ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠᠨ ᠠᠪᠤᠭᠰᠠᠨ ᠠᠵᠢᠯ ᠠᠯᠳᠠᠭᠰᠠᠳ ᠤᠨ ᠡᠮᠴᠢᠯᠡᠭᠡᠨ ᠤ ