᠢᠯᠵᠢᠯᠳᠠ ᠪᠣᠯᠣᠨ ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯ ᠢ ᠠᠬᠢᠭᠤᠯᠪᠠ᠃ ᠪᠢᠳᠡ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠢᠳᠡᠪᠬᠢᠲᠡᠢ ᠠᠷᠭᠠᠴᠠᠭᠠᠵᠤ᠂ ᠪᠦᠭᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠵᠠᠰᠠᠯᠲᠠ ᠶᠢᠨ ᠠᠬᠢᠴᠠ ᠶᠢ ᠬᠠᠮᠲᠤ ᠪᠠᠷ ᠠᠬᠢᠭᠤᠯᠪᠠ᠃ ᠳᠤᠮᠳᠠᠳᠤ ᠤᠯᠤᠰ ᠪᠷᠠᠽᠢᠯ ᠲᠠᠢ ᠬᠠᠮᠲᠤᠷᠠᠨ ᠦᠺᠷᠠᠶᠢᠨ ᠤ ᠬᠢᠮᠤᠷᠠᠯ ᠢ ᠤᠯᠤᠰ ᠲᠥᠷᠥ ᠶᠢᠨ ᠠᠷᠭ᠎ᠠ ᠪᠠᠷ ᠰᠢᠢᠳᠪᠦᠷᠢᠯᠡᠬᠦ ︽ᠵᠢᠷᠭᠤᠭᠠᠨ ᠲᠠᠯ᠎ᠠ ᠶᠢᠨ ᠬᠠᠮᠲᠤ ᠶᠢᠨ ᠲᠠᠨᠢᠯᠲᠠ︾ ᠶᠢ ᠨᠡᠶᠢᠲᠡᠯᠡᠵᠦ᠂ 110 ᠭᠠᠷᠤᠢ ᠤᠯᠤᠰ ᠤᠨ ᠢᠳᠡᠪᠬᠢᠲᠡᠢ ᠬᠦᠷᠢᠶᠡᠯᠡᠯ ᠢ ᠣᠯᠵᠤ᠂ ᠣᠯᠠᠨ ᠤᠯᠤᠰ ᠤᠨ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃
ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠨᠢᠭᠡᠨᠲᠡ ᠭᠠᠷ ᠬᠤᠯᠪᠣᠨ ᠬᠠᠮᠲᠤ ᠪᠠᠷ ᠤᠷᠤᠭᠰᠢᠯᠠᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠤᠭᠰᠠᠨ ᠢ ᠪᠣᠳᠠᠲᠤ ᠶᠠᠪᠤᠳᠠᠯ ᠭᠡᠷᠡᠴᠢᠯᠡᠪᠡ᠂ ᠲᠡᠭᠦᠨ ᠤ ᠢᠯᠡ ᠲᠣᠳᠣ ᠳᠡᠪᠢᠰᠬᠡᠷ ᠥᠩᠭᠡ ᠪᠣᠯ ᠡᠷᠬᠡ ᠲᠡᠭᠰᠢ ᠪᠠᠷ ᠬᠠᠨᠳᠤᠯᠴᠠᠬᠤ ᠪᠣᠯᠣᠨ᠎ᠠ᠂ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠣᠯᠣᠨ᠎ᠠ᠂ ᠬᠡᠬᠦᠳᠡᠭ ᠴᠡᠭᠡᠵᠢ ᠳᠡᠭᠡᠨ ᠪᠠᠭᠲᠠᠭᠠᠵᠤ ᠪᠠᠶᠢᠭ᠎ᠠ ᠵᠠᠩ ᠰᠤᠷᠲᠠᠯ ᠪᠣᠯ ᠨᠡᠭᠡᠭᠡᠯᠲᠡᠲᠡᠢ ᠪᠠᠭᠲᠠᠭᠠᠮᠵᠢᠲᠠᠢ᠂ ᠦᠨᠳᠦᠰᠦᠨ ᠬᠥᠭᠡᠭᠡᠴᠡᠯᠳᠦᠯ ᠪᠣᠯ ᠠᠷᠠᠳ ᠲᠦᠮᠡᠨ ᠳᠤ ᠪᠤᠶᠠᠨ ᠦᠢᠯᠡᠳᠬᠦ ᠪᠠᠶᠢᠵᠤ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠭᠡᠨ ᠠᠭᠤᠳᠠᠮ ᠬᠥᠭᠵᠢᠯᠲᠡ ᠶᠢᠨ ᠠᠯᠤᠰ ᠢᠷᠡᠭᠡᠳᠦᠢ ᠲᠠᠢ ᠶᠤᠮ᠃
ᠡᠷᠬᠢᠮ ᠵᠣᠴᠢᠳ ᠠ᠋᠂ ᠨᠠᠶᠢᠵᠠ ᠨᠠᠷ ᠠ᠋︕
