ᠰᠢ ᠶᠢᠨ ᠫᠢᠩ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠳᠤ ᠬᠠᠷᠢᠭᠤ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2025/5/16

      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ  ᠣᠶᠢᠷ᠎ᠠ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠳᠤ ᠬᠠᠷᠢᠭᠤ ᠵᠠᠬᠢᠳᠠᠯ ᠢᠯᠡᠭᠡᠵᠦ᠂ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ ᠵᠢᠴᠢ ᠭᠡᠰᠢᠭᠦᠨ ᠠᠵᠤ ᠠᠬᠤᠶᠢᠯᠠᠯ ᠢ ᠳᠤᠮᠳᠠᠳᠤ ᠳ᠋ᠠᠨᠮᠠᠷᠺ᠂ ᠳᠤᠮᠳᠠᠳᠤ ᠡᠸᠦ᠋ᠷᠦᠫᠡ ᠶᠢᠨ ᠨᠥᠬᠦᠷᠯᠡᠯ ᠢ ᠵᠤᠵᠠᠭᠠᠳᠬᠠᠬᠤ ᠪᠠ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ᠃

      ᠰᠢ ᠶᠢᠨ ᠫᠢᠩ᠂ ᠢᠷᠡᠭᠦᠯᠦᠭᠰᠡᠨ ᠵᠠᠬᠢᠳᠠᠯ ᠠᠴᠠ ᠴᠢᠨᠢ ᠲᠠᠨ ᠤ ᠳᠤᠮᠳᠠᠳᠤ ᠤᠯᠤᠰ ᠲᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠬᠤ ᠪᠠ ᠳ᠋ᠠᠨᠮᠠᠷᠺ ᠤᠨ ᠳᠤᠮᠳᠠᠳᠤ ᠤᠯᠤᠰ ᠲᠠᠬᠢ ᠠᠵᠤ ᠠᠬᠤᠶᠢᠯᠠᠯ ᠤᠨ ᠳᠤᠮᠳᠠᠳᠤ ᠤᠯᠤᠰ ᠤᠨ ᠢᠷᠡᠭᠡᠳᠦᠢ ᠶᠢᠨ ᠬᠥᠭᠵᠢᠯᠲᠡ ᠳᠤ ᠢᠲᠡᠭᠡᠯ ᠲᠠᠢ ᠪᠠᠶᠢᠬᠤ ᠶᠢ ᠣᠯᠵᠤ ᠮᠡᠳᠡᠪᠡ᠂ ᠪᠢ ᠡᠭᠦᠨ ᠢ ᠮᠠᠭᠲᠠᠨ ᠰᠠᠶᠢᠰᠢᠶᠠᠵᠤ ᠪᠠᠶᠢᠨ᠎ᠠ᠃ ᠳᠤᠮᠳᠠᠳᠤ ᠤᠯᠤᠰ ᠥᠩᠭᠡᠷᠡᠭᠰᠡᠨ ᠳᠤ᠂ ᠤᠳᠤ᠂ ᠢᠷᠡᠭᠡᠳᠦᠢ ᠳᠤ ᠴᠦ ᠯᠠᠪᠲᠠᠢ ᠭᠠᠳᠠᠭᠠᠳᠤ ᠶᠢᠨ ᠬᠤᠳᠠᠯᠳᠤᠭᠠᠴᠢᠳ ᠤᠨ ᠬᠦᠰᠡᠨ ᠰᠠᠨᠠᠭᠰᠠᠨ᠂ ᠠᠮᠤᠷ ᠲᠦᠪᠰᠢᠨ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠵᠣᠷᠢᠯᠲᠠᠳᠦ ᠭᠠᠵᠠᠷ ᠪᠣᠯᠣᠨ᠎ᠠ᠃ ᠳᠤᠮᠳᠠᠳᠤ ᠤᠯᠤᠰ ᠢ ᠢᠲᠡᠭᠡᠬᠦ ᠪᠣᠯ ᠳᠠᠷᠤᠢ ᠮᠠᠷᠭᠠᠰᠢ ᠪᠠᠨ ᠢᠲᠡᠭᠡᠵᠦ ᠪᠠᠶᠢᠭ᠎ᠠ ᠶᠠᠪᠤᠳᠠᠯ᠂ ᠳᠤᠮᠳᠠᠳᠤ ᠤᠯᠤᠰ ᠲᠤ ᠪᠡᠯᠡ ᠣᠷᠣᠭᠤᠯᠬᠤ ᠪᠣᠯ ᠳᠠᠷᠤᠢ ᠢᠷᠡᠭᠡᠳᠦᠢ ᠳᠡᠭᠡᠨ ᠪᠡᠯᠡ ᠣᠷᠣᠭᠤᠯᠵᠤ ᠪᠠᠶᠢᠭ᠎ᠠ ᠶᠠᠪᠤᠳᠠᠯ ᠮᠥᠨ᠃ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ ᠵᠢᠴᠢ ᠭᠡᠰᠢᠭᠦᠨ ᠠᠵᠤ ᠠᠬᠤᠶᠢᠯᠠᠯ ᠦᠷᠭᠦᠯᠵᠢᠯᠡᠨ ᠳᠤᠮᠳᠠᠳᠤ ᠳ᠋ᠠᠨᠮᠠᠷᠺ᠂ ᠳᠤᠮᠳᠠᠳᠤ ᠡᠸᠦ᠋ᠷᠦᠫᠡ ᠶᠢᠨ ᠬᠤᠭᠤᠷᠣᠨᠳᠤ ᠬᠥᠭᠦᠷᠭᠡ ᠬᠤᠯᠪᠣᠭᠠᠰᠤ ᠶᠢᠨ ᠦᠢᠯᠡᠳᠦᠯ ᠦᠵᠡᠭᠦᠯᠵᠦ᠂ ᠳᠤᠮᠳᠠᠳᠤ ᠳ᠋ᠠᠨᠮᠠᠷᠺ᠂ ᠳᠤᠮᠳᠠᠳᠤ ᠡᠸᠦ᠋ᠷᠦᠫᠡ ᠶᠢᠨ ᠣᠶᠢᠯᠠᠭᠠᠯᠴᠠᠭ᠎ᠠ ᠪᠣᠯᠣᠨ ᠨᠥᠬᠦᠷᠯᠡᠯ ᠢ ᠵᠤᠵᠠᠭᠠᠳᠬᠠᠬᠤ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃

       ᠲᠦᠷᠦᠭᠦᠬᠡᠨ᠂ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠬᠤᠪᠢ ᠬᠥᠮᠥᠨ ᠪᠣᠯᠣᠨ ᠬᠤᠳᠠᠯᠳᠤᠭᠠᠴᠢᠳ ᠤᠨ ᠨᠡᠶᠢᠭᠡᠮᠯᠢᠭ ᠤᠨ ᠨᠡᠷ᠎ᠡ ᠪᠠᠷ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠢᠯᠡᠭᠡᠵᠦ᠂ ᠳᠤᠮᠳᠠᠳᠤ ᠳ᠋ᠠᠨᠮᠠᠷᠺ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠳᠤ ᠪᠠᠶᠠᠷ ᠬᠦᠷᠭᠡᠵᠦ᠂ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠬᠦ ᠬᠦᠰᠡᠯ ᠡᠷᠡᠮᠡᠯᠵᠡᠯ ᠢᠶᠠᠨ ᠢᠯᠡᠳᠬᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