ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ 5 ᠰᠠᠷ᠎ᠠ ᠶᠢᠨ 16 ᠤ ᠡᠳᠦᠷ ᠬᠡᠪᠯᠡᠭᠳᠡᠭᠰᠡᠨ 10 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯᠲᠡ ᠦᠭᠡᠢ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2012 ᠣᠨ ᠤ 12 ᠰᠠᠷ᠎ᠠ ᠠᠴᠠ 2025 ᠣᠨ ᠤ 3 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠲᠣᠪᠴᠢᠯᠠᠯ ᠪᠣᠯᠣᠨ᠎ᠠ᠃
ᠵᠣᠬᠢᠶᠠᠯ ᠳᠤ᠂ ᠨᠠᠮ ᠤᠨ ᠰᠤᠷᠲᠠᠯ ᠤᠨ ᠠᠰᠠᠭᠤᠳᠠᠯ ᠨᠢ ᠲᠦᠷᠦ ᠪᠠᠷᠢᠭᠴᠢ ᠨᠠᠮ ᠤᠨ ᠮᠠᠨᠳᠤᠵᠤ ᠮᠥᠬᠦᠬᠦ ᠲᠠᠢ ᠬᠤᠯᠪᠣᠭᠳᠠᠨ᠎ᠠ᠃ ᠰᠤᠷᠲᠠᠯ ᠤᠨ ᠪᠠᠶᠢᠭᠤᠯᠤᠯᠲᠠ ᠨᠢ ᠮᠠᠨ ᠤ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠵᠤ ᠴᠢᠳᠠᠬᠤ ᠡᠰᠡᠬᠦ᠂ ᠲᠦᠷᠦ ᠪᠠᠷᠢᠬᠤ ᠡᠭᠦᠷᠭᠡ ᠪᠠᠨ ᠰᠠᠶᠢᠲᠤᠷ ᠭᠦᠢᠴᠡᠳᠬᠡᠵᠦ ᠴᠢᠳᠠᠬᠤ ᠡᠰᠡᠬᠦ ᠲᠠᠢ ᠬᠤᠯᠪᠣᠭᠳᠠᠵᠤ ᠪᠠᠶᠢᠳᠠᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠢᠳᠡ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠵᠦᠢᠯ ᠵᠦᠢᠯ ᠤᠨ ᠠᠰᠠᠭᠤᠳᠠᠯ ᠪᠠ ᠭᠡᠮ ᠰᠣᠭᠤᠭ ᠲᠤ ᠰᠢᠭᠤᠳ ᠬᠠᠨᠳᠤᠵᠤ᠂ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠬᠡᠷᠡᠭᠵᠢᠭᠦᠯᠬᠦ ᠠᠴᠠ ᠡᠬᠢᠯᠡᠨ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠪᠠᠶᠢᠳᠠᠯ ᠤᠨ ᠳᠣᠣᠷ᠎ᠠ ᠰᠤᠷᠲᠠᠯ ᠤᠨ ᠪᠠᠶᠢᠭᠤᠯᠤᠯᠲᠠ ᠳᠤ ᠶᠠᠭᠤ ᠶᠢ ᠠᠳᠬᠤᠬᠤ᠂ ᠬᠡᠷᠬᠢᠨ ᠠᠳᠬᠤᠬᠤ ᠠᠰᠠᠭᠤᠳᠠᠯ ᠢ ᠰᠢᠢᠳᠪᠦᠷᠢᠯᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠪᠠ᠃ ᠰᠢᠨ᠎ᠡ ᠴᠠᠭ ᠦᠶ᠎ᠡ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠬᠤᠪᠢᠰᠬᠠᠯᠲᠤ ᠴᠢᠨᠠᠷᠲᠠᠢ ᠳᠠᠪᠲᠠᠯᠲᠠ ᠪᠠᠷ ᠲᠠᠮᠵᠢᠨ ᠰᠠᠬᠢᠯᠭ᠎ᠠ ᠪᠠᠲᠤ ᠰᠤᠯᠠᠷᠠᠵᠤ᠂ ᠰᠤᠷᠲᠠᠯ ᠭᠦᠪᠰᠥᠭᠡᠷ ᠪᠣᠯᠤᠭᠰᠠᠨ ᠪᠠᠶᠢᠳᠠᠯ ᠢᠯᠡᠳᠲᠡ ᠬᠤᠪᠢᠷᠠᠵᠤ᠂ ᠦᠨᠡᠨ ᠬᠦ ᠬᠠᠮᠢᠶᠠᠷᠴᠤ ᠦᠨᠡᠨ ᠬᠦ ᠴᠢᠩᠳᠠᠯᠠᠵᠤ᠂ ᠵᠣᠷᠢᠭᠲᠠᠢ ᠬᠠᠮᠢᠶᠠᠷᠴᠤ ᠵᠣᠷᠢᠭᠲᠠᠢ ᠴᠢᠩᠳᠠᠯᠠᠵᠤ᠂ ᠤᠷᠳᠤ ᠬᠤᠭᠤᠴᠠᠭ᠎ᠠ ᠪᠠᠷ ᠬᠠᠮᠢᠶᠠᠷᠴᠤ ᠤᠷᠳᠤ ᠬᠤᠭᠤᠴᠠᠭ᠎ᠠ ᠪᠠᠷ ᠴᠢᠩᠳᠠᠯᠠᠬᠤ ᠠᠭᠤᠷ ᠠᠮᠢᠰᠬᠤᠯ ᠦᠨᠳᠦᠰᠦᠨ ᠳᠡᠭᠡᠨ ᠪᠦᠷᠢᠯᠳᠦᠵᠦ᠂ ᠨᠠᠮ ᠤᠨ ᠰᠤᠷᠲᠠᠯ ᠵᠠᠰᠠᠭ ᠤᠨ ᠰᠤᠷᠲᠠᠯ ᠳᠤ ᠴᠣ ᠰᠢᠨ᠎ᠡ ᠳᠦᠷᠰᠦ ᠪᠠᠶᠢᠳᠠᠯ ᠢᠯᠡᠷᠡᠵᠦ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠠᠷᠠᠳ ᠲᠦᠮᠡᠨ ᠤ ᠰᠡᠳᠬᠢᠯ ᠳᠠᠬᠢ ᠨᠠᠮ ᠤᠨ ᠳᠦᠷᠢ ᠲᠥᠷᠬᠦ ᠶᠢ ᠲᠠᠭᠢᠨ ᠱᠤᠭᠤᠵᠠᠢ ᠭᠡᠵᠦ ᠴᠢᠬᠤᠯᠠᠴᠢᠯᠠᠪᠠ᠃
ᠵᠣᠬᠢᠶᠠᠯ ᠳᠤ᠂ ᠨᠠᠢᠮᠠᠨ ᠲᠣᠭᠲᠠᠭᠠᠯ ᠤᠨ ᠵᠢᠯᠤᠭᠤᠳᠬᠤ ᠦᠵᠡᠯ ᠰᠠᠨᠠᠭ᠎ᠠ ᠪᠣᠯ ᠳᠠᠷᠤᠢ ᠴᠢᠩᠭ᠎ᠠ ᠪᠠᠶᠢᠬᠤ ᠱᠠᠭᠠᠷᠳᠠᠯᠭ᠎ᠠ ᠮᠥᠨ᠃ ᠨᠠᠮ ᠨᠢ ᠨᠠᠮ ᠢ ᠬᠠᠮᠢᠶᠠᠷᠬᠤ᠂ ᠨᠠᠮ ᠢ ᠴᠢᠩᠭ᠎ᠠ ᠵᠠᠰᠠᠬᠤ ᠶᠢ ᠢᠯᠡᠷᠡᠭᠦᠯᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠠᠴᠠ ᠡᠬᠢᠯᠡᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠲᠦᠷᠦᠭᠦᠯᠡᠨ ᠰᠤᠷᠲᠠᠯ ᠢᠶᠠᠨ ᠰᠠᠶᠢᠵᠢᠷᠠᠭᠤᠯᠵᠤ᠂ ᠲᠥᠪ ᠤᠨ ᠨᠠᠢᠮᠠᠨ ᠲᠣᠭᠲᠠᠭᠠᠯ ᠢ ᠴᠢᠩᠭ᠎ᠠ ᠬᠡᠷᠡᠭᠵᠢᠭᠦᠯᠦᠭᠰᠡᠨ ᠨᠢ ᠳᠠᠷᠤᠢ ᠪᠣᠳᠠᠲᠤ ᠠᠵᠢᠯᠯᠠᠭ᠎ᠠ ᠪᠠᠷ ᠢᠶᠠᠨ ᠪᠦᠭᠦ ᠨᠠᠮ ᠤᠨ ᠰᠤᠷᠲᠠᠯ ᠢᠶᠠᠨ ᠰᠠᠶᠢᠵᠢᠷᠠᠭᠤᠯᠬᠤ ᠳᠤ ᠰᠠᠶᠢᠨ ᠦᠯᠢᠭᠡᠷ ᠳᠠᠭᠤᠷᠢᠶᠠᠯ ᠦᠵᠡᠭᠦᠯᠭᠦ ᠶᠢᠨ ᠲᠥᠯᠥᠭᠡ ᠶᠤᠮ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ ᠳᠡᠭᠡᠷ᠎ᠡ ᠠᠴᠠ ᠳᠣᠷᠣᠭᠰᠢ ᠪᠠᠨ᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠵᠤ᠂ ᠨᠢᠭᠡ ᠱᠠᠲᠤ ᠨᠢ ᠨᠢᠭᠡ ᠱᠠᠲᠤᠨ ᠳᠠᠭᠠᠨ ᠳᠠᠭᠤᠷᠢᠶᠠᠯ ᠦᠵᠡᠭᠦᠯᠵᠦ᠂ ᠤᠬᠠᠮᠰᠠᠷ ᠠᠴᠠ ᠪᠠᠨ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠦᠵᠡᠭᠦᠯᠭᠦ ᠬᠡᠷᠡᠭᠲᠡᠢ᠃ ᠪᠢᠳᠠ ᠦᠨᠡᠨ ᠬᠦ ᠠᠳᠬᠤᠳᠠᠭ ᠯᠠ ᠶᠤᠮ ᠪᠣᠯ ᠰᠢᠢᠳᠪᠦᠷᠢᠯᠡᠵᠦ ᠴᠢᠳᠠᠬᠤ ᠦᠭᠡᠢ ᠠᠰᠠᠭᠤᠳᠠᠯ ᠭᠡᠵᠦ ᠦᠭᠡᠢ ᠶᠤᠮ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠰᠤᠷᠲᠠᠯ ᠤᠨ ᠠᠰᠠᠭᠤᠳᠠᠯ ᠪᠣᠯ ᠮᠥᠨ ᠴᠢᠨᠠᠷ ᠳᠡᠭᠡᠷ᠎ᠡ ᠪᠠᠨ ᠨᠠᠮᠴᠢ ᠴᠢᠨᠠᠷ ᠤᠨ ᠠᠰᠠᠭᠤᠳᠠᠯ ᠪᠣᠯᠣᠨ᠎ᠠ᠃ ︽ᠲᠦᠷᠪᠡᠨ ᠰᠤᠷᠲᠠᠯ︾ ᠤᠨ ᠠᠰᠠᠭᠤᠳᠠᠯ ᠤᠨ ᠦᠨᠳᠦᠰᠦ ᠨᠢ ᠪᠣᠯ ᠨᠠᠮᠴᠢ ᠴᠢᠨᠠᠷ ᠠᠴᠠ ᠲᠡᠷᠰᠯᠡᠵᠦ᠂ ᠵᠣᠷᠢᠯᠲᠠ ᠪᠠᠨ ᠠᠯᠳᠠᠭᠰᠠᠨ ᠶᠠᠪᠤᠳᠠᠯ ᠪᠣᠯᠣᠨ᠎ᠠ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠡᠷᠬᠡᠪᠰᠢ ᠨᠠᠮ ᠪᠣᠯᠣᠨ ᠠᠷᠠᠳ ᠤᠯᠠᠨ ᠤ ᠴᠢᠰᠤ ᠮᠢᠬᠠᠨ ᠤ ᠪᠠᠷᠢᠯᠳᠤᠯᠭ᠎ᠠ ᠶᠢ ᠪᠠᠲᠤᠯᠠᠬᠤ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯᠲᠡ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠴᠢᠯᠡᠭᠡᠨ ᠠᠴᠠ ᠪᠣᠯᠤᠭᠰᠠᠨ ᠨᠡᠶᠢᠯᠡᠭ ᠭᠡᠮ︾ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠵᠤ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠵᠡᠷᠭᠡ ᠭᠠᠵᠢᠭᠤ ᠰᠤᠷᠲᠠᠯ ᠮᠠᠭᠤ ᠳᠠᠳᠬᠠᠯ ᠢ ᠴᠤᠬᠤᠶᠢᠮᠠᠬᠴᠠ ᠠᠷᠢᠯᠭᠠᠵᠤ᠂ ︽ᠲᠦᠷᠪᠡᠨ ᠰᠤᠷᠲᠠᠯ︾ ᠤᠨ ᠨᠢᠭᠤᠭᠳᠠᠮᠠᠯ ᠣᠨᠳᠣᠣᠰᠢᠯ ᠤᠨ ᠰᠢᠨ᠎ᠡ ᠬᠠᠨᠳᠤᠰᠢ ᠶᠢ ᠴᠠᠭ ᠢᠮᠠᠭᠲᠠ ᠰᠡᠷᠭᠡᠶᠢᠯᠡᠵᠦ᠂ ᠲᠠᠭᠢᠨ ᠰᠡᠷᠭᠦᠬᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ︕ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠬᠤ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠰᠤᠷᠲᠠᠯ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠪᠤᠯᠭᠠᠵᠤ᠂ ᠴᠢᠭᠯᠡᠭᠦᠯᠦᠯᠲᠦ ᠴᠢᠨᠠᠷᠲᠠᠢ ᠠᠷᠭ᠎ᠠ ᠬᠡᠮᠵᠢᠶ᠎ᠡ ᠶᠢ ᠰᠤᠳᠤᠯᠵᠤ᠂ ᠰᠢᠨᠵᠢᠯᠡᠬᠦ ᠤᠬᠠᠭᠠᠨᠴᠢ ᠣᠨᠣᠴᠠᠲᠠᠢ ᠬᠠᠷᠠᠯᠲᠠ ᠲᠠᠢ ᠪᠠᠷ ᠴᠡᠭᠴᠡᠯᠡᠨ ᠵᠠᠰᠠᠵᠤ᠂ ᠬᠠᠲᠠᠭᠤ ᠲᠠᠢ ᠨᠢ ᠬᠠᠯᠳᠠᠵᠤ᠂ ᠪᠣᠳᠠᠲᠤ ᠦᠷ᠎ᠡ ᠪᠦᠲᠦᠮᠵᠢ ᠶᠢ ᠡᠷᠭᠢᠮᠯᠡᠭᠦ ᠬᠡᠷᠡᠭᠲᠡᠢ᠃ ᠴᠥᠬᠦᠷᠡᠰᠢ ᠦᠭᠡᠢ ᠴᠢᠷᠮᠠᠶᠢᠨ ᠲᠡᠮᠡᠴᠡᠬᠦ ᠡᠷᠴᠢ ᠵᠣᠷᠢᠭ᠂ ᠪᠡᠷᠬᠡ ᠳᠠᠪᠠᠭ᠎ᠠ ᠶᠢ ᠳᠠᠪᠠᠭ᠋ᠤ ᠰᠥᠰᠥ ᠵᠣᠷᠢᠭ ᠢᠶᠠᠷ ᠲᠣᠭᠲᠠᠯ ᠬᠦᠴᠦᠨ ᠢᠶᠠᠨ ᠪᠠᠲᠤᠯᠠᠵᠤ᠂ ᠥᠴᠥᠬᠡᠨ ᠴᠦ ᠨᠠᠶᠢᠷ ᠲᠠᠯᠪᠢᠬᠤ ᠦᠭᠡᠢ ᠪᠠᠶᠢᠵᠤ᠂ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠲᠤᠭᠤᠰᠢᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠪᠠᠯ ᠭᠡᠮ ᠠᠷᠬᠠᠭ ᠢ ᠠᠯᠬᠤᠮ ᠠᠯᠬᠤᠮ ᠢᠶᠠᠷ ᠠᠷᠢᠯᠭᠠᠵᠤ᠂ ᠲᠥᠪ ᠴᠢᠬᠡᠴᠢ ᠪᠠᠶᠢᠬᠤ ᠶᠢ ᠪᠡᠶᠡᠯᠡᠭᠦᠯᠵᠦ ᠴᠢᠳᠠᠨ᠎ᠠ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ᠂ ᠳᠠᠭᠤᠰᠤᠰᠢ ᠦᠭᠡᠢ ᠶᠤᠮ᠃ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠬᠡᠷᠡᠭᠵᠢᠭᠦᠯᠬᠦ ᠪᠣᠯ ᠮᠠᠨ ᠤ ᠨᠠᠮ ᠤᠨ ᠰᠢᠨ᠎ᠡ ᠴᠠᠭ ᠦᠶ᠎ᠡ ᠶᠢᠨ ᠢᠲᠡᠭᠡᠯ ᠪᠠᠶᠢᠭᠤᠯᠬᠤ ᠠᠵᠢᠯᠯᠠᠭ᠎ᠠ ᠮᠥᠨ᠂ ᠡᠷᠬᠡᠪᠰᠢ ᠴᠥᠬᠦᠷᠡᠰᠢ ᠦᠭᠡᠢ ᠪᠠᠶᠢᠩᠭᠤ ᠠᠳᠬᠤᠵᠤ᠂ ᠤᠳᠠᠭᠠᠨ ᠳᠠᠭᠠᠭᠠᠮᠠᠭᠠᠢ ᠪᠠᠷᠢᠮᠲᠠᠯᠠᠵᠤ᠂ ᠠᠷᠪᠠᠨ ᠵᠢᠯ ᠬᠦᠷᠬᠦ ᠦᠭᠡᠢ ᠪᠣᠯ ᠬᠤᠷᠢᠨ ᠵᠢᠯ᠂ ᠬᠤᠷᠢᠨ ᠵᠢᠯ ᠬᠦᠷᠬᠦ ᠦᠭᠡᠢ ᠪᠣᠯ ᠭᠤᠴᠢᠨ ᠵᠢᠯ ᠴᠢᠷᠮᠠᠶᠢᠵᠤ᠂ ᠬᠡᠪ ᠰᠤᠷᠲᠠᠯ ᠢ ᠦᠨᠡᠨ ᠬᠦ ᠬᠤᠪᠢᠷᠠᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ᠃ ᠪᠢᠳᠡ ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ᠂ ᠲᠡᠮᠦᠷ ᠪᠠᠷᠢᠪᠠᠯ ᠤᠷᠤᠮ ᠲᠠᠢ ᠪᠠᠶᠢᠬᠤ ᠡᠷᠴᠢ ᠵᠣᠷᠢᠭ ᠢᠶᠠᠷ ᠠᠳᠬᠤᠵᠤ᠂ ᠰᠠᠶᠢᠨ ᠢᠶᠠᠷ ᠡᠬᠢᠯᠡᠭᠦᠯᠵᠦ ᠰᠠᠶᠢᠨ ᠢᠶᠠᠷ ᠲᠡᠭᠦᠰᠬᠡᠵᠦ᠂ ᠴᠢᠳᠠᠮᠠᠭᠠᠢ ᠠᠵᠢᠯᠯᠠᠵᠤ ᠰᠠᠶᠢᠨ ᠦᠷ᠎ᠡ ᠪᠦᠲᠦᠭᠡᠯ ᠭᠠᠷᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠠᠴᠠ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠣᠭᠲᠠᠪᠠ᠂ ᠡᠨᠡ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠣᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ ᠭᠡᠰᠢᠭᠦᠨ᠂ ᠺᠠᠳ᠋ᠷ ᠤᠨ ᠲᠣᠭᠲᠠᠯ ᠬᠦᠴᠦᠨ ᠢᠶᠠᠨ ᠨᠡᠮᠡᠭᠳᠡᠭᠦᠯᠬᠦ᠂ ᠳᠠᠳᠬᠠᠯ ᠪᠤᠯᠬᠤ ᠶᠢ ᠠᠬᠢᠭᠤᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠣᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