ᠣᠳᠣᠬᠠᠨ ᠳᠤ᠂ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠤᠯᠠᠨ ᠳᠠᠪᠬᠤᠷ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ᠂ ᠡᠯ᠎ᠡ ᠤᠯᠤᠰ ᠭᠠᠭᠴᠠ ᠬᠦ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ᠃ ᠪᠣᠭᠤᠮᠲᠠ ᠶᠢᠨ ᠭᠠᠶᠢᠯᠢ ᠶᠢᠨ ᠳᠠᠶᠢᠯᠠᠯᠳᠤᠭᠠᠨ᠂ ᠠᠷᠠᠯᠵᠢᠶᠠᠨ ᠤ ᠳᠠᠶᠢᠯᠠᠯᠳᠤᠭᠠᠨ ᠳᠤ ᠢᠯᠠᠭᠴᠢ ᠪᠠᠶᠢᠬᠤ ᠦᠭᠡᠢ᠂ ᠡᠵᠡᠷᠬᠡᠬᠦ ᠡᠵᠡᠷᠬᠡᠭᠯᠡᠬᠦ ᠨᠢ ᠵᠥᠪᠭᠡᠨ ᠥᠪᠡᠷ ᠢ ᠪᠠᠨ ᠭᠠᠭᠴᠠᠭᠠᠷᠳᠠᠭᠤᠯᠤᠨ᠎ᠠ᠃ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠴᠥᠮ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠪᠦᠷᠢᠯᠳᠦᠭᠦᠨ ᠮᠥᠨ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠪᠣᠯ ᠮᠠᠨ ᠤ ᠢᠷᠠᠭᠤ ᠠᠯᠳᠠᠷᠲᠤ ᠤᠯᠠᠮᠵᠢᠯᠠᠯ ᠮᠥᠨ᠂ ᠬᠥᠭᠵᠢᠯ ᠮᠠᠨᠳᠤᠯ ᠪᠣᠯ ᠪᠢᠳᠡᠨ ᠤ ᠲᠥᠷᠥᠯᠬᠢ ᠡᠷᠬᠡ ᠮᠥᠨ᠂ ᠲᠥᠪ ᠭᠤᠣᠯᠴᠢ ᠰᠢᠳᠤᠷᠭᠤ ᠶᠣᠰᠣ ᠪᠣᠯ ᠪᠢᠳᠡᠨ ᠤ ᠬᠠᠮᠲᠤ ᠶᠢᠨ ᠬᠥᠭᠡᠭᠡᠴᠡᠯᠳᠦᠯ ᠮᠥᠨ᠃ ᠭᠠᠵᠠᠷ ᠣᠷᠣᠨ ᠢᠶᠠᠷ ᠰᠢᠯᠲᠠᠭᠠᠯᠠᠭᠳᠠᠭᠰᠠᠨ ᠤᠯᠤᠰ ᠲᠦᠷᠦ ᠪᠣᠯᠣᠨ ᠯᠡᠭᠧᠷ ᠤᠨ ᠡᠰᠡᠷᠭᠦᠴᠡᠯᠳᠦᠯ ᠤᠨ ᠲᠠᠯᠲᠠ ᠤᠷᠤᠰᠬᠠᠯ ᠭᠦᠪᠦᠯᠵᠡᠵᠦ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠡᠭᠦᠰᠴᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠭᠠᠷ ᠬᠤᠯᠪᠣᠨ ᠲᠠᠪᠤᠨ ᠶᠡᠭᠡ ᠢᠨᠵᠧᠨᠧᠷᠢᠩ ᠢ ᠡᠬᠢᠯᠡᠭᠦᠯᠵᠦ᠂ ᠬᠥᠭᠵᠢᠯ ᠮᠠᠨᠳᠤᠯ ᠢ ᠬᠠᠮᠲᠤ ᠪᠠᠷ ᠡᠷᠢᠯᠬᠢᠯᠡᠵᠦ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ᠃
