ᠥᠪᠥᠷ ᠮᠣᠩᠭᠤᠯ ᠳᠤ᠂ ᠨᠢᠭᠡ ᠤᠳᠠᠭᠠᠨ ᠤ ᠢᠵᠢ ᠲᠦᠬᠦᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠪᠢᠰᠤᠯᠲᠠ ᠨᠢ ᠬᠥᠮᠥᠰ ᠤᠨ ᠠᠮᠢᠳᠤᠷᠠᠯ ᠢ ᠰᠡᠮᠡᠭᠡᠷ ᠬᠤᠪᠢᠷᠠᠭᠤᠯᠵᠤ ᠪᠠᠶᠢᠨ᠎ᠠ᠄ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ ᠨᠢᠭᠡ ᠠᠵᠢᠯ ᠶᠠᠪᠤᠳᠠᠯ᠂ ᠢᠲᠡᠭᠡᠮᠵᠢ ᠪᠠᠨ ᠰᠡᠷᠭᠦᠭᠡᠬᠦ ᠨᠢᠭᠡ ᠠᠵᠢᠯ ᠶᠠᠪᠤᠳᠠᠯ᠂ ᠨᠢᠷᠠᠢ ᠬᠡᠦᠬᠡᠳ ᠤᠨ ᠨᠢᠭᠡ ᠠᠵᠢᠯ ᠶᠠᠪᠤᠳᠠᠯ᠂ ᠰᠤᠷᠭᠠᠨ ᠬᠥᠮᠦᠵᠢᠯ ᠬᠦᠷᠲᠡᠬᠦ ᠪᠠᠷ ᠰᠤᠷᠭᠠᠭᠤᠯᠢ ᠳᠤ ᠣᠷᠣᠬᠤ ᠨᠢᠭᠡ ᠠᠵᠢᠯ ᠶᠠᠪᠤᠳᠠᠯ᠂ ᠠᠵᠢᠯ ᠠᠴᠠ ᠪᠠᠨ ᠪᠠᠭᠤᠵᠤ ᠠᠮᠠᠷᠠᠬᠤ ᠨᠢᠭᠡ ᠠᠵᠢᠯ ᠶᠠᠪᠤᠳᠠᠯ ᠁ ᠠᠵᠤ ᠠᠬᠤᠶᠢᠯᠠᠯ ᠪᠠ ᠣᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠯᠤᠭ᠎ᠠ ᠬᠤᠯᠪᠣᠭᠳᠠᠭᠰᠠᠨ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠨᠢ᠂ ︽ᠣᠯᠠᠨ ᠰᠠᠯᠠᠭ᠎ᠠ ᠮᠥᠴᠢᠷ ᠢᠶᠠᠷ ᠨᠠᠭᠠᠰᠢ ᠴᠠᠭᠠᠰᠢ ᠭᠦᠶᠤᠵᠤ︾ ᠪᠠᠶᠢᠭᠰᠠᠨ ᠠᠴᠠ ᠪᠠᠨ ︽ᠨᠢᠭᠡ ᠠᠵᠢᠯ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠪᠣᠯᠤᠭᠰᠠᠨ ᠪᠠᠶᠢᠨ᠎ᠠ᠃

ᠰᠤᠷᠭᠠᠨ ᠬᠥᠮᠦᠵᠢᠯ ᠬᠦᠷᠲᠡᠬᠦ ᠪᠠᠷ ᠰᠤᠷᠭᠠᠭᠤᠯᠢ ᠳᠤ ᠣᠷᠣᠬᠤ ᠠᠵᠢᠯ ᠶᠠᠪᠤᠳᠠᠯ ᠢ ᠭᠦᠢᠴᠡᠳᠬᠡᠬᠦ ᠠᠴᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠢᠳᠡᠭᠵᠢᠯᠲᠡ ᠶᠢ ᠠᠵᠢᠭᠯᠠᠬᠤᠢ
︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠤᠳ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠪᠠᠨ ᠴᠢᠩᠭᠠᠳᠬᠠᠵᠤ᠂ ᠡᠷᠦᠬᠡ ᠠᠮᠠ ᠶᠢᠨ ᠳᠠᠩᠰᠠ ᠶᠢᠨ ᠮᠡᠳᠡᠭᠡ ᠵᠠᠩᠭᠢ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ᠂ ᠣᠷᠣᠰᠢᠨ ᠰᠠᠭᠤᠬᠤ ᠦᠨᠡᠮᠯᠡᠯ ᠵᠡᠷᠭᠡ ᠵᠦᠢᠯᠡᠰ ᠲᠤ ᠬᠤᠯᠪᠣᠭᠳᠠᠭᠰᠠᠨ ᠳ᠋ᠠᠶᠢᠲ᠋ᠠ ᠶᠢ ᠬᠠᠮᠲᠤ ᠪᠠᠷ ᠬᠦᠷᠲᠡᠵᠦ ᠰᠢᠯᠵᠢᠭᠦᠯᠦᠨ ᠬᠡᠷᠡᠭᠯᠡᠬᠦ ᠶᠢ ᠪᠡᠶᠡᠯᠡᠭᠦᠯᠵᠦ᠂ ᠰᠤᠷᠭᠠᠭᠤᠯᠢ ᠳᠤ ᠣᠷᠣᠬᠤ ᠬᠠᠮᠢᠶ᠎ᠠ ᠪᠦᠬᠦᠢ ᠮᠡᠳᠡᠭᠡ ᠵᠠᠩᠭᠢ ᠶᠢᠨ ᠨᠡᠭᠡᠭᠡᠯᠲᠡ ᠲᠠᠢ ᠬᠠᠮᠲᠤ ᠪᠠᠷ ᠬᠦᠷᠲᠡᠬᠦ ᠶᠢ ᠦᠨᠡᠨ ᠬᠦ ᠪᠠᠲᠤᠯᠠᠪᠠ᠃ ᠡᠭᠦᠨ ᠠᠴᠠ ᠭᠠᠳᠠᠨ᠎ᠠ᠂ ᠪᠠᠰᠠ ᠴᠤᠪᠤᠷᠠᠯ ᠢ ᠲᠠᠰᠤᠷᠠᠯᠲᠠ ᠦᠭᠡᠢ ᠳᠥᠭᠦᠮᠴᠢᠯᠡᠵᠦ᠂ ᠡᠯ᠎ᠡ ᠠᠶᠢᠮᠠᠭ ᠬᠤᠲᠠ ᠶᠢᠨ ᠰᠣᠷᠣᠭᠴᠢ ᠡᠯᠰᠡᠬᠦ ᠪᠠ ᠰᠤᠷᠭᠠᠭᠤᠯᠢ ᠳᠤ ᠣᠷᠣᠬᠤ ᠪᠣᠳᠠᠲᠠᠢ ᠪᠠᠶᠢᠳᠠᠯ ᠲᠠᠢ ᠤᠶᠠᠯᠳᠤᠭᠤᠯᠤᠨ᠂ ᠰᠤᠷᠭᠠᠭᠤᠯᠢ ᠳᠤ ᠣᠷᠣᠬᠤ ᠬᠥᠮᠥᠰ ᠤᠨ ᠭᠡᠷ ᠤᠨ ᠠᠬᠠᠮᠠᠳ ᠤᠨ ᠠᠳᠠᠯᠢ ᠪᠣᠰᠣ ᠲᠦᠷᠦᠯ ᠤᠨ ᠰᠤᠷᠭᠠᠭᠤᠯᠢ ᠳᠤ ᠣᠷᠣᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠴᠤᠪᠤᠷᠠᠯ ᠪᠠ ᠲᠤᠰᠢᠶᠠᠬᠤ ᠴᠢᠬᠤᠯᠠᠲᠠᠢ ᠮᠠᠲ᠋ᠧᠷᠢᠶᠠᠯ ᠤᠨ ᠨᠠᠷᠢᠨ ᠳᠠᠩᠰᠠ ᠶᠢ ᠲᠣᠰ ᠲᠣᠰ ᠲᠣᠭᠲᠠᠭᠠᠵᠤ᠂ ᠲᠤᠰᠢᠶᠠᠬᠤ ᠮᠠᠲ᠋ᠧᠷᠢᠶᠠᠯ ᠤᠨ ᠲᠤᠭ᠎ᠠ ᠬᠡᠮᠵᠢᠶ᠎ᠡ ᠶᠢ ᠶᠡᠭᠡ ᠪᠠᠷ ᠪᠠᠭᠠᠰᠬᠠᠪᠠ᠃
