
ᠥᠪᠥᠷ ᠮᠣᠩᠭᠤᠯ ᠤᠨ ᠡᠨᠡ ᠬᠦ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠨᠤᠲᠤᠭ ᠳᠡᠪᠢᠰᠬᠡᠷ ᠳᠡᠭᠡᠷ᠎ᠡ ᠠᠮᠢ ᠠᠬᠤᠢ ᠶᠢᠨ ᠬᠠᠮᠠᠭᠠᠯᠠᠯᠲᠠ ᠪᠣᠯᠣᠨ ᠠᠵᠤ ᠦᠢᠯᠡᠰ ᠤᠨ ᠬᠥᠭᠵᠢᠯᠲᠡ ᠳᠤ ᠬᠤᠯᠪᠣᠭᠳᠠᠭᠰᠠᠨ ᠨᠢᠭᠡ ᠤᠳᠠᠭ᠎ᠠ ᠶᠢᠨ ᠭᠦᠨᠵᠡᠭᠡᠢ ᠬᠤᠪᠢᠰᠤᠯᠲᠠ ᠶᠠᠭ ᠶᠠᠪᠤᠭᠳᠠᠵᠤ ᠪᠤᠢ᠄ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ 17 ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠳᠤ ᠵᠦᠷᠢᠶᠡᠴᠢᠯᠡᠭᠰᠡᠨ ᠵᠠᠰᠠᠯᠲᠠ ᠶᠢᠨ ᠲᠥᠰᠥᠯ ᠢ ᠬᠡᠷᠡᠭᠵᠢᠭᠦᠯᠵᠦ᠂ ︽ᠨᠢᠭᠡ ᠭᠠᠵᠠᠷ ᠲᠤ ᠨᠢᠭᠡ ᠲᠦᠷᠦ ᠶᠢᠨ ᠪᠣᠳᠣᠯᠭ᠎ᠠ ᠬᠡᠷᠡᠭᠵᠢᠭᠦᠯᠬᠦ︾ ᠤᠨᠤᠪᠴᠢᠲᠠᠢ ᠵᠠᠰᠠᠯᠲᠠ ᠶᠢᠨ ᠰᠢᠰᠲ᠋ᠧᠮ ᠢ ᠪᠦᠷᠢᠯᠳᠦᠭᠦᠯᠪᠡ︔ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠦᠭᠰᠡᠨ 10 ᠵᠦᠢᠯ ᠤᠨ ᠨᠡᠶᠢᠲᠡᠯᠢᠭ ᠵᠠᠭᠪᠤᠷ ᠢ ᠪᠣᠯᠪᠠᠰᠤᠷᠠᠭᠤᠯᠤᠨ ᠳᠡᠯᠭᠡᠷᠡᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠤ ᠣᠯᠠᠨ ᠡᠰᠢᠵᠢᠭᠰᠡᠨ ᠰᠢᠢᠳᠪᠦᠷᠢᠯᠡᠬᠦ ᠲᠥᠰᠥᠯ ᠢ ᠬᠠᠩᠭᠠᠪᠠ︔ ᠲᠡᠵᠢᠭᠡᠨ ᠦᠷᠡᠵᠢᠭᠦᠯᠬᠦ ᠵᠠᠭᠪᠤᠷ ᠤᠨ ᠰᠢᠨᠡᠴᠢᠯᠡᠯᠲᠡ ᠶᠢ ᠲᠦᠷᠭᠡᠳᠬᠡᠵᠦ᠂ ᠤᠯᠠᠮᠵᠢᠯᠠᠯᠲᠤ ᠮᠠᠶ᠋ᠢᠭ ᠤᠨ ᠪᠡᠯᠴᠢᠭᠡᠷᠯᠡᠭᠦᠯᠬᠦ ᠠᠷᠭ᠎ᠠ ᠶᠢ ᠣᠳᠣᠬᠢᠴᠢᠯᠠᠭᠰᠠᠨ ᠬᠠᠰᠢᠶᠠᠯᠠᠨ ᠲᠡᠵᠢᠭᠡᠬᠦ ᠵᠦᠭ ᠬᠤᠪᠢᠷᠠᠭᠤᠯᠬᠤ ᠶᠢ ᠠᠬᠢᠭᠤᠯᠪᠠ᠃
ᠨᠠᠷᠢᠯᠢᠭ ᠲᠡᠵᠢᠭᠡᠨ ᠦᠷᠡᠵᠢᠭᠦᠯᠬᠦ ᠪᠠᠷ ᠪᠣᠬᠢᠷᠳᠤᠯ ᠦᠭᠡᠢ ᠠᠮᠢ ᠠᠬᠤᠢ ᠶᠢ ᠠᠬᠢᠭᠤᠯᠵᠤ᠂ ᠪᠦᠭᠦ ᠬᠡᠯᠬᠢᠶᠡᠨ ᠤ ᠪᠠᠶᠢᠷᠢᠰᠢᠭᠤᠯᠤᠯᠲᠠ ᠪᠠᠷ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ᠃ ᠣᠶᠢᠷ᠎ᠠ ᠳᠤ ᠰᠤᠷᠪᠤᠯᠵᠢᠯᠠᠬᠴᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ᠂ ᠲᠠᠷᠢᠶᠠᠨ ᠭᠠᠵᠠᠷ ᠲᠤ ᠬᠦᠷᠴᠦ᠂ ᠲᠠᠯ᠎ᠠ ᠨᠤᠲᠤᠭ ᠲᠤ ᠶᠠᠪᠤᠭᠳᠠᠵᠤ ᠪᠠᠶᠢᠭ᠎ᠠ ᠭᠦᠨᠵᠡᠭᠡᠢ ᠬᠤᠪᠢᠰᠤᠯᠲᠠ ᠶᠢ ᠣᠶᠢᠯᠠᠭᠠᠵᠤ᠂ ᠥᠪᠥᠷ ᠮᠣᠩᠭᠤᠯ ᠤᠨ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠣᠳᠣᠬᠢᠴᠢᠯᠠᠯᠲᠠ ᠶᠢᠨ ᠵᠠᠮ ᠢ ᠰᠤᠷᠪᠤᠯᠵᠢᠯᠠᠪᠠ᠃
ᠪᠣᠬᠢᠷᠳᠤᠯ ᠦᠭᠡᠢ ᠬᠥᠭᠵᠢᠯᠲᠡ ᠶᠢᠨ ᠠᠬᠤᠢ ᠪᠠᠶᠢᠳᠠᠯ ᠳᠠᠬᠢ ᠲᠡᠵᠢᠭᠡᠨ ᠦᠷᠡᠵᠢᠭᠦᠯᠬᠦ ᠵᠠᠭᠪᠤᠷ ᠤᠨ ᠰᠢᠨᠡᠴᠢᠯᠡᠯᠲᠡ
ᠭᠦᠭᠡᠬᠤᠲᠠ ᠶᠢᠨ ᠦᠴᠦᠸᠠᠨ ᠰᠢᠶᠠᠨ ᠤ ᠤᠳᠤ ᠦᠶ᠎ᠡ ᠶᠢᠨ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠲᠡᠵᠢᠭᠡᠪᠦᠷᠢ ᠶᠢᠨ ᠬᠦᠷᠢᠶᠡᠯᠡᠩ ᠲᠣᠭᠤᠷᠢᠭ ᠲᠤ ᠬᠥᠬᠡ ᠣᠷᠣᠢ ᠴᠠᠭᠠᠨ ᠬᠡᠷᠡᠮ ᠲᠠᠢ ᠪᠠᠷᠢᠮᠵᠢᠶᠠᠵᠢᠭᠰᠠᠨ ᠲᠡᠵᠢᠭᠡᠪᠦᠷᠢ ᠶᠢᠨ ᠬᠠᠰᠢᠶ᠎ᠠ ᠰᠠᠷᠠᠪᠴᠢ᠂ ᠪᠣᠷᠳᠤᠭ᠎ᠠ ᠡᠳ᠋ᠰᠢᠭᠦᠯᠬᠦ ᠲᠠᠰᠤᠭ᠂ ᠡᠪᠡᠰᠦᠨ ᠬᠥᠮᠥᠷᠭᠡ ᠲᠡᠷᠢ ᠲᠡᠭᠰᠢ ᠬᠠᠷᠠᠭᠳᠠᠨ᠎ᠠ᠃
ᠠᠳᠡ ᠭᠡᠭᠡᠯ ᠲᠠᠢ ᠡᠮ᠎ᠡ ᠬᠤᠨᠢ ᠶᠢ ᠬᠠᠰᠢᠶᠠᠯᠠᠨ ᠬᠠᠮᠢᠶᠠᠷᠴᠤ ᠨᠠᠷᠢᠯᠢᠭᠵᠢᠭᠤᠯᠤᠨ ᠲᠡᠵᠢᠭᠡᠨ ᠦᠷᠡᠵᠢᠭᠦᠯᠬᠦ ᠵᠠᠭᠪᠤᠷ ᠢ ᠬᠡᠷᠡᠭᠵᠢᠭᠦᠯᠵᠦ᠂ ᠢᠬᠡᠷ᠎ᠡ ᠭᠡᠭᠡᠯ ᠲᠠᠢ ᠡᠮ᠎ᠡ ᠬᠤᠨᠢ ᠪᠠ ᠭᠤᠷᠪᠠᠨ ᠭᠡᠭᠡᠯ ᠲᠠᠢ ᠡᠮ᠎ᠡ ᠬᠤᠨᠢ ᠶᠢ ᠬᠠᠰᠢᠶᠠᠯᠠᠨ ᠲᠡᠵᠢᠭᠡᠵᠦ᠂ ᠵᠦᠷᠢᠶᠡᠴᠢᠯᠡᠭᠰᠡᠨ ᠬᠠᠰᠢᠶ᠎ᠠ ᠰᠠᠷᠠᠪᠴᠢ᠂ ᠪᠣᠷᠳᠤᠭ᠎ᠠ ᠲᠣᠬᠢᠷᠠᠭᠤᠯᠤᠨ ᠥᠭᠴᠦ᠂ ᠣᠯᠠᠨ ᠭᠡᠭᠡᠯ ᠲᠠᠢ ᠡᠮ᠎ᠡ ᠬᠤᠨᠢ ᠶᠢ ᠡᠷᠡᠭᠦᠯ ᠢᠶᠠᠷ ᠦᠷᠡᠵᠢᠭᠦᠯᠦᠨ ᠪᠣᠶᠢᠵᠢᠭᠤᠯᠬᠤ ᠶᠢ ᠪᠠᠲᠤᠯᠠᠵᠤ ᠪᠤᠢ᠃ ᠬᠠᠰᠢᠶ᠎ᠠ ᠬᠤᠪᠢᠶᠠᠵᠤ ᠬᠠᠮᠢᠶᠠᠷᠬᠤ ᠨᠢ ︽ᠨᠠᠷᠢᠯᠢᠭ ᠲᠡᠵᠢᠭᠡᠬᠦ︾ ᠣᠶᠢᠯᠠᠭᠠᠭᠳᠠᠬᠤᠨ ᠢ ᠲᠡᠵᠢᠭᠡᠨ ᠦᠷᠡᠵᠢᠭᠦᠯᠬᠦ ᠪᠦᠭᠦ ᠶᠠᠪᠤᠴᠠ ᠳᠤ ᠲᠤᠭᠤᠰᠢᠯᠠᠭᠤᠯᠬᠤ ᠪᠣᠳᠠᠲᠠᠢ ᠦᠢᠯᠡᠳᠦᠯᠭᠡ ᠪᠣᠯᠣᠨ᠎ᠠ᠃ ︽ᠬᠦᠷᠢᠶᠡᠯᠡᠩ ᠲᠣᠭᠤᠷᠢᠭ ᠲᠤ ᠭᠤᠣᠯᠳᠠᠭᠤ ᠣᠯᠠᠨ ᠭᠡᠭᠡᠯ ᠲᠠᠢ᠂ ᠥᠰᠦᠯᠲᠡ ᠨᠢ ᠲᠦᠷᠭᠡᠨ ᠬᠤ᠋ ᠶᠠᠩ ᠬᠤᠨᠢ ᠶᠢ ᠲᠡᠵᠢᠭᠡᠨ ᠦᠷᠡᠵᠢᠭᠦᠯᠵᠦ᠂ ︿ᠲᠥᠪ ᠦᠢᠯᠡᠳᠭᠡᠪᠦᠷᠢ﹀ ᠶᠢᠨ ᠭᠡᠯᠪᠡᠷᠢ ᠪᠠᠷ ᠪᠣᠷᠳᠤᠭ᠎ᠠ ᠲᠣᠬᠢᠷᠠᠭᠤᠯᠵᠤ᠂ ᠢᠬᠡᠷ᠎ᠡ ᠭᠡᠭᠡᠯ ᠲᠠᠢ ᠬᠤᠨᠢᠨ ᠤ ᠪᠣᠷᠳᠤᠭ᠎ᠠ ᠨᠢ ᠪᠣᠷᠣ ᠴᠠᠷᠭᠠᠰᠤ ᠬᠥᠬᠡ ᠳᠠᠷᠤᠰᠢ᠂ ᠡᠷᠳᠡᠨᠢ ᠰᠢᠰᠢ ᠶᠢᠨ ᠡᠰᠢ ᠰᠦᠷᠡᠯ ᠵᠢᠴᠢ ᠪᠡᠯᠡᠳᠬᠡᠯ ᠬᠤᠯᠢᠮᠠᠭ ᠮᠠᠲ᠋ᠧᠷᠢᠶᠠᠯ ᠵᠡᠷᠭᠡ ᠶᠢ ᠪᠠᠭᠲᠠᠭᠠᠭᠰᠠᠨ ᠣᠨᠴᠠ ᠦᠢᠯᠡᠳᠦᠭᠰᠡᠨ ᠡᠮ᠎ᠡ ᠬᠤᠨᠢᠨ ᠤ ᠨᠠᠷᠢᠯᠢᠭ ᠪᠣᠷᠳᠤᠭ᠎ᠠ ᠪᠣᠯᠣᠨ᠎ᠠ᠃ ᠭᠡᠭᠡᠯ ᠤᠨ ᠪᠤᠶᠢᠵᠢᠯᠲᠠ ᠶᠢ ᠪᠠᠲᠤᠯᠠᠬᠤ ᠶᠢᠨ ᠬᠠᠮᠲᠤ ᠡᠮ᠎ᠡ ᠬᠤᠨᠢᠨ ᠤ ᠪᠡᠶ᠎ᠡ ᠶᠢᠨ ᠪᠠᠶᠢᠳᠠᠯ ᠤᠨ ᠲᠡᠩᠴᠡᠭᠦᠷᠢ ᠶᠢ ᠪᠠᠲᠤᠯᠠᠨ᠎ᠠ︔ ᠭᠤᠷᠪᠠᠨ ᠭᠡᠭᠡᠯ ᠲᠠᠢ ᠡᠮ᠎ᠡ ᠬᠤᠨᠢ ᠰᠢᠮ᠎ᠡ ᠲᠡᠵᠢᠭᠡᠯ ᠨᠠᠩ ᠶᠡᠭᠡ ᠬᠡᠷᠡᠭᠰᠡᠵᠦ᠂ ᠲᠡᠵᠢᠭᠡᠯ ᠪᠣᠷᠳᠤᠭ᠎ᠠ ᠶᠢ ︿ᠣᠨᠴᠠ ᠦᠢᠯᠡᠳᠦᠭᠰᠡᠨ ᠡᠮ᠎ᠡ ᠬᠤᠨᠢᠨ ᠤ ᠨᠠᠷᠢᠯᠢᠭ ᠪᠣᠷᠳᠤᠭ᠎ᠠ + ᠣᠨᠴᠠ ᠦᠢᠯᠡᠳᠦᠭᠰᠡᠨ ᠡᠮ᠎ᠡ ᠬᠤᠨᠢᠨ ᠤ ᠥᠳᠬᠡᠷᠡᠭᠦᠯᠦᠭᠰᠡᠨ ᠪᠣᠷᠳᠤᠭ᠎ᠠ﹀ ᠶᠢᠨ ᠨᠠᠷᠢᠯᠢᠭ ᠨᠠᠶᠢᠷᠠᠯᠭ᠎ᠠ ᠪᠠᠷ ᠲᠠᠰ ᠳᠡᠪᠰᠢᠭᠦᠯᠵᠦ᠂ ᠤᠭᠤᠷᠠᠭ ᠤᠨ ᠬᠡᠮᠵᠢᠶ᠎ᠡ ᠶᠢ ᠣᠯᠠᠨ ᠭᠡᠭᠡᠯ ᠲᠠᠢ ᠡᠮ᠎ᠡ ᠬᠤᠨᠢᠨ ᠤ ᠬᠡᠷᠡᠭᠴᠡᠭᠡ ᠶᠢ ᠬᠠᠩᠭᠠᠬᠤ ᠶᠢ ᠪᠠᠲᠤᠯᠠᠨ᠎ᠠ︾ ᠭᠡᠵᠦ ᠥᠪᠥᠷ ᠮᠣᠩᠭᠤᠯ ᠤᠨ ᠯᠦ ᠴᠤᠸᠠᠨ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠤᠮᠫᠠᠨᠢ ᠶᠢᠨ ᠦᠢᠯᠡᠳᠪᠦᠷᠢᠯᠡᠯ ᠤᠨ ᠳᠡᠳ᠋ ᠶᠡᠷᠦᠩᠬᠡᠢ ᠳᠠᠭᠠᠭᠠᠮᠠᠯ ᠭᠦᠸᠧ ᠰᠢᠶᠣᠣ ᠺᠠᠢ ᠬᠡᠯᠡᠪᠡ᠃

ᠡᠨᠡ ᠬᠦ 800 ᠮᠦ ᠲᠠᠯᠠᠪᠠᠢ ᠲᠠᠢ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠠᠯᠠᠪᠠᠢ ᠳᠤ ᠣᠶᠤᠨᠴᠢᠯᠠᠭᠰᠠᠨ᠂ ᠠᠮᠢ ᠠᠬᠤᠢ ᠶᠢᠨ ᠲᠡᠵᠢᠭᠡᠨ ᠦᠷᠡᠵᠢᠭᠦᠯᠬᠦ ᠲᠠᠯᠠᠪᠠᠢ ᠭᠠᠵᠠᠷ ᠰᠠᠢ ᠦᠭᠡᠢ ᠬᠠᠷᠠᠭᠳᠠᠨ᠎ᠠ᠃ ᠬᠤᠨᠢᠨ ᠬᠠᠰᠢᠶ᠎ᠠ ᠶᠢᠨ ᠳᠣᠣᠷᠠᠬᠢ ᠠᠦ᠋ᠲ᠋ᠣᠴᠢᠯᠠᠭᠰᠠᠨ ᠬᠤᠷᠭᠤᠯ ᠠᠷᠢᠯᠭᠠᠬᠤ ᠮᠠᠰᠢᠨ ᠡᠳᠦᠷ ᠪᠦᠷᠢ ᠲᠣᠭᠲᠠᠭᠰᠠᠨ ᠴᠠᠭ ᠲᠤ ᠬᠤᠷᠭᠤᠯ ᠢ ᠴᠡᠪᠡᠷᠯᠡᠵᠦ᠂ ᠣᠨᠴᠠᠭᠠᠶ ᠲᠣᠬᠢᠷᠠᠭᠤᠯᠤᠭᠰᠠᠨ ︽ᠲᠤᠰᠠᠯᠠᠬᠤ ᠢᠳᠡᠭᠡᠨ︾ ᠢ ᠲᠤᠰ ᠲᠤᠨᠢ ᠲᠠᠯᠪᠢᠵᠤ ᠬᠠᠭᠠᠰ ᠰᠠᠷ᠎ᠠ ᠶᠢᠨ ᠳᠠᠷᠠᠭᠠᠬᠢ ᠬᠤᠷᠠᠭ᠎ᠠ ᠶᠢᠨ ᠴᠠᠭ ᠲᠤᠬᠠᠢ ᠳᠤᠨᠢ ᠰᠢᠮ᠎ᠡ ᠲᠡᠵᠢᠭᠡᠯ ᠨᠥᠬᠦᠪᠦᠷᠢᠯᠡᠬᠦ ᠶᠢ ᠬᠠᠩᠭᠠᠵᠤ᠂ ᠲᠣᠭᠲᠠᠮᠠᠯ ᠳᠤᠯᠠᠭᠠᠨᠲᠤ ᠤᠰᠤᠨ ᠣᠩᠭᠤᠴᠠ 10 ᠭᠷᠡᠳᠦ᠋ᠰ ᠣᠷᠴᠢᠮ ᠤᠨ ᠪᠦᠯᠢᠶᠡᠨ ᠤᠰᠤ ᠶᠢ 24 ᠴᠠᠭ ᠢᠶᠠᠷ ᠬᠠᠩᠭᠠᠨ᠎ᠠ᠃ ︽ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠣᠳᠣᠬᠠᠨ ᠳᠤ ᠨᠢᠭᠡᠨᠲᠡ 43 ᠪᠠᠷᠢᠮᠵᠢᠶᠠᠵᠢᠭᠰᠠᠨ ᠬᠠᠰᠢᠶ᠎ᠠ ᠰᠠᠷᠠᠪᠴᠢ᠂ 3.5 ᠲᠦᠮᠡᠨ ᠬᠤᠨᠢ ᠲᠡᠵᠢᠭᠡᠨ ᠦᠷᠡᠵᠢᠭᠦᠯᠵᠦ ᠪᠤᠢ᠃ ᠲᠥᠷᠥᠯ ᠵᠦᠢᠯ ᠤᠨ ᠲᠥᠬᠦᠷᠵᠢᠭᠦᠯᠦᠭᠰᠡᠨ ᠨᠢᠲᠤᠯᠵᠤ ᠨᠠᠷᠢᠯᠢᠭ ᠡᠳ᠋ᠰᠢᠭᠦᠯᠬᠦ ᠲᠥᠷᠥᠯ ᠵᠦᠢᠯ ᠤᠨ ᠪᠠᠷᠢᠯᠭ᠎ᠠ ᠶᠢᠨ ᠲᠠᠯᠠᠪᠠᠶ 2.4 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠳᠤ 100 ᠲᠦᠮᠡᠨ ᠮᠢᠬᠠᠨ ᠤ ᠬᠤᠨᠢ ᠨᠢᠲᠤᠯᠵᠤ᠂ 2 ᠲᠦᠮᠡᠨ ᠲᠣᠨ ᠰᠢᠨ᠎ᠡ ᠰᠣᠷᠭᠤᠭ ᠬᠤᠨᠢᠨ ᠮᠢᠬ᠎ᠠ ᠦᠢᠯᠡᠳᠪᠦᠷᠢᠯᠡᠵᠦ ᠲᠡᠶᠢᠯᠦᠨ᠎ᠡ︾ ᠭᠡᠵᠦ ᠦᠴᠦᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠣᠪᠴᠢᠶᠠᠨ ᠤ ᠮᠠᠯ ᠠᠵᠤ ᠠᠬᠤᠢ ᠮᠠᠯ ᠡᠮᠨᠡᠯᠭᠡ ᠶᠢᠨ ᠲᠠᠰᠤᠭ ᠤᠨ ᠳᠠᠷᠤᠭ᠎ᠠ ᠵᠠᠩ ᠮᠧᠢ ᠴᠢᠨ ᠬᠡᠯᠡᠪᠡ᠃
ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠲᠠᠯ᠎ᠠ ᠨᠤᠲᠤᠭ ᠪᠣᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠷᠢᠯᠳᠦᠭᠦᠨ ᠬᠡᠰᠡᠭ ᠪᠤᠯᠬᠤ ᠪᠥᠭᠡᠳ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠡᠯᠪᠡᠭ ᠪᠠᠶᠠᠯᠢᠭ ᠦᠢᠯᠡᠳᠪᠦᠷᠢᠯᠡᠯ ᠤᠨ ᠬᠡᠷᠡᠭᠰᠡᠯ ᠬᠠᠩᠭᠠᠭᠰᠠᠨ ᠪᠠᠶᠢᠨ᠎ᠠ᠃ ᠥᠷᠭᠡᠨ ᠠᠭᠤᠳᠠᠮ ᠲᠠᠯ᠎ᠠ ᠨᠤᠲᠤᠭ ᠮᠠᠨ ᠤ ᠣᠷᠣᠨ ᠤ ᠦᠬᠡᠷ ᠤᠨ ᠮᠢᠬ᠎ᠠ᠂ ᠬᠤᠨᠢᠨ ᠮᠢᠬ᠎ᠠ᠂ ᠦᠨᠢᠶᠡᠨ ᠰᠦ᠂ ᠢᠮᠠᠭᠠᠨ ᠨᠣᠣᠯᠣᠭᠤᠷ ᠤᠨ ᠭᠠᠷᠤᠯᠲᠠ ᠵᠡᠷᠭᠡ 4 ᠵᠦᠢᠯ ᠪᠦᠭᠦ ᠤᠯᠤᠰ ᠲᠤ ᠲᠡᠷᠢᠭᠦᠯᠡᠬᠦ ᠳᠤ ᠬᠦᠴᠦᠨ ᠨᠡᠮᠡᠷᠢᠯᠡᠵᠦ᠂ ᠰᠦ ᠮᠢᠬ᠎ᠠ ᠲᠥᠮᠥᠰᠥ ᠨᠣᠣᠯᠣᠭᠤᠷ ᠵᠡᠷᠭᠡ 7 ᠵᠦᠢᠯ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ 7000 ᠳ᠋ᠦᠩᠰᠢᠭᠤᠷ ᠲᠥᠭᠦᠷᠢᠭ ᠢ ᠳᠠᠪᠠᠵᠤ᠂ ᠬᠡᠳᠦᠨ ᠵᠠᠭᠤᠨ ᠲᠦᠮᠡᠨ ᠮᠠᠯᠴᠢᠳ ᠤᠨ ᠠᠵᠤ ᠠᠮᠢᠳᠤᠷᠠᠯ ᠢ ᠪᠠᠲᠤᠯᠠᠪᠠ᠃
ᠣᠶᠢᠷ᠎ᠠ ᠶᠢᠨ ᠵᠢᠯ ᠤᠨ ᠲᠤᠷᠰᠢ ᠥᠪᠥᠷ ᠮᠣᠩᠭᠤᠯ ᠬᠠᠰᠢᠶᠠᠯᠠᠨ ᠲᠡᠵᠢᠭᠡᠬᠦ ᠶᠢ ᠬᠥᠭᠵᠢᠭᠦᠯᠬᠦ ᠲᠠᠢ ᠤᠶᠠᠯᠳᠤᠭᠤᠯᠤᠨ᠂ ᠠᠮᠢᠳᠤᠷᠠᠯ ᠦᠢᠯᠡᠳᠪᠦᠷᠢᠯᠡᠯ ᠢ ᠰᠠᠯᠭᠠᠬᠤ᠂ ᠲᠥᠪᠯᠡᠷᠡᠭᠦᠯᠦᠨ ᠪᠦᠲᠦᠭᠡᠨ ᠪᠠᠶᠢᠭᠤᠯᠬᠤ᠂ ᠣᠶᠤᠨᠴᠢ ᠪᠠᠷ ᠲᠡᠵᠢᠭᠡᠨ ᠦᠷᠡᠵᠢᠭᠦᠯᠬᠦ ᠵᠠᠷᠴᠢᠮ ᠶᠣᠰᠣᠭᠠᠷ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ᠂ ᠲᠡᠵᠢᠭᠡᠯ ᠡᠪᠡᠰᠦ ᠪᠣᠷᠳᠤᠭ᠎ᠠ ᠶᠢ ᠬᠤᠷᠢᠶᠠᠵᠤ ᠨᠥᠭᠡᠴᠡᠯᠡᠨ ᠡᠳ᠋ᠰᠢᠭᠦᠯᠬᠦ᠂ ᠨᠠᠷᠢᠯᠢᠭ ᠣᠨᠣᠴᠠᠲᠠᠢ ᠪᠠᠷ ᠲᠡᠵᠢᠭᠡᠨ ᠠᠷᠠᠴᠢᠯᠠᠬᠤ᠂ ᠣᠷᠴᠢᠨ ᠲᠣᠭᠤᠷᠢᠨ ᠢ ᠡᠵᠡᠮᠳᠡᠬᠦ ᠪᠠ ᠢᠯᠭᠠᠳᠠᠰᠤ ᠶᠢ ᠰᠢᠢᠳᠪᠦᠷᠢᠯᠡᠬᠦ ᠵᠡᠷᠭᠡ ᠭᠤᠭᠴᠤᠭ᠎ᠠ ᠶᠢᠨ ᠲᠥᠬᠦᠭᠡᠷᠦᠮᠵᠢ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠡᠷᠴᠢᠮᠵᠢᠭᠦᠯᠦᠨ ᠲᠡᠵᠢᠭᠡᠨ ᠦᠷᠡᠵᠢᠭᠦᠯᠬᠦ ᠬᠤᠷᠠᠮᠠᠯ ᠮᠡᠷᠭᠡᠵᠢᠯ ᠤᠨ ᠵᠠᠭᠪᠤᠷ ᠢ ᠳᠡᠯᠭᠡᠷᠡᠭᠦᠯᠦᠨ᠂ ᠨᠢᠭᠡ ᠪᠦᠯᠦᠭ ᠥᠨᠳᠥᠷ ᠪᠠᠷᠢᠮᠵᠢᠶᠠᠲᠤ ᠫᠧᠩ ᠬᠤᠷᠤᠭ᠎ᠠ ᠪᠠ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠪᠠ᠃

︽2024 ᠣᠨ ᠳᠤ ᠮᠠᠨ ᠤ ᠣᠷᠣᠨ 17 ᠬᠤᠰᠢᠭᠤ ᠰᠢᠶᠠᠨ ᠳᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯᠯᠠᠭ᠎ᠠ ᠥᠷᠨᠢᠭᠦᠯᠵᠦ᠂ 2025 ᠣᠨ ᠳᠤ ᠲᠣᠰ ᠠᠵᠢᠯ ᠢ ᠪᠦᠭᠦ ᠲᠠᠯ᠎ᠠ ᠪᠠᠷ ᠥᠷᠨᠢᠭᠦᠯᠵᠦ ᠡᠬᠢᠯᠡᠪᠡ᠃ ᠪᠦᠭᠦ ᠣᠷᠣᠨ ᠤ ᠡᠯ᠎ᠡ ᠭᠠᠵᠠᠷ ᠤᠨ ᠬᠢᠨ ᠲᠤᠬᠠᠢ ᠶᠢᠨ ᠭᠠᠵᠠᠷ ᠤᠨ ᠡᠬᠢ ᠪᠠᠶᠠᠯᠢᠭ ᠤᠨ ᠨᠥᠬᠦᠴᠡᠯ ᠪᠣᠯᠣᠨ ᠠᠵᠤ ᠦᠢᠯᠡᠰ ᠤᠨ ᠰᠠᠭᠤᠷᠢ ᠨᠥᠬᠦᠴᠡᠯ ᠳᠡᠭᠡᠨ ᠰᠠᠭᠤᠷᠢᠯᠠᠨ ᠲᠤᠰ ᠲᠤᠰ ᠤᠨ ᠣᠨᠴᠠᠯᠢᠭ ᠪᠦᠬᠦᠢ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠬᠡᠪ ᠵᠠᠭᠪᠤᠷ ᠢ ᠬᠠᠶᠢᠨ ᠰᠦᠪᠡᠭᠴᠢᠯᠡᠵᠦ ᠪᠠᠶᠢᠨ᠎ᠠ᠃ ᠮᠠᠯᠵᠢᠬᠤ ᠣᠷᠣᠨ ᠢᠶᠠᠷ ᠭᠤᠣᠯ ᠪᠤᠯᠭᠠᠬᠰᠠᠨ ᠭᠠᠵᠠᠷ ᠣᠷᠣᠨ ᠳᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ ᠶᠢ ᠭᠡᠷᠡᠭᠵᠢᠭᠦᠯᠪᠡ︔ ᠮᠠᠯ ᠠᠵᠤ ᠠᠬᠤᠢ ᠲᠠᠷᠢᠶᠠᠯᠠᠩ ᠰᠣᠯᠪᠢᠴᠠᠭᠰᠠᠨ ᠪᠦᠰᠡ ᠪᠠᠷ ᠭᠤᠣᠯ ᠪᠤᠯᠭᠠᠬᠰᠠᠨ ᠭᠠᠵᠠᠷ ᠣᠷᠣᠨ ᠳᠤ ︿ᠮᠠᠯᠵᠢᠬᠤ ᠣᠷᠣᠨ ᠦᠷᠡᠵᠢᠭᠦᠯᠦᠨ ᠪᠣᠶᠢᠵᠢᠭᠤᠯᠵᠤ ᠲᠠᠷᠢᠶᠠᠯᠠᠬᠤ ᠣᠷᠣᠨ ᠲᠡᠵᠢᠭᠡᠨ ᠪᠣᠷᠳᠣᠬᠤ﹀ ᠪᠠ ︿ᠡᠷᠦᠭᠡ ᠦᠷᠡᠵᠢᠭᠦᠯᠦᠨ ᠪᠣᠶᠢᠵᠢᠭᠤᠯᠬᠤ ᠠᠵᠤ ᠠᠬᠤᠶᠢᠯᠠᠯ ᠲᠡᠵᠢᠭᠡᠨ ᠪᠣᠷᠳᠣᠬᠤ﹀ ᠶᠢ ᠭᠡᠷᠡᠭᠵᠢᠭᠦᠯᠪᠡ︔ ᠲᠠᠷᠢᠶᠠᠯᠠᠬᠤ ᠣᠷᠣᠨ ᠢᠶᠠᠷ ᠭᠤᠣᠯ ᠪᠤᠯᠭᠠᠬᠰᠠᠨ ᠭᠠᠵᠠᠷ ᠣᠷᠣᠨ ᠳᠤ ᠬᠥᠬᠡ ᠳᠠᠷᠤᠰᠢ ᠶᠢᠨ ᠡᠷᠳᠡᠨᠢ ᠰᠢᠰᠢ ᠪᠠ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠬᠤ ᠶᠢ ᠬᠥᠭᠵᠢᠭᠦᠯᠵᠦ᠂ ᠪᠠᠷᠢᠮᠵᠢᠶᠠᠵᠢᠭᠤᠯᠤᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠶᠢ ᠬᠡᠷᠡᠭᠵᠢᠭᠦᠯᠪᠡ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ ᠬᠤᠩ ᠬᠠᠢ ᠬᠡᠯᠡᠪᠡ᠃
ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠭᠦ ᠪᠠ ᠵᠠᠭᠪᠤᠷ ᠤᠨ ᠰᠢᠨ᠎ᠡ ᠶᠢ ᠡᠭᠦᠳᠬᠦ ᠬᠤᠣᠰ ᠴᠢᠭᠯᠡᠯᠲᠦ ᠴᠢᠷᠮᠠᠶᠢᠯᠭ᠎ᠠ ᠳᠣᠣᠷ᠎ᠠ ᠬᠠᠭᠤᠯᠪᠤᠷᠢᠯᠠᠵᠤ ᠪᠤᠯᠬᠤ᠂ ᠳᠡᠯᠭᠡᠷᠡᠭᠦᠯᠵᠦ ᠪᠤᠯᠬᠤ ᠨᠢᠭᠡ ᠪᠦᠯᠦᠭ ᠰᠢᠨ᠎ᠡ ᠭᠡᠯᠪᠡᠷᠢ ᠶᠢᠨ ᠲᠡᠵᠢᠭᠡᠨ ᠦᠷᠡᠵᠢᠭᠦᠯᠬᠦ ᠵᠠᠭᠪᠤᠷ ᠴᠣᠯᠭᠤᠷᠠᠨ ᠭᠠᠷᠴᠤ᠂ ᠭᠡᠯᠪᠡᠷᠢ ᠪᠠᠨ ᠬᠤᠪᠢᠷᠠᠭᠤᠯᠤᠭᠰᠠᠨ ᠨᠠᠩ ᠣᠯᠠᠨ ᠥᠯᠢᠭᠡᠷ ᠶᠠᠭ ᠪᠦᠭᠦ ᠣᠷᠣᠨ ᠤ ᠡᠯ᠎ᠡ ᠭᠠᠵᠠᠷ ᠲᠤ ᠢᠯᠡᠷᠡᠵᠦ ᠪᠠᠶᠢᠨ᠎ᠠ᠃ ᠤᠯᠠᠭᠠᠨᠬᠠᠳᠠ ᠬᠤᠲᠠ ᠵᠣᠣ ᠤᠳᠠ ᠶᠢᠨ ᠮᠢᠬᠠᠨ ᠤ ᠬᠤᠨᠢ᠂ ᠬᠠᠨ ᠠᠭᠤᠯᠠ ᠶᠢᠨ ᠴᠠᠭᠠᠨ ᠨᠣᠣᠯᠣᠭᠤᠷᠲᠤ ᠢᠮᠠᠭ᠎ᠠ ᠵᠡᠷᠭᠡ ᠰᠢᠯᠢᠳᠡᠭ ᠡᠭᠦᠯᠳᠡᠷ ᠤᠨ ᠮᠠᠯ ᠢ ᠭᠤᠣᠯᠳᠠᠯᠭ᠎ᠠ ᠲᠠᠢ ᠲᠠᠨᠢᠯᠴᠠᠭᠤᠯᠬᠤ ᠡᠭᠦᠯᠳᠡᠷ ᠪᠤᠯᠭᠠᠵᠤ᠂ ᠰᠠᠭᠤᠷᠢ ᠡᠬᠡ ᠮᠠᠯ ᠤᠨ ᠰᠦᠷᠦᠭ ᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠭᠦ᠂ ᠮᠢᠬᠠᠨ ᠤ ᠦᠬᠡᠷ ᠤᠨ ᠡᠭᠦᠯᠳᠡᠷ ᠢ ᠰᠠᠶᠢᠵᠢᠷᠠᠭᠤᠯᠬᠤ᠂ ᠮᠢᠬᠠᠨ ᠤ ᠬᠤᠨᠢᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠵᠡᠷᠭᠡ ᠲᠥᠷᠥᠯ ᠵᠦᠢᠯ ᠤᠨ ᠳᠡᠮᠵᠢᠯᠭᠡ ᠶᠢ ᠴᠢᠷᠮᠠᠶᠢᠨ ᠣᠯᠵᠤ᠂ ᠰᠢᠯᠢᠳᠡᠭ ᠡᠭᠦᠯᠳᠡᠷ ᠤᠨ ᠮᠢᠬᠠᠨ ᠤ ᠬᠤᠨᠢᠨ ᠤ ᠴᠡᠪᠡᠷ ᠡᠭᠦᠯᠳᠡᠷ ᠢ ᠥᠷᠭᠡᠳᠬᠡᠨ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠦᠨ᠂ ᠮᠠᠯ ᠰᠦᠷᠦᠭ ᠤᠨ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ᠂ ᠮᠢᠬᠠᠨ ᠤ ᠦᠬᠡᠷ ᠮᠢᠬᠠᠨ ᠤ ᠬᠤᠨᠢᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ ᠪᠠᠶᠢᠨ᠎ᠠ᠃
ᠪᠠᠶᠠᠨᠨᠠᠭᠤᠷ ᠬᠤᠲᠠ ᠶᠢᠨ ︽ᠬᠦᠢᠲᠡᠨ ᠤᠯᠠᠷᠢᠯ ᠳᠤ ᠣᠨᠳᠣᠣ ᠭᠠᠵᠠᠷ ᠲᠤ ᠲᠡᠵᠢᠭᠡᠨ ᠦᠷᠡᠵᠢᠭᠦᠯᠬᠦ ᠵᠠᠭᠪᠤᠷ︾ ᠨᠢ ᠮᠠᠯᠵᠢᠬᠤ ᠣᠷᠣᠨ ᠤ ᠮᠠᠯ ᠲᠡᠵᠢᠭᠡᠪᠦᠷᠢ ᠶᠢᠨ ᠡᠪᠦᠯ ᠬᠠᠪᠤᠷ ᠡᠪᠡᠰᠦ ᠪᠣᠷᠳᠤᠭ᠎ᠠ ᠳᠤᠲᠠᠭᠳᠠᠬᠤ ᠠᠰᠠᠭᠤᠳᠠᠯ ᠢ ᠰᠢᠢᠳᠪᠦᠷᠢᠯᠡᠬᠦ ︽ᠠᠯᠲᠠᠨ ᠲᠦᠯᠬᠢᠭᠦᠷ︾ ᠪᠣᠯᠵᠠᠢ᠃ ᠲᠤᠰ ᠵᠠᠭᠪᠤᠷ ᠨᠢ ᠮᠠᠯᠵᠢᠬᠤ ᠣᠷᠣᠨ ᠪᠣᠯᠣᠨ ᠲᠠᠷᠢᠶᠠᠯᠠᠬᠤ ᠣᠷᠣᠨ ᠢ ᠵᠣᠯᠭᠠᠭᠤᠯᠬᠤ ᠪᠠᠷ ᠰᠠᠭᠤᠷᠢ ᠪᠤᠯᠭᠠᠵᠤ᠂ ᠭᠠᠴᠠᠭ᠎ᠠ ᠠᠴᠠ ᠠᠶᠢᠯ ᠲᠣᠰᠬᠤᠨ ᠳᠤ᠂ ᠮᠠᠯᠴᠢᠨ ᠡᠷᠦᠭᠡ ᠠᠴᠠ ᠲᠠᠷᠢᠶᠠᠴᠢᠨ ᠡᠷᠦᠭᠡ ᠳᠤ ᠬᠠᠮᠲᠤᠷᠠᠯᠴᠠᠭ᠎ᠠ ᠬᠢᠵᠦ ᠬᠠᠷᠢᠯᠴᠠᠨ ᠨᠥᠬᠦᠪᠦᠷᠢᠯᠡᠬᠦ ᠠᠷᠭ᠎ᠠ ᠭᠡᠯᠪᠡᠷᠢ ᠪᠠᠷ ᠮᠠᠯᠵᠢᠬᠤ ᠣᠷᠣᠨ ᠤ ᠮᠠᠯ ᠤᠨ ᠡᠪᠦᠯ ᠬᠠᠪᠤᠷ ᠤᠨ ᠡᠪᠡᠰᠦ ᠪᠣᠷᠳᠤᠭ᠎ᠠ ᠳᠤᠲᠠᠭᠳᠠᠬᠤ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠲᠠᠷᠢᠶᠠᠯᠠᠬᠤ ᠣᠷᠣᠨ ᠤ ᠡᠰᠢ ᠰᠦᠷᠡᠯ ᠵᠡᠷᠭᠡ ᠡᠬᠢ ᠪᠠᠶᠠᠯᠢᠭ ᠢ ᠪᠦᠲᠦᠮᠵᠢᠲᠡᠶ ᠠᠰᠢᠭᠯᠠᠵᠠᠢ᠃
ᠮᠠᠨ ᠤ ᠣᠷᠣᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠡᠯᠴᠢᠭᠡᠷ ᠢᠶᠠᠷ ᠮᠠᠯ ᠢᠶᠠᠨ ᠲᠣᠭᠲᠠᠭᠠᠬᠤ ᠶᠢ ᠪᠠᠷᠢᠮᠲᠠᠯᠠᠵᠤ᠂ ᠮᠠᠯᠵᠢᠬᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠭᠡᠯᠪᠡᠷᠢ ᠶᠢ ᠲᠦᠷᠭᠡᠳᠬᠡᠨ ᠬᠤᠪᠢᠷᠠᠭᠤᠯᠵᠤ᠂ ᠠᠮᠢ ᠠᠬᠤᠢ ᠶᠢ ᠬᠠᠮᠠᠭᠠᠯᠠᠬᠤ᠂ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠮᠠᠯ ᠠᠵᠤ ᠠᠬᠤᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠠᠢ᠃
ᠠᠵᠤ ᠦᠢᠯᠡᠰ ᠤᠨ ᠠᠭᠤᠰᠤᠯᠴᠠᠯ ᠤᠨ ᠠᠬᠤᠢ ᠪᠠᠶᠢᠳᠠᠯ ᠳᠠᠬᠢ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠦᠢᠯᠡᠳᠦᠯᠭᠡ
ᠪᠠᠶᠠᠨᠨᠠᠭᠤᠷ ᠬᠤᠲᠠ ᠳᠤ ᠪᠠᠶᠢᠷᠢᠯᠠᠵᠤ ᠪᠠᠶᠢᠭ᠎ᠠ ᠥᠪᠥᠷ ᠮᠣᠩᠭᠤᠯ ᠤᠨ ᠹᠦ᠋ ᠵᠢᠶᠠᠨ ᠶᠤᠸᠠᠨ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠦᠢᠯᠡᠳᠪᠦᠷᠢ ᠶᠢᠨ ᠲᠠᠰᠤᠭ ᠲᠤ ᠬᠤᠨᠢᠨ ᠰᠡᠭᠦᠯ ᠤᠨ ᠲᠣᠰᠣ ᠶᠢ ᠬᠤᠨᠢᠨ ᠰᠡᠭᠦᠯ ᠤᠨ ᠲᠣᠰᠣᠨ ᠤ ᠰᠠᠪᠤᠩ᠂ ᠰᠢᠮ᠎ᠡ ᠲᠡᠵᠢᠭᠡᠯᠲᠦ ᠨᠢᠭᠤᠷ ᠤᠨ ᠲᠣᠰᠣ ᠵᠡᠷᠭᠡ ᠡᠳᠦᠷ ᠲᠤᠲᠤᠮ ᠤᠨ ᠠᠮᠢᠳᠤᠷᠠᠯ ᠤᠨ ᠬᠡᠷᠡᠭᠯᠡᠭᠡᠨ ᠤ ᠦᠢᠯᠡᠳᠬᠦᠨ ᠪᠣᠯᠭᠠᠨ ᠬᠤᠪᠢᠷᠠᠭᠤᠯᠵᠤ ᠪᠤᠢ᠃ ᠡᠲᠡᠭᠡᠷ ᠦᠢᠯᠡᠳᠬᠦᠨ ᠨᠢ ᠳᠤᠮᠳᠠ ᠬᠤᠭᠤᠴᠠᠭᠠᠨ ᠤ ᠲᠤᠷᠰᠢᠨ ᠭᠡᠷᠡᠴᠢᠯᠡᠬᠦ ᠱᠠᠲᠤᠨ ᠳᠤ ᠪᠠᠶᠢᠵᠤ᠂ ᠨᠢᠭᠡᠨᠲᠡ ᠪᠠᠭ᠎ᠠ ᠬᠡᠮᠵᠢᠶᠡᠨ ᠤ ᠵᠠᠬᠢᠶᠠᠯᠠᠭ᠎ᠠ ᠪᠠᠷ ᠪᠠᠷᠠᠭ᠎ᠠ ᠪᠠᠨ ᠵᠠᠬ᠎ᠠ ᠳᠡᠯᠭᠡᠭᠦᠷ ᠲᠤ ᠭᠠᠷᠭᠠᠵᠤ ᠪᠤᠢ᠃
︽ᠮᠠᠨ ᠤ ᠺᠤᠮᠫᠠᠨᠢ ᠪᠣᠯᠣᠨ ᠵᠢᠶᠠᠩᠨᠠᠨ ᠶᠡᠭᠡ ᠰᠤᠷᠭᠠᠭᠤᠯᠢ ᠶᠢᠨ ᠢᠳᠡᠭᠡᠨ ᠤ ᠳᠡᠭᠡᠳᠦ ᠰᠤᠷᠭᠠᠭᠤᠯᠢ ᠬᠠᠮᠲᠤ ᠪᠠᠷ ᠢᠳᠡᠰᠢᠨ ᠲᠣᠰᠣ ︵ᠬᠤᠨᠢᠨ ᠲᠣᠰᠣ︶ ᠶᠢ ᠲᠣᠭᠲᠠᠪᠤᠷᠢᠵᠢᠭᠤᠯᠬᠤ ᠪᠠ ᠥᠨᠳᠥᠷ ᠪᠦᠲᠦᠮᠵᠢᠲᠡᠶ ᠠᠰᠢᠭᠯᠠᠬᠤ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠵᠡᠢ᠃ ᠪᠢᠳᠡ ᠲᠣᠰ ᠮᠡᠷᠭᠡᠵᠢᠯ ᠢ ᠠᠰᠢᠭᠯᠠᠨ ᠬᠤᠨᠢᠨ ᠰᠡᠭᠦᠯ ᠤᠨ ᠲᠣᠰᠣ ᠶᠢ ᠦᠨᠦᠷ ᠥᠩᠭᠡ ᠦᠭᠡᠶᠢᠳᠡᠭᠦᠯᠬᠦ ᠪᠠ ᠠᠰᠢᠭᠲᠤ ᠪᠦᠷᠢᠯᠳᠦᠭᠦᠨ ᠢ ᠭᠠᠷᠭᠠᠨ ᠠᠪᠴᠤ᠂ ᠬᠤᠨᠢᠨ ᠰᠡᠭᠦᠯ ᠤᠨ ᠨᠢᠭᠤᠷ ᠤᠨ ᠲᠣᠰᠣ᠂ ᠭᠠᠷ ᠤᠨ ᠲᠣᠰᠣ ᠵᠡᠷᠭᠡ ᠭᠤᠶᠣᠯᠠᠯ ᠤᠨ ᠡᠳ᠋ ᠢ ᠰᠤᠳᠤᠯᠤᠨ ᠦᠢᠯᠡᠳᠴᠡᠢ᠃ 1 ᠬᠤᠨᠢᠨ ᠤ ᠰᠡᠭᠦᠯ ᠤᠨ ᠬᠦᠨᠳᠦ ᠨᠢ 3 ᠵᠢᠩ ᠣᠷᠴᠢᠮ᠂ ᠥᠪᠡᠷ ᠤᠨ ᠥᠷᠲᠡᠭ ᠨᠢ ᠪᠠᠷᠤᠭ 18 ᠲᠥᠭᠦᠷᠢᠭ ᠬᠦᠷᠴᠦ ᠪᠠᠶᠢᠨ᠎ᠠ᠃ ᠣᠲᠣ ᠭᠤᠶᠣᠯᠠᠯ ᠤᠨ ᠡᠳ᠋ ᠤᠨ ᠰᠢᠷᠢᠰ ᠪᠦᠲᠦᠭᠡᠭᠳᠡᠬᠦᠨ ᠪᠣᠯᠭᠠᠨ ᠪᠤᠯᠪᠠᠰᠤᠷᠠᠭᠤᠯᠵᠤ᠂ ᠦᠢᠯᠡᠳᠬᠦᠨ ᠤ ᠥᠷᠲᠡᠭ ᠢ 1500 ᠲᠥᠭᠦᠷᠢᠭ ᠪᠣᠯᠭᠠᠨ ᠳᠡᠭᠡᠭᠰᠢᠯᠡᠭᠦᠯᠵᠦ᠂ 1 ᠬᠤᠨᠢᠨ ᠰᠡᠭᠦᠯ ᠢᠶᠠᠷ 1 ᠬᠤᠨᠢᠨ ᠤ ᠦᠢᠯᠡᠳᠬᠦᠨ ᠤ ᠥᠷᠲᠡᠭ ᠢ ᠪᠦᠲᠦᠭᠡᠭᠰᠡᠨ ᠲᠠᠢ ᠲᠡᠩᠴᠡᠨ᠎ᠡ︾ ᠭᠡᠵᠦ ᠥᠪᠥᠷ ᠮᠣᠩᠭᠤᠯ ᠤᠨ ᠹᠦ᠋ ᠵᠢᠶᠠᠨ ᠶᠤᠸᠠᠨ ᠢᠳᠡᠭᠡᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠵᠠᠬᠢᠷᠤᠭᠴᠢ ᠮᠠ ᠺᠠᠢ ᠰᠢᠨ ᠬᠡᠯᠡᠪᠡ᠃
