ᠮᠠᠨ ᠤ ᠣᠷᠣᠨ 1.7 ᠲᠦᠮᠡᠨ ᠶᠠᠳᠠᠭᠤ ᠠᠴᠠ ᠠᠩᠭᠢᠵᠢᠷᠠᠭᠰᠠᠨ ᠠᠮᠢ ᠠᠬᠤᠢ ᠶᠢᠨ ᠣᠶ ᠶᠢᠨ ᠬᠠᠮᠠᠭᠠᠯᠠᠭᠴᠢ ᠳᠤ ᠦᠨᠡᠮᠯᠡᠯ ᠣᠯᠭᠤᠪᠠ
ᠨᠡᠶᠢᠲᠡᠯᠡᠭᠰᠡᠨ ᠴᠠᠭ᠄
2025/5/15


  ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠶᠡᠷᠦᠩᠬᠡᠢ ᠥᠷᠲᠡᠭᠡ ᠪᠦᠭᠦ ᠣᠷᠣᠨ ᠤ 1.7 ᠲᠦᠮᠡᠨ ᠶᠠᠳᠠᠭᠤ ᠠᠴᠠ ᠠᠩᠭᠢᠵᠢᠷᠠᠭᠰᠠᠨ ᠠᠮᠢ ᠠᠬᠤᠢ ᠶᠢᠨ ᠣᠶ ᠶᠢᠨ ᠬᠠᠮᠠᠭᠠᠯᠠᠭᠴᠢ ᠳᠤ ᠲᠣᠭᠤᠷᠢᠨ ᠬᠠᠮᠠᠭᠠᠯᠠᠬᠤ ᠲᠡᠮᠳᠡᠭ ᠢ ᠨᠢᠭᠡᠳᠦᠯᠲᠡᠢ ᠲᠠᠷᠬᠠᠭᠠᠵᠤ᠂ ᠠᠵᠢᠯ ᠤᠨ ᠪᠠᠶᠢᠷᠢ ᠳᠤ ᠭᠠᠷᠴᠤ ᠲᠣᠭᠤᠷᠢᠨ ᠬᠠᠮᠠᠭᠠᠯᠠᠬᠤ ᠳᠠᠭᠠᠨ ᠳᠦᠷᠢᠮ ᠶᠣᠰᠣᠭᠠᠷ ᠵᠡᠭᠦᠬᠦ ᠶᠢ ᠱᠠᠭᠠᠷᠳᠠᠪᠠ᠃ 

  ᠡᠨᠡ ᠪᠣᠯ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠶᠡᠷᠦᠩᠬᠡᠢ ᠥᠷᠲᠡᠭᠡ 2022 ᠣᠨ ᠠᠴᠠ ᠡᠬᠢᠯᠡᠨ ᠬᠤᠶᠠᠳᠠᠭᠢ ᠤᠳᠠᠭ᠎ᠠ ᠶᠠᠳᠠᠭᠤ ᠠᠴᠠ ᠠᠩᠭᠢᠵᠢᠷᠠᠭᠰᠠᠨ ᠠᠮᠢ ᠠᠬᠤᠢ ᠶᠢᠨ ᠣᠶ ᠶᠢᠨ ᠬᠠᠮᠠᠭᠠᠯᠠᠭᠴᠢ ᠳᠤ ᠲᠣᠭᠤᠷᠢᠨ ᠬᠠᠮᠠᠭᠠᠯᠠᠬᠤ ᠲᠡᠮᠳᠡᠭ ᠲᠠᠷᠬᠠᠭᠠᠵᠤ ᠪᠠᠶᠢᠭ᠎ᠠ ᠶᠠᠪᠤᠳᠠᠯ ᠪᠣᠯᠣᠨ᠎ᠠ᠃ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠴᠦᠯᠯᠡᠷᠭᠡᠭ ᠭᠠᠵᠠᠷ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠵᠢᠴᠢ ᠬᠠᠮᠢᠶᠠᠷᠴᠤ ᠬᠠᠮᠠᠭᠠᠯᠠᠬᠤ ᠲᠥᠬᠦᠭᠡᠷᠦᠮᠵᠢ ᠶᠢ ᠡᠪᠳᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠦᠶᠯᠡ ᠠᠵᠢᠯᠯᠠᠭ᠎ᠠ ᠶᠢ ᠣᠯᠵᠤ ᠮᠡᠳᠡᠬᠦ ᠶᠢᠨ ᠬᠠᠮᠲᠤ ᠬᠤᠷᠢᠭᠯᠠᠨ ᠵᠣᠭᠰᠤᠭᠠᠬᠤ ᠳᠠᠭᠠᠨ ᠣᠶ ᠶᠢᠨ ᠬᠠᠮᠠᠭᠠᠯᠠᠭᠴᠢ ᠲᠡᠷᠡ ᠳᠠᠷᠤᠢ ᠳᠤᠨᠢ ᠠᠵᠢᠯ ᠤᠨ ᠲᠡᠮᠳᠡᠭ ᠢᠶᠠᠨ ᠰᠠᠨᠠᠭᠠᠴᠢᠯᠠᠭ᠎ᠠ ᠠᠴᠠ ᠪᠠᠨ ᠭᠠᠷᠭᠠᠨ ᠦᠵᠡᠭᠦᠯᠵᠦ᠂ ᠠᠵᠢᠯ ᠢᠶᠠᠨ ᠵᠢᠷᠤᠮᠵᠢᠭᠤᠯᠤᠨ ᠥᠷᠨᠢᠭᠦᠯᠬᠦ ᠶᠢᠨ ᠬᠠᠮᠲᠤ ᠨᠡᠶᠢᠭᠡᠮ ᠤᠨ ᠡᠯ᠎ᠡ ᠡᠲᠡᠭᠡᠳ ᠪᠣᠯᠣᠨ ᠥᠷᠭᠡᠨ ᠣᠯᠠᠨ ᠲᠦᠮᠡᠨ ᠤ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃

  ᠠᠮᠢ ᠠᠬᠤᠢ ᠶᠢᠨ ᠣᠶ ᠶᠢᠨ ᠬᠠᠮᠠᠭᠠᠯᠠᠭᠴᠢ ᠨᠢ ᠣᠶ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠲᠣᠭᠤᠷᠢᠨ ᠬᠠᠮᠠᠭᠠᠯᠠᠬᠤ ︽ᠨᠢᠭᠡᠳᠦᠭᠡᠷ ᠬᠠᠷᠠᠭᠤᠯ︾ ᠪᠣᠯᠤᠭᠰᠠᠨ ᠤ ᠬᠤᠪᠢ ᠳᠤ᠂ ᠬᠠᠮᠢᠶᠠᠷᠴᠤ ᠬᠠᠮᠠᠭᠠᠯᠠᠬᠤ ᠣᠷᠣᠨ ᠤ ᠳᠣᠲᠣᠷᠠᠬᠢ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠴᠦᠯᠯᠡᠷᠭᠡᠭ ᠭᠠᠵᠠᠷ᠂ ᠬᠡᠭᠡᠷ᠎ᠡ ᠶᠢᠨ ᠠᠮᠢᠲᠠᠨ ᠤᠷᠭᠤᠮᠠᠯ ᠵᠡᠷᠭᠡ ᠡᠬᠢ ᠪᠠᠶᠠᠯᠢᠭ ᠤᠨ ᠡᠳᠦᠷ ᠲᠤᠲᠤᠮ ᠤᠨ ᠲᠣᠭᠤᠷᠢᠨ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠳᠠᠭ᠃ ᠮᠠᠨ ᠤ ᠣᠷᠣᠨ ᠶᠠᠳᠠᠭᠤ ᠠᠴᠠ ᠠᠩᠭᠢᠵᠢᠷᠠᠭᠰᠠᠨ ᠠᠮᠢ ᠠᠬᠤᠢ ᠶᠢᠨ ᠣᠶ ᠶᠢᠨ ᠬᠠᠮᠠᠭᠠᠯᠠᠭᠴᠢ ᠳᠤ ᠴᠢᠬᠤᠯᠠ ᠪᠦᠬᠦᠢ ᠲᠣᠨᠤᠭ ᠲᠥᠬᠦᠭᠡᠷᠦᠮᠵᠢ ᠬᠠᠩᠭᠠᠬᠤ ᠪᠠᠷ ᠳᠠᠮᠵᠢᠭᠤᠯᠤᠨ᠂ ︽ᠠᠮᠢ ᠠᠬᠤᠢ ᠶᠢᠨ ᠣᠶ ᠶᠢᠨ ᠬᠠᠮᠠᠭᠠᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠳᠡᠭᠡᠭᠰᠢᠯᠡᠭᠦᠯᠭᠦ ᠪᠠ ᠦᠢᠯᠡᠳᠦᠯ ᠢ ᠨᠢ ᠪᠠᠳᠠᠷᠠᠭᠤᠯᠬᠤ︾ ᠠᠵᠢᠯ ᠤᠨ ᠬᠠᠷᠠᠯᠲᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠭᠤᠣᠯᠳᠠᠯᠭ᠎ᠠ ᠲᠠᠢ ᠠᠩᠬᠠᠷᠴᠤ᠂ ᠲᠣᠭᠤᠷᠢᠨ ᠬᠠᠮᠠᠭᠠᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠮᠠᠨ ᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠳᠤᠮᠳᠠᠬᠢ ᠶᠠᠳᠠᠭᠤ ᠠᠴᠠ ᠠᠩᠭᠢᠵᠢᠷᠠᠭᠰᠠᠨ ᠠᠮᠢ ᠠᠬᠤᠢ ᠶᠢᠨ ᠣᠶ ᠶᠢᠨ ᠬᠠᠮᠠᠭᠠᠯᠠᠭᠴᠢ ᠶᠢᠨ ᠵᠠᠩᠭᠢᠯᠠᠭ᠎ᠠ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠬᠢᠨ ᠬᠠᠮᠠᠭᠠᠯᠠᠬᠤ ᠳᠤ ᠪᠠᠲᠤ ᠴᠢᠩᠭ᠎ᠠ ᠬᠦᠴᠦᠨ ᠴᠢᠳᠠᠯ ᠢᠶᠠᠨ ᠡᠷᠭᠦᠪᠡ᠃


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