︽ᠰᠤᠷᠭᠠᠨ ᠬᠥᠮᠦᠵᠢᠯ ᠬᠦᠷᠲᠡᠬᠦ ᠪᠠᠷ ᠰᠤᠷᠭᠠᠭᠤᠯᠢ ᠳᠤ ᠣᠷᠣᠬᠤ ᠨᠢᠭᠡ ᠠᠵᠢᠯ ᠶᠠᠪᠤᠳᠠᠯ︾ ᠪᠣᠯ ᠥᠪᠥᠷ ᠮᠣᠩᠭᠤᠯ ᠤᠨ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠥᠭᠡᠷᠡᠴᠢᠯᠡᠯᠲᠡ ᠶᠢᠨ ᠨᠢᠭᠡᠨ ᠬᠤᠷᠢᠶᠠᠩᠭᠤᠢ ᠳᠦᠷᠰᠦ ᠪᠣᠯᠬᠤ ᠲᠡᠳᠦᠢ᠃ 2024 ᠣᠨ ᠳᠤ ᠤᠯᠤᠰ ᠠᠴᠠ ᠬᠤᠶᠠᠷ ᠪᠦᠯᠦᠭ ᠬᠤᠪᠢᠶᠠᠨ ᠪᠠᠶᠢᠷᠢᠯᠠᠭᠤᠯᠤᠭᠰᠠᠨ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ 21 ᠭᠤᠣᠯᠳᠠᠯᠭ᠎ᠠ ᠲᠠᠢ ᠵᠦᠢᠯᠡᠰ ᠢ ᠴᠥᠮ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠣᠲᠣ ᠨᠢᠭᠡᠨᠲᠡ ᠨᠡᠶᠢᠲᠡ 784 ᠲᠦᠮᠡᠨ ᠬᠤᠪᠢ ︵ᠤᠳᠠᠭ᠎ᠠ︶ ᠶᠢ ᠨᠢ ᠭᠦᠢᠴᠡᠳᠬᠡᠭᠰᠡᠨ ᠪᠠᠶᠢᠨ᠎ᠠ᠃ 2025 ᠣᠨ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠨᠢᠭᠡᠳᠦᠭᠡᠷ ᠪᠦᠯᠦᠭ ᠤᠨ ᠭᠤᠣᠯᠳᠠᠯᠭ᠎ᠠ ᠲᠠᠢ ᠵᠦᠢᠯᠡᠰ ᠲᠤ ᠪᠠᠭᠲᠠᠬᠤ 5 ᠵᠦᠢᠯ ᠢ ᠨᠢ ᠨᠢᠭᠡᠨᠲᠡ ᠰᠦᠯᠵᠢᠶᠡᠨ ᠳᠤ ᠣᠷᠣᠭᠤᠯᠤᠨ ᠠᠵᠢᠯᠯᠠᠭᠤᠯᠪᠠ᠂ ᠡᠭᠦᠨ ᠳᠤ ︽ᠰᠢᠨ᠎ᠡ ᠮᠠᠰᠢᠨ ᠲᠡᠷᠭᠡᠨ ᠤ ᠫᠠᠶᠢᠰᠠ ᠡᠯᠭᠦᠬᠦ︾ ︽ᠬᠠᠭᠤᠴᠢᠨ ᠮᠠᠰᠢᠨ ᠲᠡᠷᠭᠡ ᠪᠠᠨ ᠰᠢᠨ᠎ᠡ ᠪᠠᠷ ᠰᠣᠯᠢᠬᠤ ᠳᠤ ᠨᠡᠮᠡᠭᠦᠷᠢ ᠭᠤᠶᠤᠴᠢᠯᠠᠬᠤ︾ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ︽ᠤᠷᠤᠭᠯᠠᠵᠤ ᠡᠷᠦᠬᠡ ᠠᠮᠠ ᠣᠷᠣᠭᠤᠯᠬᠤ︾ ︽ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠨ ᠰᠢᠨ᠎ᠡ ᠪᠠᠷ ᠰᠣᠯᠢᠬᠤ ᠪᠠ ᠭᠠᠷ ᠤᠲᠠᠰᠤ ᠵᠡᠷᠭᠡ ᠶᠢ ᠰᠢᠨ᠎ᠡ ᠪᠠᠷ ᠬᠤᠳᠠᠯᠳᠤᠨ ᠠᠪᠬᠤ ᠳᠤ ᠨᠡᠮᠡᠭᠦᠷᠢ ᠭᠤᠶᠤᠴᠢᠯᠠᠬᠤ︾ ᠵᠡᠷᠭᠡ ᠪᠠᠭᠲᠠᠨ᠎ᠠ᠃
︽ᠡᠳᠡᠭᠡᠷ ᠨᠢ ᠴᠥᠮ ᠦᠨᠳᠦᠷ ᠳᠠᠪᠲᠠᠮᠵᠢ ᠲᠠᠢ᠂ ᠥᠷᠭᠡᠨ ᠬᠡᠪᠴᠢᠶ᠎ᠡ ᠲᠠᠢ᠂ ᠠᠵᠤ ᠠᠬᠤᠶᠢᠯᠠᠯ ᠪᠠ ᠤᠯᠠᠨ ᠲᠦᠮᠡᠨ ᠤ ᠲᠤᠰᠬᠠᠯ ᠣᠯᠠᠨᠲᠠᠢ ᠵᠦᠢᠯᠡᠰ ᠲᠤ ᠲᠣᠭᠠᠴᠠᠭᠳᠠᠨ᠎ᠠ︾᠂ ︿ᠨᠢᠭᠡ ᠠᠵᠢᠯ ᠶᠠᠪᠤᠳᠠᠯ﹀ ᠤᠨ ᠥᠭᠡᠷᠡᠴᠢᠯᠡᠯᠲᠡ ᠨᠢ ᠠᠵᠢᠯ ᠶᠠᠪᠤᠳᠠᠯ ᠭᠦᠢᠴᠡᠳᠬᠡᠬᠦ ᠲᠦᠭᠵᠢᠷᠡᠯ ᠢ ᠰᠢᠢᠳᠪᠦᠷᠢᠯᠡᠬᠦ ᠳᠤ ᠰᠢᠪᠲᠤᠯᠤᠯᠲᠠ ᠭᠠᠷᠭᠠᠬᠤ ᠪᠠᠷ ᠬᠦᠴᠦᠯᠡᠬᠦ ᠴᠡᠭ ᠪᠣᠯᠭᠠᠨ᠂ ᠬᠠᠮᠤᠭ ᠤᠨ ᠵᠠᠩᠭᠢᠯᠠᠭ᠎ᠠ ᠶᠢᠨ ᠠᠰᠠᠭᠤᠳᠠᠯ ᠠᠴᠠ ᠭᠠᠷᠳᠠᠵᠤ᠂ ᠬᠠᠮᠤᠭ ᠤᠨ ᠦᠨᠳᠦᠰᠦᠨ ᠭᠤᠭᠴᠤᠭ᠎ᠠ ᠠᠴᠠ ᠡᠬᠢᠯᠡᠨ ᠬᠢᠵᠦ᠂ᠬᠠᠮᠤᠭ ᠤᠨ ᠢᠯᠡᠷᠬᠡᠢ ᠳᠤᠲᠠᠭᠤᠳᠠᠯ ᠢ ᠨᠦᠬᠦᠪᠦᠷᠢᠯᠡᠨ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠴᠠ ᠡᠬᠢᠯᠡᠨ ᠬᠢᠬᠦ ᠨᠢ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠳᠤ ᠠᠰᠢᠭᠲᠠᠢ ᠶᠤᠮ︾ ᠭᠡᠵᠦ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠯᠤᠰ ᠤᠨ ᠵᠠᠰᠠᠯᠲᠠ ᠶᠢᠨ ᠳᠡᠭᠡᠳᠦ ᠰᠤᠷᠭᠠᠭᠤᠯᠢ ᠶᠢᠨ ᠫᠷᠣᠹᠧᠰᠰᠣᠷ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠪᠤᠷᠢ ᠶᠢᠨ ᠡᠷᠬᠢᠯᠡᠭᠴᠢ ᠸᠠᠩ ᠬᠠᠢ ᠵᠢᠤᠸᠠᠨ ᠬᠡᠯᠡᠪᠡ᠃
