ᠰᠢ ᠶᠢᠨ ᠫᠢᠩ ᠳᠤᠭᠤ᠋ ᠶᠢᠨ ᠰᠢᠨ᠎ᠡ ᠪᠠᠷ ᠲᠤᠰᠢᠶᠠᠯ ᠳᠤ ᠭᠠᠷᠤᠭᠰᠠᠨ ᠤᠳᠤᠷᠢᠳᠬᠤ ᠬᠥᠮᠥᠨ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/5/16

      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ  5 ᠰᠠᠷ᠎ᠠ ᠶᠢᠨ 14 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠠᠩ — ᠯᠢᠤᠶᠢᠰᠢ ᠠᠨ•ᠰᠠᠸᠢ•ᠳ᠋ᠸᠲ᠋ᠤᠹ ᠲᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠳᠤᠭᠣ᠋ ᠤᠯᠤᠰ ᠤᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃ ᠲᠤᠰ ᠡᠳᠦᠷ ᠲᠡᠷᠢᠭᠦᠯᠡᠭᠴᠢ ᠰᠢ ᠶᠢᠨ ᠫᠢᠩ ᠪᠠᠰᠠ ᠹᠦᠯᠸᠢ•ᠠᠶᠢᠰᠤᠴᠢᠮᠥ᠋ᠨᠠ•ᠨᠠᠰᠢᠨᠪᠸᠢ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠠ ᠨᠠᠶᠢᠷᠠᠮᠳᠠᠬᠤ ᠳᠤᠭᠣ᠋ ᠤᠯᠤᠰ ᠤᠨ ᠰᠠᠶᠢᠳ ᠨᠠᠷ ᠤᠨ ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃

      ᠰᠢ ᠶᠢᠨ ᠫᠢᠩ᠂ ᠳᠤᠮᠳᠠᠳᠤ ᠳᠤᠭᠤ᠋ ᠶᠢᠨ ᠨᠥᠭᠦᠷᠰᠡᠭ ᠬᠠᠷᠢᠯᠴᠠᠭ᠎ᠠ ᠶᠢ ᠬᠤᠶᠠᠷ ᠤᠯᠤᠰ ᠤᠨ ᠦᠶ᠎ᠡ ᠦᠶ᠎ᠡ ᠶᠢᠨ ᠤᠳᠤᠷᠢᠳᠬᠤ ᠬᠥᠮᠥᠰ ᠬᠠᠮᠲᠤ ᠪᠠᠷ ᠴᠣᠭᠴᠠᠯᠠᠨ ᠪᠠᠶᠢᠭᠤᠯᠵᠤ ᠨᠢᠮᠪᠠᠢ ᠪᠣᠶᠢᠵᠢᠭᠤᠯᠵᠠᠢ᠃ ᠬᠠᠭᠠᠰ ᠵᠠᠭᠤᠨ ᠭᠠᠷᠤᠢ ᠶᠢᠨ ᠲᠤᠷᠰᠢ ᠬᠤᠶᠠᠷ ᠲᠠᠯ᠎ᠠ ᠪᠠᠷ ᠢᠶᠠᠨ ᠢᠮᠠᠭᠲᠠ ᠦᠨᠡᠨᠴᠢ ᠨᠥᠭᠦᠷᠰᠡᠭ᠂ ᠡᠷᠬᠡ ᠲᠡᠭᠰᠢ ᠬᠠᠷᠢᠯᠴᠠᠨ ᠢᠲᠡᠭᠡᠯᠴᠡᠬᠦ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠵᠦ᠂ ᠶᠡᠭᠡ ᠪᠠᠭ᠎ᠠ ᠤᠯᠤᠰ ᠡᠷᠬᠡ ᠲᠡᠭᠰᠢ ᠪᠠᠷ ᠬᠠᠨᠳᠤᠯᠴᠠᠬᠤ ᠪᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠣᠯᠪᠠ᠃ 2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ ᠳᠤᠮᠳᠠᠳᠤ ᠳᠤᠭᠤ᠋ ᠶᠢᠨ ᠬᠠᠷᠢᠯᠴᠠᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠣᠨ ᠳᠡᠭᠡᠭᠰᠢᠯᠡᠵᠦ᠂ ᠬᠤᠶᠠᠷ ᠤᠯᠤᠰ ᠤᠨ ᠬᠠᠷᠢᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠪᠡ᠃ ᠪᠢ ᠳᠤᠮᠳᠠᠳᠤ ᠳᠤᠭᠤ᠋ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠳᠤᠭᠤ᠋ ᠶᠢᠨ ᠤᠳᠤᠷᠢᠳᠬᠤ ᠬᠥᠮᠥᠰ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠭᠢᠶᠠᠯ ᠪᠤᠯᠭᠠᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃

      ᠲᠤᠰ ᠡᠳᠦᠷ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠠᠰᠠ ᠴᠠᠭᠢᠯᠭᠠᠨ ᠴᠢᠮᠡᠭᠡ ᠶᠠᠪᠤᠭᠤᠯᠵᠤ᠂ ᠹᠦᠯᠸᠢ ᠶᠢᠨ ᠪᠦᠭᠦᠳᠠ ᠨᠠᠶᠢᠷᠠᠮᠳᠠᠬᠤ ᠳᠤᠭᠣ᠋ ᠤᠯᠤᠰ ᠤᠨ ᠰᠠᠶᠢᠳ ᠨᠠᠷ ᠤᠨ ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