ᠨᠢᠭᠡ ᠪᠣᠯ ᠪᠦᠯᠬᠦᠮᠳᠡᠯ ᠤᠨ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠬᠠᠷᠢᠯᠴᠠᠨ ᠳᠡᠮᠵᠢᠯᠴᠡᠨ᠎ᠡ᠃ ᠬᠤᠶᠠᠷ ᠲᠠᠯ᠎ᠠ ᠪᠠᠷ ᠢᠶᠠᠨ ᠡᠯ᠎ᠡ ᠬᠦᠷᠢᠶᠡᠨ ᠤ ᠶᠠᠪᠤᠯᠴᠠᠭ᠎ᠠ ᠪᠠᠨ ᠨᠢᠭᠲᠠᠷᠠᠭᠤᠯᠵᠤ᠂ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠤᠬᠠᠢ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠶ᠎ᠠ᠃ ᠢᠷᠡᠭᠡᠳᠦᠢ ᠶᠢᠨ 3 ᠵᠢᠯ ᠳᠤ᠂ ᠳᠤᠮᠳᠠᠳᠤ ᠤᠯᠤᠰ ᠵᠢᠯ ᠪᠦᠷᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ 300 ᠲᠦᠷᠦ ᠶᠢᠨ ᠨᠠᠮ ᠤᠨ ᠺᠠᠳ᠋ᠷ ᠢ ᠤᠷᠢᠵᠤ ᠳᠤᠮᠳᠠᠳᠤ ᠤᠯᠤᠰ ᠲᠤ ᠰᠢᠨᠵᠢᠯᠡᠨ ᠪᠠᠶᠢᠴᠠᠭᠠᠯᠭᠠᠵᠤ ᠠᠶᠢᠯᠴᠢᠯᠠᠯᠲᠠ ᠭᠢᠯᠭᠡᠵᠦ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠨ᠎ᠠ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠤᠯᠠᠨ ᠲᠠᠯ᠎ᠠ ᠶᠢᠨ ᠲᠠᠪᠴᠠᠩ ᠳᠠᠬᠢ ᠨᠥᠯᠥᠭᠡ ᠪᠠᠨ ᠥᠷᠭᠡᠳᠬᠡᠬᠦ ᠶᠢ ᠳᠤᠮᠳᠠᠳᠤ ᠤᠯᠤᠰ ᠳᠡᠮᠵᠢᠵᠦ᠂ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠬᠠᠮᠲᠤ ᠪᠠᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠳᠤᠮᠳᠠ ᠬᠠᠮᠲᠤ ᠶᠢᠨ ᠳᠠᠭᠤᠨ ᠢᠶᠠᠨ ᠴᠤᠤᠷᠢᠶᠠᠲᠤᠭᠤᠯᠤᠨ᠎ᠠ᠃
ᠬᠤᠶᠠᠷ ᠪᠣᠯ ᠬᠥᠭᠵᠢᠯᠲᠡ ᠶᠢᠨ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠨᠡᠭᠡᠭᠡᠯᠲᠡᠲᠤ ᠬᠠᠮᠲᠤᠷᠠᠯᠴᠠᠭ᠎ᠠ ᠶᠢᠨ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠨ᠎ᠠ᠃ ᠬᠤᠶᠠᠷ ᠲᠠᠯ᠎ᠠ ᠪᠠᠷ ᠢᠶᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ ᠠᠬᠢᠭᠤᠯᠵᠤ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ ᠠᠮᠤ ᠪᠤᠳᠠᠭ᠎ᠠ᠂ ᠡᠨᠧᠷᠭᠢ ᠠᠭᠤᠷᠬᠠᠢ ᠶᠢᠨ ᠭᠠᠷᠤᠯᠲᠠ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠴᠡᠪᠡᠷ ᠡᠨᠧᠷᠭᠢ᠂ 5G ᠴᠢᠮᠡᠭᠡ ᠬᠤᠯᠪᠤᠭ᠎ᠠ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠠᠨᠢᠲᠠᠨ ᠤ ᠲᠥᠯᠥᠪᠯᠡᠭᠡ ᠶᠢ ᠬᠡᠷᠡᠭᠵᠢᠭᠦᠯᠦᠶ᠎ᠡ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠬᠢ ᠪᠡᠯᠡ ᠣᠷᠣᠭᠤᠯᠤᠯᠲᠠ ᠪᠠᠨ ᠥᠷᠭᠡᠳᠬᠡᠬᠦ ᠶᠢ ᠵᠣᠷᠢᠭᠵᠢᠭᠤᠯᠤᠨ᠎ᠠ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠥᠭᠵᠢᠯᠲᠡ ᠶᠢ ᠳᠡᠮᠵᠢᠬᠦ ᠶᠢᠨ ᠲᠥᠯᠥᠭᠡ᠂ ᠳᠤᠮᠳᠠᠳᠤ ᠤᠯᠤᠰ ᠠᠴᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠤ 660 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠬᠠᠩᠭᠠᠨ᠎ᠠ᠃
ᠭᠤᠷᠪᠠ ᠪᠣᠯ ᠪᠣᠯᠪᠠᠰᠤᠨ ᠤ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠬᠠᠮᠲᠤ ᠪᠠᠷ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠡᠷᠬᠡ ᠲᠡᠭᠰᠢ᠂ ᠬᠠᠷᠢᠯᠴᠠᠨ ᠲᠣᠯᠢᠯᠠᠬᠤ᠂ ᠶᠠᠷᠢᠯᠴᠠᠭ᠎ᠠ᠂ ᠪᠠᠭᠲᠠᠭᠠᠮᠵᠢᠲᠠᠢ ᠪᠣᠯᠪᠠᠰᠤᠨ ᠤ ᠦᠵᠡᠯᠲᠡ ᠶᠢ ᠪᠤᠢ ᠪᠤᠯᠭᠠᠵᠤ᠂ ᠡᠩᠬᠡ ᠲᠠᠶᠢᠪᠤᠩ᠂ ᠬᠥᠭᠵᠢᠯᠲᠡ᠂ ᠡᠷᠬᠡ ᠲᠡᠭᠰᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠲᠠᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠎ᠠ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠶᠠᠷᠢᠯᠴᠠᠭᠠᠨ ᠤ ᠶᠡᠭᠡ ᠬᠤᠷᠠᠯ ᠢ ᠡᠷᠭᠢᠯᠡᠨ᠎ᠡ᠃ ᠰᠣᠶᠣᠯ ᠤᠷᠠᠯᠢᠭ ᠤᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ︽ᠯᠠᠲ᠋ᠢᠨ ᠠᠮᠧᠷᠢᠺᠠ ᠶᠢᠨ ᠤᠷᠠᠯᠢᠭ ᠤᠨ ᠤᠯᠠᠷᠢᠯ︾ ᠢ ᠡᠷᠭᠢᠯᠡᠨ᠎ᠡ᠃ ᠬᠠᠭᠤᠴᠢ ᠰᠤᠳᠤᠯᠤᠯ᠂ ᠡᠷᠲᠡᠨ ᠤ ᠦᠯᠡᠳᠡᠭᠳᠡᠯ ᠪᠠᠭᠤᠷᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠮᠦᠽᠧᠢ ᠶᠢᠨ ᠦᠵᠡᠭᠦᠯᠭᠡ ᠵᠡᠷᠭᠡ ᠰᠣᠶᠣᠯ ᠤᠨ ᠥᠪ ᠤᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠡᠷᠲᠡᠨ ᠤ ᠪᠣᠯᠪᠠᠰᠤᠨ ᠤ ᠰᠤᠳᠤᠯᠭᠠᠨ ᠥᠷᠨᠢᠭᠦᠯᠵᠦ᠂ ᠰᠣᠶᠣᠯ ᠤᠨ ᠡᠳ᠋ ᠬᠥᠷᠥᠩᠭᠡ ᠶᠢ ᠬᠠᠤᠯᠢ ᠪᠤᠰᠤ ᠪᠠᠷ ᠰᠠᠷᠢᠭᠠᠯᠠᠨ ᠵᠥᠭᠡᠭᠡᠪᠦᠷᠢᠯᠡᠬᠦ ᠳᠤ ᠬᠠᠮᠲᠤᠷᠠᠨ ᠴᠣᠬᠢᠯᠲᠠ ᠥᠭᠭᠦᠶ᠎ᠡ᠃
ᠳᠥᠷᠪᠡ ᠪᠣᠯ ᠨᠠᠶᠢᠷᠠᠮᠳᠠᠯ ᠤᠨ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠬᠠᠮᠲᠤ ᠪᠠᠷ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ︽ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠢ ᠡᠩᠬᠡ ᠲᠠᠶᠢᠪᠤᠩ ᠣᠷᠣᠨ ᠪᠤᠯᠭᠠᠬᠤ ᠪᠠᠷ ᠨᠡᠶᠢᠲᠡᠯᠡᠭᠰᠡᠨ ᠠᠯᠪᠠᠨ ᠵᠠᠷᠯᠠᠯ︾ ᠪᠣᠯᠣᠨ ︽ᠴᠥᠮ᠎ᠡ ᠶᠢᠨ ᠵᠡᠪᠰᠡᠭ ᠦᠭᠡᠢ ᠣᠷᠣᠨ ᠢ ᠪᠠᠶᠢᠭᠤᠯᠬᠤ ᠲᠤᠬᠠᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ 33 ᠤᠯᠤᠰ ᠤᠨ ᠢᠯᠡᠷᠬᠡᠶᠢᠯᠡᠯᠲᠡ︾ ᠶᠢ ᠳᠡᠮᠵᠢᠵᠦ᠂ ᠭᠠᠮᠰᠢᠭ ᠤᠨ ᠰᠦᠢᠳᠦᠯ ᠢ ᠵᠠᠰᠠᠬᠤ᠂ ᠰᠦᠯᠵᠢᠶᠡᠨ ᠤ ᠠᠮᠤᠷ ᠲᠦᠪᠰᠢᠨ᠂ ᠰᠦᠷᠳᠡᠭᠦᠯᠦᠯ ᠢ ᠡᠰᠡᠷᠭᠦᠴᠡᠬᠦ᠂ ᠢᠯᠵᠢᠷᠡᠯ ᠢ ᠡᠰᠡᠷᠭᠦᠴᠡᠬᠦ᠂ ᠬᠤᠣᠷ ᠴᠠᠭᠠᠵᠠᠯᠠᠬᠤ᠂ ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠬᠠᠮᠲᠤᠷᠠᠯᠴᠠᠭ᠎ᠠ ᠶᠢ ᠴᠢᠩᠭᠠᠳᠬᠠᠵᠤ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠴᠢᠷᠮᠠᠶᠢᠨ ᠬᠠᠮᠠᠭᠠᠯᠠᠨ᠎ᠠ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠬᠡᠷᠡᠭᠴᠡᠭᠡ ᠶᠢ ᠦᠨᠳᠦᠰᠦᠯᠡᠨ ᠬᠠᠤᠯᠢ ᠬᠡᠷᠡᠭᠵᠢᠭᠦᠯᠬᠦ ᠪᠣᠯᠪᠠᠰᠤᠷᠠᠯ ᠤᠨ ᠲᠦᠷᠦᠯ ᠵᠦᠢᠯ ᠢ ᠬᠡᠷᠡᠭᠵᠢᠭᠦᠯᠵᠦ᠂ ᠴᠢᠳᠠᠯ ᠤᠨ ᠢᠶᠠᠨ ᠬᠢᠷᠢ ᠪᠠᠷ ᠲᠣᠨᠣᠭᠯᠠᠯ ᠤᠨ ᠲᠤᠰᠠᠯᠠᠮᠵᠢ ᠬᠠᠩᠭᠠᠨ᠎ᠠ᠃
