5 ᠰᠠᠷ᠎ᠠ ᠶᠢᠨ 14 ᠤ ᠡᠳᠦᠷ᠂ ᠳᠤᠮᠳᠠᠳᠤ ᠮᠣᠩᠭᠤᠯ ᠬᠤᠶᠠᠷ ᠤᠯᠤᠰ ᠤᠨ ᠡᠨᠧᠷᠭᠢ ᠶᠢᠨ ᠬᠠᠮᠲᠤᠷᠠᠯᠴᠠᠭᠠᠨ ᠤ ᠴᠢᠬᠤᠯᠠ ᠨᠡᠪᠲᠡᠷᠡᠬᠦ ᠵᠠᠮ — ᠳᠤᠮᠳᠠᠳᠤ ᠮᠣᠩᠭᠤᠯ ᠤᠨ ᠭᠠᠭᠴᠠᠮᠣᠳᠤ — ᠭᠠᠰᠢᠭᠤᠨ ᠰᠤᠬᠠᠶᠢᠲᠤ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠡᠬᠢᠯᠡᠬᠦ ᠶᠣᠰᠣᠯᠠᠯ ᠳᠤᠮᠳᠠᠳᠤ ᠮᠣᠩᠭᠤᠯ ᠤᠨ ᠬᠢᠯᠢ ᠶᠢᠨ ᠣᠷᠣᠨ ᠳᠤ ᠶᠠᠪᠤᠭᠳᠠᠪᠠ᠃ ᠮᠣᠩᠭᠤᠯ ᠤᠯᠤᠰ ᠤᠨ ᠶᠡᠷᠦᠩᠬᠡᠢ ᠰᠠᠶᠢᠳ ᠣᠶᠤᠨ᠋ᠡᠷᠳᠡᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠷᠢᠳ ᠬᠤᠵᠢᠳ ᠪᠠᠶᠠᠷ ᠤᠨ ᠦᠭᠡ ᠬᠡᠯᠡᠵᠦ᠂ ᠬᠠᠮᠲᠤ ᠪᠠᠷ ᠲᠥᠷᠥᠯ ᠵᠦᠢᠯ ᠤᠨ ᠬᠥᠰᠢᠭᠡ ᠶᠢ ᠰᠡᠬᠦᠪᠡ᠃
5 ᠰᠠᠷ᠎ᠠ ᠶᠢᠨ 14 ᠤ ᠡᠳᠦᠷ᠂ ᠳᠤᠮᠳᠠᠳᠤ ᠮᠣᠩᠭᠤᠯ ᠬᠤᠶᠠᠷ ᠤᠯᠤᠰ ᠤᠨ ᠡᠨᠧᠷᠭᠢ ᠶᠢᠨ ᠬᠠᠮᠲᠤᠷᠠᠯᠴᠠᠭᠠᠨ ᠤ ᠴᠢᠬᠤᠯᠠ ᠨᠡᠪᠲᠡᠷᠡᠬᠦ ᠵᠠᠮ — ᠳᠤᠮᠳᠠᠳᠤ ᠮᠣᠩᠭᠤᠯ ᠤᠨ ᠭᠠᠭᠴᠠᠮᠣᠳᠤ — ᠭᠠᠰᠢᠭᠤᠨ ᠰᠤᠬᠠᠶᠢᠲᠤ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠡᠬᠢᠯᠡᠬᠦ ᠶᠣᠰᠣᠯᠠᠯ ᠳᠤᠮᠳᠠᠳᠤ ᠮᠣᠩᠭᠤᠯ ᠤᠨ ᠬᠢᠯᠢ ᠶᠢᠨ ᠣᠷᠣᠨ ᠳᠤ ᠶᠠᠪᠤᠭᠳᠠᠪᠠ᠃ ᠮᠣᠩᠭᠤᠯ ᠤᠯᠤᠰ ᠤᠨ ᠶᠡᠷᠦᠩᠬᠡᠢ ᠰᠠᠶᠢᠳ ᠣᠶᠤᠨ᠋ᠡᠷᠳᠡᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠠᠮᠲᠤ ᠪᠠᠷ ᠲᠥᠷᠥᠯ ᠵᠦᠢᠯ ᠤᠨ ᠬᠥᠰᠢᠭᠡ ᠶᠢ ᠰᠡᠬᠦᠪᠡ᠃ ︵ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ︶