ᠦᠢᠯᠡᠳᠪᠦᠷᠢᠯᠡᠯ ᠤᠨ ᠱᠤᠭᠤᠮ ᠳᠠᠬᠢ ᠬᠤᠨᠢᠨ ᠰᠡᠭᠦᠯ ᠤᠨ ᠲᠣᠰᠣᠨ ᠤ ᠰᠠᠪᠤᠩ ᠨᠢ ᠮᠠᠨ ᠤ ᠣᠷᠣᠨ ᠤ ᠮᠠᠯ ᠠᠵᠤ ᠠᠬᠤᠢ ᠶᠢᠨ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠦᠷᠢᠯᠡᠬᠦ ᠲᠠᠰ ᠳᠡᠪᠰᠢᠭᠦᠯᠬᠦ ᠠᠷᠭ᠎ᠠ ᠵᠠᠮ ᠢ ᠲᠤᠰᠬᠠᠵᠤ ᠪᠤᠢ᠃ ᠣᠶᠢᠷ᠎ᠠ ᠶᠢᠨ ᠵᠢᠯ ᠤᠨ ᠲᠤᠷᠰᠢ ᠮᠠᠨ ᠤ ᠣᠷᠣᠨ ᠲᠠᠯ᠎ᠠ ᠨᠤᠲᠤᠭ ᠤᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠲᠤ ᠦᠷᠭᠦᠯᠵᠢᠯᠡᠨ ᠬᠦᠴᠦᠯᠡᠵᠦ᠂ ᠥᠪᠡᠷ ᠤᠨ ᠪᠠᠶᠢᠭ᠎ᠠ ᠰᠦ ᠶᠢᠨ ᠢᠷᠡᠯᠲᠡ᠂ ᠦᠬᠡᠷ ᠤᠨ ᠢᠷᠡᠯᠲᠡ᠂ ᠬᠤᠨᠢᠨ ᠤ ᠢᠷᠡᠯᠲᠡ ᠳᠡᠭᠡᠨ ᠲᠦᠰᠢᠭᠯᠡᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠤᠯᠪᠠᠰᠤᠷᠠᠭᠤᠯᠵᠦ᠂ ᠦᠬᠡᠷ ᠬᠤᠨᠢᠨ ᠤ ᠠᠰᠢᠭ ᠰᠢᠮ᠎ᠡ ᠶᠢ ᠭᠡᠩᠭᠦᠳᠡᠭ ᠠᠴᠠ ᠨᠠᠷᠢᠯᠢᠭᠵᠢᠭᠤᠯᠬᠤ ᠴᠢᠭᠯᠡᠯ ᠲᠡᠶᠢᠰᠢ ᠬᠥᠭᠵᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠱᠤᠭᠤᠮ ᠪᠠ ᠪᠣᠷᠤᠯᠠᠭᠤᠯᠭ᠎ᠠ ᠶᠢᠨ ᠱᠤᠭᠤᠮ ᠢ ᠪᠠᠶᠠᠯᠢᠭᠵᠢᠭᠤᠯᠤᠨ᠂ ᠠᠷᠠᠰᠤ ᠨᠣᠣᠰᠣ ᠶᠠᠰᠤ ᠴᠢᠰᠤ ᠵᠡᠷᠭᠡ ᠲᠤᠰᠠᠯᠠᠬᠤ ᠪᠦᠲᠦᠭᠡᠭᠳᠡᠬᠦᠨ ᠢ ᠶᠡᠷᠦᠩᠬᠡᠶᠢᠯᠡᠨ ᠡᠳ᠋ᠰᠢᠭᠦᠯᠦᠨ ᠠᠰᠢᠭᠯᠠᠬᠤ ᠶᠢ ᠴᠢᠩᠭᠠᠳᠬᠠᠵᠤ᠂ ᠣᠷᠣᠨ ᠪᠦᠰᠡ ᠶᠢᠨ ᠡᠬᠢ ᠪᠠᠶᠠᠯᠢᠭ ᠤᠨ ᠳᠠᠪᠠᠭᠤᠯᠢᠭ ᠢ ᠲᠥᠷᠥᠯ ᠲᠡᠮᠳᠡᠭ ᠤᠨ ᠳᠠᠪᠠᠭᠤᠯᠢᠭ ᠪᠠ ᠠᠵᠤ ᠠᠬᠤᠢ ᠶᠢᠨ ᠳᠠᠪᠠᠭᠤᠯᠢᠭ ᠪᠣᠯᠭᠠᠨ ᠲᠠᠰᠤᠷᠠᠯᠲᠠ ᠦᠭᠡᠢ ᠬᠤᠪᠢᠷᠠᠭᠤᠯᠵᠠᠢ᠃
ᠠᠵᠤ ᠦᠢᠯᠡᠰ ᠤᠨ ᠠᠭᠤᠰᠤᠯᠴᠠᠯ ᠤᠨ ᠠᠬᠤᠢ ᠪᠠᠶᠢᠳᠠᠯ ᠳᠤ ᠭᠦᠳᠡᠯᠮᠦᠷᠢ ᠬᠦᠴᠦ᠂ ᠭᠠᠵᠠᠷ ᠰᠢᠷᠣᠢ᠂ ᠣᠷᠴᠢᠨ ᠲᠣᠭᠤᠷᠢᠨ ᠪᠣᠯᠣᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠯᠠᠨ ᠡᠰᠢᠵᠢᠭᠰᠡᠨ ᠮᠠᠯ ᠠᠵᠤ ᠠᠬᠤᠢ ᠲᠠᠷᠢᠶᠠᠯᠠᠩ ᠤᠨ ᠣᠨᠴᠠᠯᠢᠭᠲᠤ ᠠᠵᠤ ᠦᠢᠯᠡᠰ ᠢ ᠢᠳᠡᠪᠬᠢᠲᠡᠢ ᠬᠥᠭᠵᠢᠭᠦᠯᠬᠦ ᠨᠢ ᠥᠪᠥᠷ ᠮᠣᠩᠭᠤᠯ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠬᠠᠮᠲᠤ ᠶᠢᠨ ᠲᠠᠨᠢᠯᠲᠠ ᠪᠣᠯᠵᠠᠢ᠃
2024 ᠣᠨ ᠳᠤ ᠮᠠᠨ ᠤ ᠣᠷᠣᠨ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠬᠤᠰᠢᠭᠤ ᠰᠢᠶᠠᠨ ᠳᠤ 10 ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ᠂ 10 ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠢ ᠰᠢᠨ᠎ᠡ ᠪᠠᠷ ᠪᠠᠶᠢᠭᠤᠯᠬᠤ ᠶᠢ ᠠᠬᠢᠭᠤᠯᠵᠤ᠂ 220 ᠮᠢᠬ᠎ᠠ ᠰᠦ ᠡᠳ᠋ᠰᠢᠭᠦᠯᠬᠦ ᠵᠢᠵᠢᠭ ᠦᠢᠯᠡᠳᠬᠡᠯ ᠤᠨ ᠭᠠᠵᠠᠷ ᠪᠠᠶᠢᠭᠤᠯᠵᠠᠢ᠃ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠡᠳ᠋ᠰᠢᠭᠦᠯᠵᠦ ᠭᠦᠢᠯᠭᠡᠭᠡᠬᠦ ᠠᠵᠤ ᠠᠬᠤᠶᠢᠯᠠᠯ ᠤᠨ ᠨᠢᠭᠡᠳᠦᠭᠡᠷ ᠹᠷᠣᠨᠲ ᠤᠨ ᠬᠤᠲᠠ ᠳᠤ ᠵᠢᠵᠢᠭ ᠬᠥᠮᠥᠷᠭᠡ ᠵᠡᠷᠭᠡ ᠬᠥᠯᠳᠡᠭᠡᠵᠦ ᠬᠡᠯᠬᠢᠶᠡᠵᠢᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠤᠯᠠᠮ ᠨᠢᠭᠡ ᠠᠯᠬᠤᠮ ᠵᠣᠷᠢᠭᠵᠢᠭᠤᠯᠵᠤ᠂ ᠮᠠᠯᠵᠢᠬᠤ ᠣᠷᠣᠨ ᠤ ᠨᠠᠷᠢᠯᠢᠭ ᠭᠦᠨᠵᠡᠭᠡᠢ ᠡᠳ᠋ᠰᠢᠭᠦᠯᠬᠦ ᠳᠠᠭᠠᠭᠤᠯᠤᠭᠴᠢ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠭᠤᠣᠯᠳᠠᠯᠭ᠎ᠠ ᠲᠠᠢ ᠳᠡᠮᠵᠢᠵᠦ᠂ ᠮᠢᠬᠠᠨ ᠤ ᠦᠬᠡᠷ᠂ ᠮᠢᠬᠠᠨ ᠤ ᠬᠤᠨᠢ ᠶᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠬᠥᠭᠵᠢᠭᠦᠯᠦᠨ᠂ ᠲᠡᠵᠢᠭᠡᠨ ᠦᠷᠡᠵᠢᠭᠦᠯᠬᠦ ᠪᠠ ᠪᠣᠷᠣᠯᠠᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠨᠤᠲᠤᠭ ᠪᠡᠯᠴᠢᠭᠡᠷ ᠤᠨ ᠮᠠᠯ ᠤᠨ ᠠᠰᠢᠭ ᠰᠢᠮ᠎ᠡ ᠶᠢ ᠲᠤᠬᠠᠢ ᠶᠢᠨ ᠭᠠᠵᠠᠷ ᠲᠤᠨᠢ ᠡᠳ᠋ᠰᠢᠭᠦᠯᠵᠦ ᠬᠤᠪᠢᠷᠠᠭᠤᠯᠬᠤ ᠨᠣᠷᠮ᠎ᠠ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠵᠦ ᠬᠤᠪᠢᠷᠠᠭᠤᠯᠬᠤ ᠦᠢᠯᠡᠰ ᠤᠨ ᠨᠡᠮᠡᠭᠳᠡᠯ ᠥᠷᠲᠡᠭ ᠢ ᠳᠡᠭᠡᠭᠰᠢᠯᠡᠭᠦᠯᠵᠡᠢ᠃
ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠳᠤ ᠬᠦᠷᠬᠦ ᠳᠤ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠲᠡᠷᠢ ᠲᠡᠭᠰᠢ ᠵᠢᠭᠰᠠᠭᠠᠭᠳᠠᠵᠠᠢ᠃ ᠶᠢᠨ ᠰᠢᠶᠠᠩ ᠰᠦ ᠶᠢᠨ ᠦᠢᠯᠡᠰ ᠤᠨ ᠬᠢᠵᠠᠭᠠᠷᠲᠤ ᠺᠤᠮᠫᠠᠨᠢ ᠶᠢᠨ ᠡᠳᠦᠷ ᠤᠨ ᠰᠦ ᠶᠢᠨ ᠭᠠᠷᠤᠯᠲᠠ 10 ᠲᠣᠨ ᠳᠤ ᠬᠦᠷᠴᠦ᠂ ᠤᠯᠠᠮᠵᠢᠯᠠᠯᠲᠤ ᠭᠠᠷ ᠤᠷᠠᠯᠠᠯ ᠢ ᠨᠡᠭᠡᠭᠡᠨ ᠬᠥᠭᠵᠢᠭᠦᠯᠬᠦ᠂ ᠳᠡᠯᠭᠡᠷᠡᠭᠦᠯᠬᠦ ᠵᠢᠴᠢ ᠬᠡᠪᠴᠢᠶᠡᠵᠢᠭᠦᠯᠦᠨ ᠦᠢᠯᠡᠳᠪᠦᠷᠢᠯᠡᠬᠦ᠂ ᠡᠵᠡᠩᠨᠡᠬᠦ ᠪᠠ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠠᠵᠤ ᠠᠬᠤᠶᠢᠯᠠᠯ ᠪᠣᠯᠣᠨ᠎ᠠ᠃ ︽ᠪᠢᠳᠡ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠰᠤᠳᠤᠯᠤᠨ ᠨᠡᠭᠡᠭᠡᠬᠦ ᠴᠢᠭᠯᠡᠯ ᠤᠨ ᠵᠦᠭᠯᠡᠭᠦᠷ ᠪᠤᠯᠭᠠᠵᠤ᠂ ᠰᠦ ᠶᠢᠨ ᠢᠷᠡᠯᠲᠡ ᠶᠢ ᠨᠠᠷᠢᠨ ᠨᠢᠮᠪᠠᠢ ᠰᠢᠯᠢᠨ ᠰᠣᠩᠭᠤᠬᠤ ᠠᠴᠠ ᠦᠢᠯᠡᠳᠪᠦᠷᠢᠯᠡᠯ ᠤᠨ ᠤᠷ᠎ᠠ ᠮᠡᠷᠭᠡᠰᠢᠯ ᠢ ᠴᠢᠩᠭ᠎ᠠ ᠡᠵᠡᠮᠳᠡᠬᠦ ᠭᠦᠷᠲᠡᠯ᠎ᠡ ᠠᠯᠢ ᠣᠯᠠᠨ ᠤᠯᠠᠮᠵᠢᠯᠠᠯᠲᠤ ᠦᠨᠦᠷ ᠠᠮᠲᠠ ᠪᠠ ᠣᠲᠣ ᠦᠶ᠎ᠡ ᠶᠢᠨ ᠠᠮᠲᠠ ᠰᠢᠮᠲᠡ ᠪᠦᠬᠦᠢ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠵᠡᠢ᠃ ᠡᠭᠦᠨ ᠤ ᠬᠠᠮᠲᠤ᠂ ︿ᠪᠠᠶᠠᠨ ᠲᠣᠬᠤᠮ﹀ ︿ᠲᠠᠯ᠎ᠠ ᠨᠤᠲᠤᠭ ᠤᠨ ᠦᠨᠦᠷ ᠠᠮᠲᠠ﹀ ᠭᠡᠬᠦ ᠬᠤᠶᠠᠷ ᠲᠠᠸᠠᠷ ᠤᠨ ᠲᠡᠮᠳᠡᠭ ᠢᠶᠠᠨ ᠡᠭᠦᠳᠴᠦ᠂ ᠲᠦᠷᠦᠯ ᠲᠡᠮᠳᠡᠭ ᠤᠨ ᠠᠯᠳᠠᠷᠰᠢᠯ ᠢᠶᠠᠨ ᠳᠡᠭᠡᠭᠰᠢᠯᠡᠭᠦᠯᠵᠦ᠂ ᠨᠡᠩ ᠴᠢᠨᠠᠷ ᠰᠠᠶᠢᠲᠠᠢ ᠦᠢᠯᠡᠳᠬᠦᠨ ᠢᠶᠠᠷ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠵᠠᠢ ᠭᠡᠵᠦ ᠺᠤᠮᠫᠠᠨᠢ ᠶᠢᠨ ᠬᠠᠷᠢᠭᠤᠴᠠᠯᠭᠠᠲᠠᠨ ᠴᠣᠯᠮᠣᠨ ᠬᠡᠯᠡᠪᠡ᠃

ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠨᠢ ᠴᠠᠭᠠᠨ ᠢᠳᠡᠭᠡᠨ ᠦᠢᠯᠡᠳᠪᠦᠷᠢᠯᠡᠬᠦ ᠪᠠᠷ ᠪᠠᠷᠠᠬᠤ ᠦᠭᠡᠢ ᠪᠠᠰᠠ ᠪᠣᠷᠣᠯᠠᠭᠤᠯᠬᠤ᠂ ᠰᠢᠯᠭᠠᠨ ᠪᠠᠶᠢᠴᠠᠭᠠᠬᠤ᠂ ᠰᠤᠳᠤᠯᠤᠨ ᠰᠤᠷᠤᠯᠴᠠᠬᠤ᠂ ᠲᠣᠭᠤᠷᠢᠨ ᠦᠵᠡᠬᠦ ᠶᠢ ᠨᠢᠭᠡ ᠴᠣᠭᠴᠠᠵᠢᠭᠤᠯᠤᠭᠰᠠᠨ ᠤ ᠬᠠᠮᠲᠤ᠂ ᠪᠠᠶᠢᠴᠠᠭᠠᠨ ᠰᠢᠯᠭᠠᠵᠤ ᠬᠢᠨᠠᠨ ᠬᠡᠮᠵᠢᠬᠦ ᠲᠥᠪ᠂ ᠰᠤᠳᠤᠯᠤᠨ ᠰᠤᠷᠤᠯᠴᠠᠬᠤ ᠰᠠᠭᠤᠷᠢᠨ᠂ ᠦᠢᠯᠡᠳᠬᠦᠨ ᠤ ᠳᠡᠯᠭᠡᠨ ᠦᠵᠡᠭᠦᠯᠭᠦ ᠲᠣᠭᠤᠷᠢᠭ ᠵᠢᠴᠢ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠠᠰᠤᠭ ᠲᠣᠬᠢᠷᠠᠭᠤᠯᠵᠠᠢ᠃ ᠪᠠᠷᠢᠮᠵᠢᠶ᠎ᠠ ᠶᠢ ᠨᠢᠭᠡᠳᠬᠡᠬᠦ᠂ ᠨᠠᠶᠢᠳᠠᠨ ᠪᠤᠯᠪᠠᠰᠤᠷᠠᠭᠤᠯᠬᠤ᠂ ᠲᠦᠷᠦᠯ ᠲᠡᠮᠳᠡᠭᠲᠦ ᠪᠠᠷ ᠡᠵᠡᠩᠨᠡᠨ ᠪᠣᠷᠣᠯᠠᠭᠤᠯᠬᠤ᠂ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠦᠢᠯᠡᠰ ᠤᠨ ᠪᠦᠲᠦᠴᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠠᠢ᠃
ᠮᠠᠨ ᠤ ᠣᠷᠣᠨ ᠤ ᠮᠠᠯ ᠠᠵᠤ ᠠᠬᠤᠢ ᠶᠢᠨ ᠲᠠᠰ ᠳᠡᠪᠰᠢᠭᠰᠡᠨ ᠦᠷ᠎ᠡ ᠪᠦᠳᠦᠮᠵᠢ ᠶᠢ ᠦᠵᠡᠪᠡᠯ ᠨᠠᠩ ᠣᠯᠠᠨ ᠪᠠᠶᠠᠷᠯᠠᠭᠤᠰᠢᠲᠠᠢ ᠬᠥᠭᠵᠢᠯᠲᠡ ᠶᠢᠨ ᠦᠷ᠎ᠡ ᠪᠦᠲᠦᠭᠡᠯ ᠨᠢᠳᠦᠨ ᠡᠮᠦᠨ᠎ᠡ ᠲᠣᠳᠣᠷᠠᠨ᠎ᠠ᠄ 2024 ᠣᠨ ᠳᠤ ᠮᠠᠯ ᠠᠵᠤ ᠠᠬᠤᠢ ᠶᠢᠨ ᠰᠢᠯᠢᠳᠡᠭ ᠡᠭᠦᠯᠳᠡᠷ ᠲᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠬᠤᠰᠢᠭᠤ ᠰᠢᠶᠠᠨ ᠳᠤ ᠦᠷ᠎ᠡ ᠶᠢᠨ ᠮᠠᠯ ᠤᠨ ᠲᠠᠯᠠᠪᠠᠶ ᠶᠢ 108 ᠪᠠᠶᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠦᠬᠡᠷ ᠬᠤᠨᠢᠨ ᠤ ᠡᠭᠦᠯᠳᠡᠷ ᠪᠣᠶᠢᠵᠢᠭᠤᠯᠬᠤ ᠭᠤᠣᠯ ᠲᠠᠯᠠᠪᠠᠶ 6 ᠶᠢ ᠪᠠᠶᠢᠭᠤᠯᠵᠤ᠂ ᠭᠠᠴᠠᠭ᠎ᠠ ᠲᠣᠰᠬᠤᠨ ᠤ ᠵᠣᠬᠢᠶᠠᠮᠠᠯ ᠬᠡᠭᠡᠯᠲᠦᠭᠦᠯᠭᠡ ᠶᠢᠨ ᠥᠷᠲᠡᠭᠡ ᠴᠡᠭ ᠤᠨ ᠲᠦᠭᠡᠮᠡᠯᠵᠢᠭᠰᠡᠨ ᠨᠣᠷᠮ᠎ᠠ 80% ᠳᠤ ᠭᠦᠷᠴᠠᠢ︔ ᠤᠯᠤᠰ ᠤᠨ ᠡᠪᠡᠰᠦᠨ ᠤ ᠰᠢᠨ᠎ᠡ ᠶᠢ ᠡᠭᠦᠳᠬᠦ ᠲᠥᠪ ᠲᠤ ᠲᠦᠰᠢᠭᠯᠡᠨ ᠮᠠᠯ ᠪᠡᠯᠴᠢᠭᠡᠷ ᠤᠨ ᠰᠢᠯᠢᠳᠡᠭ ᠡᠭᠦᠯᠳᠡᠷ᠂ ᠨᠤᠲᠤᠭ ᠪᠡᠯᠴᠢᠭᠡᠷ ᠢ ᠵᠠᠰᠠᠨ ᠰᠡᠷᠭᠦᠭᠡᠬᠦ᠂ ᠪᠡᠯᠴᠢᠭᠡᠷᠯᠡᠭᠦᠯᠬᠦ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ 6 ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠰᠢᠨ᠎ᠡ ᠪᠠᠷ ᠬᠡᠷᠡᠭᠵᠢᠭᠦᠯᠵᠦ᠂ 13 ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠪᠣᠳᠠᠲᠠᠶᠢᠵᠢᠭᠤᠯᠤᠨ ᠤᠯᠠᠷᠢᠭᠤᠯᠬᠤ ᠶᠢ ᠠᠭᠢᠭᠤᠯᠵᠠᠢ︔ ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠪᠤᠢ ᠪᠣᠯᠭᠠᠨ ᠬᠥᠭᠵᠢᠭᠦᠯᠵᠦ᠂ ᠮᠠᠯᠴᠢᠳ ᠢ ᠳᠠᠶᠢᠴᠢᠯᠠᠨ ᠪᠡᠯᠴᠢᠭᠡᠷ ᠰᠡᠯᠭᠦᠨ ᠮᠠᠯᠵᠢᠬᠤ ᠪᠠ ᠵᠣᠬᠢᠰᠲᠠᠢ ᠬᠡᠪᠴᠢᠶᠡᠵᠢᠭᠦᠯᠦᠨ ᠡᠵᠡᠩᠨᠡᠬᠦ ᠶᠢ ᠥᠷᠨᠢᠭᠦᠯᠵᠦ᠂ ᠲᠤᠷᠰᠢᠯᠲᠠ ᠶᠢᠨ ᠬᠤᠰᠢᠭᠤ ᠰᠢᠶᠠᠨ ᠤ ᠬᠤᠪᠢᠴᠠᠭᠠᠲᠤ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠬᠤᠯᠪᠣᠭᠠᠲᠤ ᠮᠠᠯᠵᠢᠯ ᠤᠨ ᠲᠠᠯᠠᠪᠠᠢ 3325 ᠨᠡᠮᠡᠭᠳᠡᠵᠦ᠂ 419 ᠣᠶᠤᠨᠴᠢ ᠮᠠᠯᠵᠢᠯ ᠤᠨ ᠲᠠᠯᠠᠪᠠᠢ ᠶᠢ ᠰᠢᠨ᠎ᠡ ᠪᠠᠷ ᠪᠠᠶᠢᠭᠤᠯᠵᠠᠢ᠃
ᠣᠶᠤᠨᠴᠢ ᠮᠠᠯᠵᠢᠯ ᠤᠨ ᠲᠠᠯᠠᠪᠠᠢ ᠨᠢᠭᠡᠪᠦᠷᠢ ᠨᠢ ᠪᠣᠬᠢᠷᠳᠤᠯ ᠦᠭᠡᠢ ᠬᠥᠭᠵᠢᠯᠲᠡ ᠶᠢᠨ ᠬᠤᠪᠢᠶᠠᠷᠢ ᠪᠠᠶᠢᠵᠤ᠂ ᠨᠠᠷᠢᠯᠢᠭ ᠡᠳ᠋ᠰᠢᠭᠦᠯᠦᠭᠰᠡᠨ ᠦᠢᠯᠡᠳᠬᠦᠨ ᠨᠢᠭᠡᠪᠦᠷᠢ ᠨᠢ ᠠᠵᠤ ᠦᠢᠯᠡᠰ ᠤᠨ ᠦᠰᠦᠷᠦᠯᠲᠡ ᠶᠢᠨ ᠲᠠᠶᠢᠯᠪᠤᠷᠢ ᠪᠣᠯᠣᠨ᠎ᠠ᠃ ᠮᠠᠨ ᠤ ᠣᠷᠣᠨ ᠡᠮᠦᠨᠡᠬᠢ ᠬᠤᠭᠤᠴᠠᠭᠠᠨ ᠤ ᠲᠡᠵᠢᠭᠡᠨ ᠦᠷᠡᠵᠢᠭᠦᠯᠬᠦ ᠦᠢᠯᠡᠰ ᠤᠨ ᠭᠡᠯᠪᠡᠷᠢ ᠪᠠᠨ ᠬᠤᠪᠢᠷᠠᠭᠤᠯᠬᠤ᠂ ᠳᠤᠮᠳᠠ ᠬᠤᠭᠤᠴᠠᠭᠠᠨ ᠤ ᠨᠠᠷᠢᠯᠢᠭ ᠡᠳ᠋ᠰᠢᠭᠦᠯᠬᠦ᠂ ᠰᠡᠭᠦᠯᠴᠢ ᠶᠢᠨ ᠬᠤᠭᠤᠴᠠᠭᠠᠨ ᠤ ᠡᠵᠡᠩᠨᠡᠨ ᠪᠣᠷᠣᠯᠠᠭᠤᠯᠤᠯᠲᠠ ᠶᠢ ᠳᠡᠯᠭᠡᠷᠡᠭᠦᠯᠬᠦ ᠣᠯᠠᠨ ᠲᠠᠯᠠᠲᠤ ᠬᠥᠭᠵᠢᠯᠲᠡ ᠶᠢᠨ ᠠᠷᠭ᠎ᠠ ᠵᠠᠮ ᠢ ᠬᠦᠴᠦᠯᠡᠨ ᠠᠬᠢᠭᠤᠯᠵᠤ᠂ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠡᠶ᠎ᠡ ᠵᠣᠬᠢᠴᠠᠩᠭᠤᠢ ᠪᠠᠷ ᠬᠥᠭᠵᠢᠬᠦ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ︽ᠥᠪᠥᠷ ᠮᠣᠩᠭᠤᠯ ᠤᠨ ᠵᠠᠭᠪᠤᠷ︾ ᠢ ᠬᠠᠶᠢᠨ ᠰᠦᠪᠡᠭᠴᠢᠯᠡᠵᠦ ᠪᠤᠶ᠃