ᠲᠠᠪᠤ ᠪᠣᠯ ᠠᠷᠠᠳ ᠤᠨ ᠰᠡᠳᠬᠢᠯ ᠤᠨ ᠢᠨᠵᠧᠨᠧᠷᠢᠩ᠃ ᠢᠷᠡᠬᠦ 3 ᠵᠢᠯ ᠳᠤ᠂ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠲᠤ 3500 ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ᠂ 1 ᠲᠦᠮᠡᠨ ᠳᠤᠮᠳᠠᠳᠤ ᠤᠯᠤᠰ ᠲᠤ ᠢᠷᠡᠵᠦ ᠪᠣᠯᠪᠠᠰᠤᠷᠠᠯ ᠭᠦᠷᠳᠡᠭᠦ ᠣᠷᠣᠨ ᠲᠤᠭ᠎ᠠ᠂ 500 ᠤᠯᠠᠨ ᠤᠯᠤᠰ ᠤᠨ ᠬᠢᠲᠠᠳ ᠬᠡᠯᠡᠨ ᠤ ᠪᠠᠭᠰᠢ ᠶᠢᠨ ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ᠂ 300 ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠣᠷᠣᠨ ᠲᠤᠭ᠎ᠠ᠂ 1000 ︽ᠬᠢᠲᠠᠳ ᠬᠡᠯᠡᠨ ᠤ ᠬᠥᠭᠦᠷᠭᠡ︾ ᠶᠢᠨ ᠲᠦᠷᠦᠯ ᠵᠦᠢᠯ ᠤᠨ ᠳᠤᠮᠳᠠᠳᠤ ᠤᠯᠤᠰ ᠲᠤ ᠢᠷᠡᠬᠦ ᠪᠦᠯᠭᠦᠮ ᠳᠤᠭᠤᠶᠢᠯᠠᠩ ᠤᠨ ᠣᠷᠣᠨ ᠲᠤᠭ᠎ᠠ ᠬᠠᠩᠭᠠᠵᠤ᠂ 300 ︽ᠪᠠᠭ᠎ᠠ ᠮᠥᠷᠲᠡᠭᠡᠨ ᠭᠤᠶᠢᠳᠠ︾ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠬᠡᠷᠡᠭᠵᠢᠭᠦᠯᠵᠦ᠂ ᠯᠦ ᠪᠠᠨ ᠦᠢᠯᠡᠳᠬᠡᠯ ᠤᠨ ᠭᠠᠵᠠᠷ ᠵᠡᠷᠭᠡ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠲᠦᠷᠦᠯ ᠵᠦᠢᠯ ᠢ ᠢᠳᠡᠪᠬᠢᠲᠡᠢ ᠠᠬᠢᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠥᠷᠨᠢᠭᠦᠯᠬᠦ ᠶᠢ ᠲᠡᠮᠵᠢᠨ᠎ᠠ᠃ ᠳᠤᠮᠳᠠᠳᠤ ᠤᠯᠤᠰ ︽ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠶᠢᠷ᠎ᠠ ᠰᠡᠳᠬᠢᠯᠭᠡ︾ ᠭᠡᠬᠦ ᠳᠤᠮᠳᠠᠳᠤ ᠤᠯᠤᠰ ᠤᠨ ᠺᠢᠨᠣ᠋ ᠲᠧᠯᠸᠢᠰ ᠤᠨ ᠫᠷᠣᠭ᠍ᠷᠠᠮ ᠢ ᠳᠡᠯᠭᠡᠨ ᠦᠵᠡᠭᠦᠯᠭᠦ ᠪᠠ ᠨᠠᠪᠲᠠᠷᠡᠭᠦᠯᠵᠦ᠂ ᠵᠢᠯ ᠪᠦᠷᠢ 10 ᠰᠢᠯᠢᠳᠡᠭ ᠲᠧᠯᠸᠢᠰ ᠵᠦᠴᠦᠭᠡ ᠪᠤᠶᠤ ᠰᠢᠯᠢᠳᠡᠭ ᠦᠵᠡᠵᠦ ᠰᠣᠨᠣᠰᠬᠤ ᠫᠷᠣᠭ᠍ᠷᠠᠮ ᠢ ᠬᠠᠷᠢᠯᠴᠠᠨ ᠣᠷᠴᠢᠭᠤᠯᠬᠤ ᠠᠵᠢᠯ ᠢ ᠪᠡᠶᠡᠯᠡᠭᠦᠯᠬᠦ ᠪᠠᠷ ᠴᠢᠷᠮᠠᠶᠢᠨ᠎ᠠ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ︽ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠵᠢᠭᠤᠯᠴᠢᠯᠠᠯ ᠤᠨ ᠶᠠᠷᠢᠯᠴᠠᠭ᠎ᠠ︾ ᠥᠷᠨᠢᠭᠦᠯᠦᠨ᠎ᠡ᠃ ᠬᠤᠶᠠᠷ ᠲᠠᠯ᠎ᠠ ᠶᠢᠨ ᠬᠥᠮᠥᠰ ᠤᠨ ᠨᠥᠭᠦᠷᠰᠡᠭ ᠶᠠᠪᠤᠯᠴᠠᠭ᠎ᠠ ᠳᠤ ᠤᠯᠠᠮ ᠨᠢᠭᠡ ᠠᠯᠬᠤᠮ ᠲᠦᠭᠦᠮ ᠦᠵᠡᠭᠦᠯᠭᠦ ᠶᠢᠨ ᠲᠥᠯᠥᠭᠡ᠂ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠣᠷᠣᠨ ᠤ 5 ᠤᠯᠤᠰ ᠲᠤ ᠸᠢᠰᠠ ᠶᠢ ᠬᠡᠯᠲᠦᠷᠢᠭᠦᠯᠬᠦ ᠲᠦᠷᠦᠭᠦᠦ ᠪᠦᠯᠦᠭ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠭᠠᠵᠠᠷ ᠣᠷᠣᠨ ᠤ ᠤᠯᠤᠰ ᠤᠳ ᠤᠨ ᠪᠦᠷᠬᠦᠴᠡ ᠶᠢᠨ ᠬᠡᠪᠴᠢᠶ᠎ᠡ ᠶᠢ ᠵᠣᠬᠢᠰᠲᠠᠢ ᠴᠠᠭ ᠲᠤ ᠥᠷᠭᠡᠳᠬᠡᠬᠦ ᠪᠠᠷ ᠲᠣᠭᠲᠠᠪᠠ᠃
ᠡᠷᠬᠢᠮ ᠵᠣᠴᠢᠳ ᠠ᠋᠂ ᠨᠠᠶᠢᠵᠠ ᠨᠠᠷ ᠠ᠋︕
ᠳᠤᠮᠳᠠᠳᠤ ᠤᠯᠤᠰ ᠲᠤ ︽ᠬᠥᠮᠥᠨ ᠤ ᠠᠮᠢᠳᠤᠷᠠᠯ ᠤᠨ ᠵᠢᠷᠭᠠᠯ ᠭᠡᠵᠦ ᠰᠡᠳᠬᠢᠯ ᠢᠶᠠᠨ ᠣᠶᠢᠯᠠᠭᠠᠯᠴᠠᠬᠤ ᠳᠤ ᠪᠤᠢ︾ ᠭᠡᠬᠦ ᠡᠷᠲᠡᠨ ᠤ ᠰᠢᠯᠦᠭ ᠪᠠᠶᠢᠳᠠᠭ᠂ ᠯᠠᠲ᠋ᠢᠨ ᠠᠮᠧᠷᠢᠺᠠ ᠳᠤ ᠴᠤ ︽ᠨᠠᠶᠢᠵᠠ ᠲᠠᠢ ᠪᠠᠶᠢᠪᠠᠯ ᠳᠠᠷᠤᠢ ᠡᠳ᠋ ᠡᠷᠳᠡᠨᠢᠰ ᠲᠠᠢ︾ ᠭᠡᠬᠦ ᠵᠦᠢᠷ ᠦᠭᠡ ᠪᠠᠶᠢᠳᠠᠭ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠢᠮᠠᠭᠲᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠠᠶᠢᠨ ᠨᠠᠶᠢᠵᠠ᠂ ᠰᠠᠶᠢᠨ ᠬᠠᠨᠢᠲᠠᠨ ᠪᠣᠯᠣᠨ᠎ᠠ᠃ ᠪᠢᠳᠠ ᠭᠠᠷ ᠬᠤᠯᠪᠣᠯᠴᠠᠨ᠂ ᠲᠤᠰ ᠲᠤᠰ ᠤᠨ ᠣᠳᠣᠬᠢᠴᠢᠯᠠᠯᠲᠠ ᠶᠢᠨ ᠠᠶᠠᠨ ᠳᠠᠭᠠᠨ ᠮᠥᠷᠥ ᠵᠡᠷᠭᠡᠴᠡᠨ ᠤᠷᠤᠭᠰᠢᠯᠠᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ᠃