ᠠᠵᠤ ᠠᠬᠤᠶᠢᠯᠠᠯ ᠤᠨ ᠮᠡᠳᠡᠭᠡ ᠵᠠᠩᠭᠢ ᠪᠠᠨ ᠬᠤᠪᠢᠷᠠᠭᠤᠯᠬᠤ᠂ ᠨᠡᠭᠦᠯᠭᠡᠬᠦ ᠳᠠᠩᠰᠠᠯᠠᠯᠲᠠ ᠠᠴᠠ ᠵᠠᠰᠠᠭ ᠤᠨ ᠶᠠᠪᠤᠳᠠᠯ ᠤᠨ ᠳ᠋ᠢᠭᠢᠲ ᠢᠶᠠᠷ ᠬᠦᠴᠦᠨ ᠴᠢᠳᠠᠮᠵᠢ ᠣᠯᠭᠤᠬᠤ ᠶᠢ ᠠᠵᠢᠭᠯᠠᠬᠤᠢ

ᠥᠭᠡᠷᠡᠴᠢᠯᠡᠯᠲᠡ ᠬᠢᠬᠦ ᠠᠴᠠ ᠡᠮᠦᠨ᠎ᠡ᠂ ᠠᠵᠤ ᠠᠬᠤᠶᠢᠯᠠᠯ ᠨᠢ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠬᠦᠮᠦᠨ᠂ ᠣᠷᠣᠨ ᠰᠠᠭᠤᠴᠠ ᠵᠡᠷᠭᠡ ᠮᠡᠳᠡᠭᠡ ᠵᠠᠩᠭᠢ ᠪᠠᠨ ᠬᠤᠪᠢᠷᠠᠭᠤᠯᠬᠤ ᠪᠠᠷ ᠭᠤᠶᠤᠴᠢᠯᠠᠬᠤ ᠳᠤ᠂ ᠣᠯᠠᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠣᠯᠠᠨ ᠲᠤᠬᠠᠶᠢᠯᠠᠭᠰᠠᠨ ᠠᠵᠢᠯ ᠤᠨ ᠰᠢᠰᠲ᠋ᠧᠮ ᠳᠤ ᠨᠡᠪᠲᠡᠷᠡᠨ᠂ ᠲᠠᠭᠯᠠᠨ ᠮᠡᠳᠡᠭᠦᠯᠬᠦ ᠮᠠᠲ᠋ᠧᠷᠢᠶᠠᠯ ᠲᠤᠰᠢᠶᠠᠭᠰᠠᠨ ᠨᠢ ᠬᠠᠮᠤᠭ ᠤᠨ ᠠᠷᠪᠢᠨ ᠳᠤ ᠪᠠᠨ 26 ᠬᠤᠪᠢ ᠬᠦᠷᠴᠦ᠂ ᠶᠡᠷᠦ ᠳᠤ ᠪᠠᠨ 6 ᠤᠳᠠᠭ᠎ᠠ ᠭᠦᠶᠤᠵᠤ᠂ ᠠᠳᠠᠭ ᠲᠤ ᠪᠠᠨ 6 ᠠᠵᠢᠯᠯᠠᠬᠤ ᠡᠳᠦᠷ ᠲᠤ ᠰᠠᠶ᠋ᠢ ᠪᠡᠶᠡᠯᠡᠭᠦᠯᠵᠦ᠂ ᠣᠯᠠᠨ ᠲᠠᠯ᠎ᠠ ᠠᠴᠠ ᠭᠤᠶᠤᠴᠢᠯᠠᠬᠤ᠂ ᠣᠯᠠᠨ ᠤᠳᠠᠭ᠎ᠠ ᠭᠦᠶᠦᠬᠦ᠂ ᠮᠠᠲ᠋ᠧᠷᠢᠶᠠᠯ ᠢᠶᠠᠨ ᠳᠠᠪᠬᠤᠷᠳᠠᠭᠤᠯᠤᠨ ᠲᠤᠰᠢᠶᠠᠬᠤ ᠵᠡᠷᠭᠡ ᠠᠰᠠᠭᠤᠳᠠᠯ ᠤᠳ ᠣᠷᠣᠰᠢᠵᠤ ᠪᠠᠶᠢᠪᠠ᠃ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠠᠵᠤ ᠠᠬᠤᠶᠢᠯᠠᠯ ᠨᠢ ᠵᠥᠪᠬᠡᠨ ᠠᠵᠤ ᠠᠬᠤᠶᠢᠯᠠᠯ ᠤᠨ ᠮᠡᠳᠡᠭᠡ ᠵᠠᠩᠭᠢ ᠪᠠᠨ ᠬᠤᠪᠢᠷᠠᠭᠤᠯᠬᠤ ︽ᠨᠢᠭᠡ ᠠᠵᠢᠯ ᠶᠠᠪᠤᠳᠠᠯ︾ ᠤᠨ ᠰᠢᠰᠲ᠋ᠧᠮ ᠳᠤ ᠨᠡᠪᠲᠡᠷᠡᠵᠦ᠂ ᠬᠠᠮᠤᠭ ᠤᠨ ᠠᠷᠪᠢᠨ ᠳᠤ ᠪᠠᠨ 6 ᠵᠦᠢᠯ ᠤᠨ ᠮᠠᠲ᠋ᠧᠷᠢᠶᠠᠯ ᠢ ᠲᠠᠭᠯᠠᠨ ᠲᠤᠰᠢᠶᠠᠵᠤ᠂ 1 ᠠᠵᠢᠯᠯᠠᠬᠤ ᠡᠳᠦᠷ ᠤᠨ ᠳᠣᠲᠣᠷ᠎ᠠ 6 ᠵᠦᠢᠯᠡᠰ ᠤᠨ ᠬᠤᠪᠢᠷᠠᠭᠤᠯᠤᠯᠲᠠ ᠶᠢ ᠪᠡᠶᠡᠯᠡᠭᠦᠯᠵᠦ ᠪᠣᠯᠣᠨ᠎ᠠ᠂ ᠬᠡᠷᠪᠡ ᠢᠯᠡᠭᠡᠬᠦ ᠠᠷᠭ᠎ᠠ ᠮᠠᠶ᠋ᠢᠭ ᠢᠶᠠᠷ ᠬᠠᠮᠢᠶ᠎ᠠ ᠪᠦᠬᠦᠢ ᠭᠠᠷ ᠭᠦᠢᠴᠡᠳᠬᠡᠯ ᠢᠶᠠᠨ ᠬᠢᠬᠦ ᠳᠤ ᠭᠦᠷᠪᠡᠯ ᠰᠠᠯᠠᠭ᠎ᠠ ᠮᠦᠴᠢᠷ ᠢᠶᠠᠷ ᠭᠦᠶᠦᠬᠦ ᠦᠭᠡᠢ ᠪᠠᠷ ᠴᠦ ᠭᠦᠢᠴᠡᠳᠬᠡᠵᠦ ᠪᠣᠯᠣᠨ᠎ᠠ᠃
︽ᠣᠳᠣᠬᠠᠨ ᠳᠤ᠂ ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ﹀ ᠥᠭᠡᠷᠡᠴᠢᠯᠡᠯᠲᠡ ᠶᠢᠨ ᠠᠵᠢᠯ ᠨᠢᠭᠡᠨᠲᠡ ᠢᠯᠡᠳᠲᠡ ᠦᠷ᠎ᠡ ᠪᠦᠲᠦᠮᠵᠢ ᠣᠯᠵᠤ᠂ ᠭᠦᠢᠴᠡᠳᠬᠡᠬᠦ ᠭᠤᠭᠴᠤᠭ᠎ᠠ ᠶᠢ 83% ᠪᠠᠷ ᠴᠣᠮᠬᠠᠳᠬᠠᠨ᠂ ᠭᠤᠶᠤᠴᠢᠯᠠᠬᠤ ᠮᠠᠲ᠋ᠧᠷᠢᠶᠠᠯ ᠢ 64% ᠪᠠᠷ ᠪᠠᠭᠠᠰᠬᠠᠵᠤ᠂ ᠭᠦᠶᠦᠬᠦ ᠤᠳᠠᠭ᠎ᠠ ᠶᠢ 83% ᠪᠠᠷ ᠪᠠᠭᠤᠷᠠᠭᠤᠯᠤᠨ᠂ ᠭᠦᠢᠴᠡᠳᠬᠡᠬᠦ ᠴᠠᠭ ᠤᠨ ᠬᠢᠵᠠᠭᠠᠷ ᠢ 70% ᠪᠠᠷ ᠪᠣᠭᠤᠨᠢᠰᠬᠠᠪᠠ᠃ ᠲᠠᠷᠠᠭᠠᠴᠢ ᠶᠢᠨ ᠠᠯᠬᠤᠮ ᠳᠤ᠂ ᠪᠢᠳᠡ ᠡᠯ᠎ᠡ ᠲᠦᠷᠦᠭᠦᠯᠡᠬᠦ ᠰᠠᠯᠠᠭ᠎ᠠ ᠮᠥᠴᠢᠷ ᠪᠠ ᠬᠠᠮᠵᠢᠯᠴᠠᠬᠤ ᠰᠠᠯᠠᠭ᠎ᠠ ᠮᠥᠴᠢᠷ ᠯᠦᠭᠡ ᠬᠠᠮᠵᠢᠯᠴᠠᠨ ᠪᠤᠭᠤᠮᠲᠠ ᠰᠢᠪᠲᠤᠯᠵᠤ᠂ ᠡᠨᠡ ᠵᠢᠯ ᠤᠨ ᠰᠢᠨ᠎ᠡ ᠪᠠᠷ ᠨᠡᠮᠡᠭᠳᠡᠭᠰᠡᠨ ︿ᠨᠢᠭᠡ ᠠᠵᠢᠯ ᠶᠠᠪᠤᠳᠠᠯ﹀ ᠤᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ᠂ ᠨᠢᠭᠡᠨᠲᠡ ᠰᠦᠯᠵᠢᠶᠡᠨ ᠳᠤ ᠠᠵᠢᠯᠯᠠᠭᠤᠯᠤᠭᠰᠠᠨ ︿ᠨᠢᠭᠡ ᠠᠵᠢᠯ ᠶᠠᠪᠤᠳᠠᠯ﹀ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠥᠨᠳᠥᠷ ᠪᠦᠲᠦᠮᠵᠢᠲᠡᠶ ᠪᠠᠷ ᠠᠵᠢᠯ ᠶᠠᠪᠤᠳᠠᠯ ᠭᠦᠢᠴᠡᠳᠬᠡᠬᠦ ᠳᠤ ᠨᠢ ᠦᠨᠡᠨ ᠬᠦ ᠨᠠᠩ ᠣᠯᠠᠨ ᠠᠰᠢᠭ ᠭᠥᠷᠳᠡᠭᠰᠡᠨ ᠲᠥᠷᠥᠭᠳᠡᠯ ᠲᠠᠢ ᠪᠣᠯᠭᠠᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠵᠠᠷ ᠤᠨ ᠳᠠᠷᠤᠭ᠎ᠠ ᠵᠤᠸᠠᠩ ᠸᠠᠨ ᠷᠦ ᠢᠯᠡᠷᠬᠡᠶᠢᠯᠡᠪᠡ᠃
ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠲᠠᠰᠤᠷᠠᠯᠲᠠ ᠦᠭᠡᠢ ᠭᠦᠨᠵᠡᠭᠡᠶᠢᠷᠡᠭᠰᠡᠨ ᠨᠢ ᠠᠷᠠᠳ ᠲᠦᠮᠡᠨ ᠳᠤ ᠦᠢᠯᠡᠴᠢᠯᠡᠵᠦ ᠪᠠᠶᠢᠬᠤ ᠤᠭ ᠰᠠᠨᠠᠭ᠎ᠠ ᠶᠢ ᠲᠤᠰᠬᠠᠵᠤ ᠪᠠᠶᠢᠳᠠᠭ᠃ ᠥᠪᠥᠷ ᠮᠣᠩᠭᠤᠯ ᠤᠨ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠨᠠᠩ ᠣᠯᠠᠨ ᠬᠦᠷᠢᠶ᠎ᠡ ᠴᠠᠷᠠᠭ᠎ᠠ᠂ ᠨᠠᠩ ᠶᠡᠭᠡ ᠬᠡᠪᠴᠢᠶᠡᠨ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠶᠢ ᠪᠡᠶᠡᠯᠡᠭᠦᠯᠬᠦ ᠪᠠᠨ ᠦᠷᠭᠦᠯᠵᠢᠯᠡᠨ ᠠᠬᠢᠭᠤᠯᠵᠤ᠂ ᠲᠣᠰ ᠤᠳᠠᠭᠠᠨ ᠤ ᠢᠵᠢ ᠲᠦᠬᠦᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠪᠢᠰᠤᠯᠲᠠ ᠶᠢ ᠨᠠᠩ ᠣᠯᠠᠨ ᠬᠦᠷᠢᠶ᠎ᠡ ᠴᠠᠷᠠᠭ᠎ᠠ ᠳᠤ ᠪᠦᠷᠬᠦᠭᠦᠯᠵᠦ᠂ ᠨᠠᠩ ᠣᠯᠠᠨ ᠠᠵᠤ ᠠᠬᠤᠶᠢᠯᠠᠯ ᠣᠯᠠᠨ ᠲᠦᠮᠡᠨ ᠳᠤ ᠠᠰᠢᠭ ᠬᠦᠷᠲᠡᠭᠡᠬᠦ ᠪᠣᠯᠣᠨ᠎ᠠ᠃