ᠶᠡᠷᠦᠩᠬᠡᠢ ᠰᠠᠶᠢᠳ ᠣᠶᠤᠨ᠋ᠡᠷᠳᠡᠨᠢ ᠬᠢᠯᠢ ᠠᠯᠤᠰᠯᠠᠭᠰᠠᠨ ᠲᠡᠮᠦᠷ ᠵᠠᠮ ᠤᠨ ᠪᠠᠷᠢᠯᠭ᠎ᠠ ᠡᠬᠢᠯᠡᠭᠰᠡᠨ ᠡᠨᠡ ᠬᠦ ᠲᠡᠦᠬᠡᠲᠦ ᠴᠠᠭ ᠮᠥᠴᠡ ᠳᠤ ᠬᠤᠶᠠᠷ ᠤᠯᠤᠰ ᠤᠨ ᠬᠢᠯᠢ ᠳᠤ ᠲᠤᠰᠬᠠᠶᠢᠯᠠᠨ ᠢᠷᠡᠭᠰᠡᠨ ᠵᠣᠴᠢᠳ᠂ ᠪᠡᠯᠡ ᠣᠷᠣᠭᠤᠯᠤᠭᠴᠢᠳ᠂ ᠢᠨᠵᠧᠨᠧᠷᠢᠩ ᠤᠨ ᠮᠡᠷᠭᠡᠵᠢᠯᠲᠡᠳ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠲᠥᠷᠥᠯ ᠵᠦᠢᠯ ᠢ ᠲᠦᠷᠭᠡᠨ ᠠᠬᠢᠭᠤᠯᠬᠤ ᠶᠢᠨ ᠲᠥᠯᠥᠭᠡ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠲᠤᠰᠬᠠᠢ ᠮᠡᠷᠭᠡᠵᠢᠯ ᠤᠨ ᠥᠨᠳᠥᠷ ᠪᠦᠲᠦᠮᠵᠢᠲᠡᠶ ᠲᠦᠪᠰᠢᠨ ᠢᠶᠠᠷ ᠠᠵᠢᠯ ᠢᠶᠠᠨ ᠥᠷᠨᠢᠭᠦᠯᠵᠦ ᠪᠠᠶᠢᠭ᠎ᠠ ᠬᠤᠶᠠᠷ ᠤᠯᠤᠰ ᠤᠨ ᠵᠠᠰᠠᠭ ᠤᠨ ᠣᠷᠳᠣᠨ ᠤ ᠪᠠᠶᠢᠭᠤᠯᠤᠮᠵᠢ᠂ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠬᠥᠮᠥᠰ ᠲᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠮᠣᠩᠭᠤᠯ ᠳᠤᠮᠳᠠᠳᠤ ᠬᠤᠶᠠᠷ ᠤᠯᠤᠰ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠥᠨᠢᠳᠡ ᠶᠢᠨ ᠬᠥᠷᠰᠢ ᠤᠯᠤᠰ ᠮᠥᠨ᠃ ᠥᠨᠥᠳᠥᠷ ᠤᠨ ᠡᠬᠢᠯᠡᠭᠦᠯᠦᠭᠰᠡᠨ ᠭᠠᠰᠢᠭᠤᠨ ᠰᠤᠬᠠᠶᠢᠲᠤ — ᠭᠠᠭᠴᠠᠮᠣᠳᠤ ᠬᠦᠷᠬᠦ ᠬᠢᠯᠢ ᠠᠯᠤᠰᠯᠠᠭᠰᠠᠨ ᠲᠡᠮᠦᠷ ᠵᠠᠮ ᠤᠨ ᠪᠠᠷᠢᠯᠭ᠎ᠠ ᠨᠢ ᠵᠠᠮ ᠤᠨ ᠡᠭᠦᠳᠡ ᠪᠣᠭᠤᠮᠲᠠ᠂ ᠡᠩᠬᠡ ᠲᠠᠶᠢᠪᠤᠩ ᠤᠨ ᠬᠥᠭᠦᠷᠭᠡ᠂ ᠤᠯᠤᠰ ᠤᠨ ᠶᠡᠭᠡ ᠳᠡᠯᠭᠡᠭᠦᠷ ᠵᠡᠷᠭᠡ ᠪᠡᠯᠭᠡ ᠲᠡᠮᠳᠡᠭ ᠤᠨ ᠴᠢᠨᠠᠷᠲᠠᠢ ᠲᠥᠷᠥᠯ ᠵᠦᠢᠯ ᠲᠠᠢ ᠠᠳᠠᠯᠢ ᠪᠠᠷ ᠬᠤᠶᠠᠷ ᠤᠯᠤᠰ ᠤᠨ ᠨᠥᠭᠦᠷᠰᠡᠭ ᠬᠠᠷᠢᠯᠴᠠᠭᠠᠨ ᠤ ᠰᠢᠨ᠎ᠡ ᠬᠥᠰᠢᠶ᠎ᠡ ᠲᠡᠮᠳᠡᠭ ᠪᠤᠯᠬᠤ ᠨᠢ ᠯᠠᠪᠲᠠᠢ᠃ ᠲᠥᠷᠥᠯ ᠵᠦᠢᠯ ᠳᠠᠭᠤᠰᠤᠭᠰᠠᠨ ᠤ ᠳᠠᠷᠠᠭ᠎ᠠ ᠪᠣᠭᠤᠮᠲᠠ ᠪᠠᠷ ᠥᠩᠭᠡᠷᠡᠬᠦ ᠴᠢᠳᠠᠪᠤᠷᠢ ᠨᠢᠭᠡ ᠳᠠᠭᠢᠨ ᠳᠡᠭᠡᠭᠰᠢᠯᠡᠬᠦ ᠪᠣᠯᠣᠨ᠎ᠠ᠂ ᠡᠨᠡ ᠨᠢ ᠮᠣᠩᠭᠤᠯ ᠤᠯᠤᠰ ᠤᠨ ᠤᠯᠤᠰ ᠠᠷᠠᠳ ᠤᠨ ᠠᠵᠤ ᠠᠬᠤᠢ ᠪᠣᠯᠣᠨ ᠭᠠᠳᠠᠭᠠᠳᠤ ᠠᠷᠠᠯᠵᠢᠶ᠎ᠠ ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠬᠦ ᠪᠠᠷ ᠪᠠᠷᠠᠬᠤ ᠦᠭᠡᠢ ᠨᠠᠩ ᠴᠤ ᠠᠵᠢᠯ ᠣᠯᠭᠤᠬᠤ ᠠᠵᠢᠯ ᠤᠨ ᠪᠠᠶᠢᠷᠢ ᠡᠭᠦᠳᠬᠦ᠂ ᠰᠠᠭᠤᠭᠠᠯᠢ ᠠᠷᠠᠳ ᠤᠨ ᠣᠷᠣᠯᠭ᠎ᠠ ᠶᠢ ᠳᠡᠭᠡᠭᠰᠢᠯᠡᠭᠦᠯᠭᠦ ᠪᠠᠷ ᠲᠠᠮᠵᠢᠨ ᠬᠢᠯᠢ ᠬᠢᠵᠠᠭᠠᠷ ᠣᠷᠣᠨ ᠤ ᠠᠷᠠᠳ ᠤᠨ ᠠᠮᠢᠳᠤᠷᠠᠯ ᠢ ᠢᠯᠡᠳᠲᠡ ᠰᠠᠶᠢᠵᠢᠷᠠᠭᠤᠯᠵᠤ᠂ ᠦᠨᠡᠨ ᠬᠦ ᠣᠷᠣᠨ ᠨᠤᠲᠤᠭ ᠲᠤ ᠪᠤᠶᠠᠨ ᠦᠢᠯᠡᠳᠬᠦ ︽ᠰᠢᠵᠢᠷ ᠠᠯᠲᠠᠨ ᠬᠢᠯᠢ ᠶᠢᠨ ᠪᠣᠭᠤᠮᠲᠠ︾ ᠪᠤᠯᠬᠤ ᠪᠣᠯᠣᠨ᠎ᠠ᠃ ᠥᠨᠥᠳᠥᠷ ᠮᠣᠩᠭᠤᠯ ᠳᠤᠮᠳᠠᠳᠤ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠠᠭ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠨᠢᠭᠡᠨ ᠰᠢᠨ᠎ᠡ ᠴᠠᠭ ᠦᠶ᠎ᠡ ᠳᠤ ᠣᠷᠣᠵᠤ ᠪᠠᠶᠢᠨ᠎ᠠ᠃ ᠮᠣᠩᠭᠤᠯ ᠤᠯᠤᠰ ︽ᠠᠯᠤᠰ ᠤᠨ ᠬᠠᠷᠠᠭ᠎ᠠ 2050︾ ᠣᠷᠳᠣ ᠬᠤᠭᠤᠴᠠᠭᠠᠨ ᠤ ᠬᠥᠭᠵᠢᠯ ᠤᠨ ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ ︽ᠮᠣᠩᠭᠤᠯ ᠤᠨ ᠶᠣᠰᠣ ᠠᠨᠤ ᠦᠨᠡᠨᠴᠢ ᠰᠢᠳᠤᠷᠭᠤ ᠳᠤᠷ ᠪᠠᠶᠢᠮᠤᠢ︾ ᠭᠡᠬᠦ ᠡᠨᠡ ᠬᠦ ᠦᠨᠳᠦᠰᠦᠨ ᠵᠠᠷᠴᠢᠮ ᠢ ᠬᠢᠴᠢᠶᠡᠩᠭᠦᠶᠢᠯᠡᠨ ᠵᠢᠷᠤᠮᠯᠠᠵᠤ ᠬᠠᠮᠲᠤᠷᠠᠯᠴᠠᠭ᠎ᠠ ᠪᠠᠨ ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ᠳᠠᠬᠢᠯᠲᠠ ᠡᠨᠧᠷᠭᠢ ᠶᠢᠨ ᠦᠢᠯᠡᠳᠪᠦᠷᠢᠯᠡᠯ᠂ ᠨᠡᠭᠦᠷᠡᠰᠦ ᠶᠢ ᠨᠠᠷᠢᠯᠢᠭ ᠭᠦᠨᠵᠡᠭᠡᠢ ᠡᠳ᠋ᠰᠢᠭᠦᠯᠬᠦ ᠵᠢᠴᠢ ᠮᠡᠷᠭᠡᠵᠢᠯ ᠤᠨ ᠠᠵᠤ ᠦᠢᠯᠡᠰ ᠤᠨ ᠬᠦᠷᠢᠶᠡᠨ ᠳᠤ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠵᠡᠢ᠃
ᠰᠦᠨ ᠱᠤᠤ ᠴᠧᠩ ᠪᠠᠶᠠᠷ ᠤᠨ ᠦᠭᠡ ᠳᠡᠭᠡᠨ ᠶᠡᠷᠦᠩᠬᠡᠢ ᠰᠠᠶᠢᠳ ᠣᠶᠤᠨ᠋ᠡᠷᠳᠡᠨᠢ ᠨᠠᠷ ᠪᠣᠯᠣᠨ ᠲᠤᠬᠠᠢ ᠶᠢᠨ ᠲᠠᠯᠠᠪᠠᠢ ᠳᠤ ᠬᠦᠷᠦᠯᠴᠡᠨ ᠢᠷᠡᠭᠰᠡᠨ ᠬᠦᠨᠳᠦᠲᠦ ᠵᠣᠴᠢᠳ ᠢ ᠴᠢᠩ ᠰᠡᠳᠬᠢᠯ ᠠᠴᠠ ᠪᠠᠨ ᠤᠭᠲᠤᠵᠤ ᠪᠠᠶᠢᠬᠤ ᠪᠠᠨ ᠢᠯᠡᠳᠬᠡᠵᠦ᠂ ᠭᠠᠭᠴᠠᠮᠣᠳᠤ — ᠭᠠᠰᠢᠭᠤᠨ ᠰᠤᠬᠠᠶᠢᠲᠤ ᠬᠦᠷᠬᠦ ᠬᠢᠯᠢ ᠠᠯᠤᠰᠯᠠᠭᠰᠠᠨ ᠲᠡᠮᠦᠷ ᠵᠠᠮ ᠤᠨ ᠲᠦᠷᠦᠯ ᠵᠦᠢᠯ ᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ᠂ ᠣᠶᠢᠷ᠎ᠠ ᠶᠢᠨ ᠵᠢᠯ ᠠᠴᠠ ᠲᠡᠷᠢᠭᠦᠯᠡᠭᠴᠢ ᠰᠢ ᠶᠢᠨ ᠫᠢᠩ ᠪᠣᠯᠣᠨ ᠶᠡᠷᠦᠩᠬᠡᠶᠢᠯᠡᠭᠴᠢ ᠬᠦᠷᠡᠯᠰᠦ᠋ᠬᠡ ᠶᠢᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ ᠳᠤᠮᠳᠠᠳᠤ ᠮᠣᠩᠭᠤᠯ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠴᠠᠭ᠎ᠠ ᠲᠣᠭᠲᠠᠭᠤᠨ ᠡᠷᠡᠭᠦᠯ ᠬᠥᠭᠵᠢᠵᠦ᠂ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠨᠢᠭᠲᠠᠷᠠᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠪᠡ᠃ ᠭᠠᠭᠴᠠᠮᠣᠳᠤ — ᠭᠠᠰᠢᠭᠤᠨ ᠰᠤᠬᠠᠶᠢᠲᠤ ᠬᠦᠷᠬᠦ ᠬᠢᠯᠢ ᠠᠯᠤᠰᠯᠠᠭᠰᠠᠨ ᠲᠡᠮᠦᠷ ᠵᠠᠮ ᠪᠠᠶᠢᠭᠤᠯᠤᠭᠳᠠᠭᠰᠠᠨ ᠤ ᠳᠠᠷᠠᠭ᠎ᠠ ᠳᠤᠮᠳᠠᠳᠤ ᠮᠣᠩᠭᠤᠯ ᠤᠨ ᠬᠤᠯᠪᠣᠯᠳᠤᠨ ᠨᠡᠪᠲᠡᠷᠡᠯᠴᠡᠬᠦ ᠰᠢᠨ᠎ᠡ ᠬᠥᠭᠦᠷᠭᠡ ᠪᠣᠯᠵᠤ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠ ᠠᠵᠤ ᠦᠢᠯᠡᠰ ᠤᠨ ᠬᠤᠯᠪᠤᠭᠠᠯᠠᠨ ᠬᠥᠳᠡᠯᠦᠯᠴᠡᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠ ᠮᠣᠩᠭᠤᠯ ᠤᠯᠤᠰ ᠤᠨ ᠬᠠᠮᠢᠶ᠎ᠠ ᠪᠦᠬᠦᠢ ᠭᠠᠵᠠᠷ ᠣᠷᠣᠨ ᠤ ᠬᠠᠮᠵᠢᠯᠴᠠᠨ ᠬᠥᠭᠵᠢᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤᠷᠠᠲᠠᠶ᠎ᠠ ᠮᠣᠩᠭᠤᠯ ᠤᠯᠤᠰ ᠤᠨ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤ ᠪᠠᠷ ᠲᠥᠷᠥᠯ ᠵᠦᠢᠯ ᠢ ᠬᠡᠷᠡᠭᠵᠢᠭᠦᠯᠬᠦ ᠳᠤ ᠬᠦᠴᠦᠲᠡᠢ ᠳᠡᠮᠵᠢᠯᠭᠡ ᠪᠠ ᠲᠥᠭᠦᠮ ᠦᠵᠡᠭᠦᠯᠦᠨ᠎ᠡ᠃ ᠡᠨᠡ ᠬᠦ ᠬᠢᠯᠢ ᠠᠯᠤᠰᠯᠠᠭᠰᠠᠨ ᠲᠡᠮᠦᠷ ᠵᠠᠮ ᠨᠢ ᠨᠥᠬᠦᠷᠯᠡᠯ ᠤᠨ ᠵᠠᠮ᠂ ᠬᠥᠭᠵᠢᠯ ᠴᠡᠴᠡᠭᠯᠡᠯ ᠤᠨ ᠵᠠᠮ᠂ ᠬᠦᠰᠡᠯ ᠡᠷᠡᠮᠡᠯᠵᠡᠯ ᠤᠨ ᠵᠠᠮ ᠪᠤᠯᠬᠤ ᠶᠢ ᠪᠢᠳᠡ ᠪᠠᠲᠤ ᠢᠲᠡᠭᠡᠵᠦ ᠪᠠᠶᠢᠨ᠎ᠠ᠃ ᠢᠷᠡᠭᠡᠳᠦᠢ ᠳᠤ ᠬᠠᠨᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠡᠶᠡᠯᠳᠡᠭ ᠬᠥᠷᠰᠢ᠂ ᠠᠮᠤᠷ ᠲᠦᠪᠰᠢᠨ ᠬᠥᠷᠰᠢ᠂ ᠪᠠᠶᠠᠨ ᠬᠥᠷᠰᠢ᠂ ᠳᠣᠲᠣᠨᠣ ᠦᠨᠡᠨᠴᠢ ᠪᠠᠷ ᠠᠰᠢᠭ ᠬᠦᠷᠲᠡᠭᠡᠬᠦ᠂ ᠬᠤᠪᠢ ᠵᠠᠶᠠᠭ᠎ᠠ ᠪᠠᠨ ᠬᠠᠮᠲᠤᠳᠬᠠᠬᠤ︾ ᠣᠶᠢᠯᠠᠭᠠᠭᠳᠠᠬᠤᠨ ᠴᠢᠭᠯᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠮᠣᠩᠭᠤᠯ ᠬᠤᠶᠠᠷ ᠤᠯᠤᠰ ᠤᠨ ᠲᠡᠷᠢᠭᠦᠨ ᠤ ᠲᠣᠭᠲᠠᠭᠰᠠᠨ ᠡᠯ᠎ᠡ ᠵᠦᠢᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤ ᠶᠢᠨ ᠲᠠᠨᠢᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠣᠩᠭᠤᠯ ᠤᠯᠤᠰ ᠤᠨ ᠬᠤᠯᠪᠣᠭᠳᠠᠯ ᠪᠦᠬᠦᠢ ᠲᠠᠯ᠎ᠠ ᠪᠠ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠶᠠᠪᠤᠯᠴᠠᠭ᠎ᠠ ᠪᠠᠨ ᠪᠦᠭᠦ ᠲᠠᠯ᠎ᠠ ᠪᠠᠷ ᠴᠢᠩᠭᠠᠳᠬᠠᠵᠤ᠂ ᠳᠤᠮᠳᠠᠳᠤ ᠮᠣᠩᠭᠤᠯ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠬᠦ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠨ᠎ᠡ ᠭᠡᠪᠡ᠃
ᠮᠣᠩᠭᠤᠯ ᠤᠯᠤᠰ ᠤᠨ ᠨᠢᠭᠡᠳᠦᠭᠡᠷ ᠳᠡᠳ᠋ ᠶᠡᠷᠦᠩᠬᠡᠢ ᠰᠠᠶᠢᠳ ᠪᠥᠭᠡᠳ ᠠᠵᠤ ᠠᠬᠤᠢ ᠶᠢᠨ ᠬᠥᠭᠵᠢᠯᠲᠡ ᠶᠢᠨ ᠶᠠᠮᠤᠨ ᠤ ᠰᠠᠶᠢᠳ ᠭᠠᠩᠲᠡᠮᠦᠷ᠂ ᠳᠡᠳ᠋ ᠶᠡᠷᠦᠩᠬᠡᠢ ᠰᠠᠶᠢᠳ ᠲᠤᠷᠵᠢᠬᠠᠨᠳᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠠᠶᠢᠳ ᠳᠡᠯᠭᠡᠷᠰᠠᠶᠢᠬᠠᠨ ᠪᠣᠯᠣᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠭᠢᠯᠡᠭᠴᠢ ᠯᠢ ᠴᠦᠨ ᠯᠢᠨ᠂ ᠤᠯᠤᠰ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠽᠧᠦ ᠯᠧᠢ᠂ ᠳᠤᠮᠳᠠᠳᠤ ᠤᠯᠤᠰ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠳ᠋ᠠᠢ ᠾᠧ ᠭᠧᠨ ᠲᠤᠰ ᠲᠤᠰ ᠪᠠᠶᠠᠷ ᠤᠨ ᠦᠭᠡ ᠬᠡᠯᠡᠪᠡ᠃

ᠪᠠᠷᠢᠯᠭ᠎ᠠ ᠡᠬᠢᠯᠡᠬᠦ ᠶᠣᠰᠣᠯᠠᠯ ᠳᠠᠭᠤᠰᠤᠭᠰᠠᠨ ᠤ ᠲᠠᠷᠠᠭ᠎ᠠ ᠰᠦᠨ ᠱᠤᠤ ᠴᠧᠩ ᠪᠠᠰᠠ ᠶᠡᠷᠦᠩᠬᠡᠢ ᠰᠠᠶᠢᠳ ᠣᠶᠤᠨ᠋ᠡᠷᠳᠡᠨᠢ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠠᠭᠤᠷᠬᠠᠢ ᠶᠢᠨ ᠡᠬᠢ ᠪᠠᠶᠠᠯᠢᠭ᠂ ᠰᠢᠨ᠎ᠡ ᠡᠨᠧᠷᠭᠢ᠂ ᠠᠮᠢ ᠠᠬᠤᠢ ᠶᠢᠨ ᠬᠠᠮᠠᠭᠠᠯᠠᠯᠲᠠ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠰᠣᠯᠢᠯᠴᠠᠵᠠᠢ᠃
ᠮᠣᠩᠭᠤᠯ ᠤᠯᠤᠰ ᠤᠨ ᠠᠵᠤ ᠦᠢᠯᠡᠳᠪᠦᠷᠢ ᠬᠢᠭᠡᠳ ᠠᠭᠤᠷᠬᠠᠢ ᠶᠢᠨ ᠦᠢᠯᠡᠰ ᠤᠨ ᠶᠠᠮᠤᠨ ᠤ ᠰᠠᠶᠢᠳ ᠳᠤᠸᠠᠩ᠂ ᠮᠣᠩᠭᠤᠯ ᠤᠯᠤᠰ ᠤᠨ ᠰᠠᠶᠢᠳ᠂ ᠤᠯᠤᠰ ᠤᠨ ᠪᠣᠭᠤᠮᠲᠠ ᠶᠢᠨ ᠰᠡᠷᠭᠦᠨ ᠮᠠᠨᠳᠤᠯᠲᠠ ᠶᠢᠨ ᠵᠥᠪᠯᠡᠯ ᠤᠨ ᠡᠷᠭᠢᠯᠡᠭᠴᠢ ᠲᠤᠯᠭ᠎ᠠ᠂ ᠮᠣᠩᠭᠤᠯ ᠤᠯᠤᠰ ᠤᠨ ᠡᠳ᠋ ᠤᠨ ᠵᠠᠰᠠᠭ ᠤᠨ ᠶᠠᠮᠤᠨ ᠤ ᠰᠠᠶᠢᠳ ᠵᠢᠪᠬᠤᠯᠠᠩ᠂ ᠳᠤᠮᠳᠠᠳᠤ ᠤᠯᠤᠰ ᠲᠤ ᠰᠠᠭᠤᠭ᠎ᠠ ᠮᠣᠩᠭᠤᠯ ᠤᠯᠤᠰ ᠤᠨ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶᠢᠳ ᠡᠩᠬᠡᠪᠣᠯᠣᠳ᠂ ᠮᠣᠩᠭᠤᠯ ᠤᠯᠤᠰ ᠲᠤ ᠰᠠᠭᠤᠭ᠎ᠠ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶᠢᠳ ᠱᠧᠨ ᠮᠢᠨ ᠵᠢᠤᠸᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ᠂ ᠭᠠᠳᠠᠭᠠᠳᠤ ᠶᠠᠪᠤᠳᠠᠯ ᠤᠨ ᠶᠠᠮᠤᠨ ᠤ ᠠᠽᠢᠶ᠎ᠠ ᠲᠢᠪ ᠤᠨ ᠵᠤᠷᠭᠠᠨ ᠤ ᠳᠡᠳ᠋ ᠳᠠᠷᠤᠭ᠎ᠠ ᠴᠧᠨ ᠱᠤᠤ ᠴᠦᠨ ᠨᠠᠷ ᠠᠵᠢᠯᠯᠠᠭ᠎ᠠ ᠳᠤ ᠣᠷᠣᠯᠴᠠᠪᠠ᠃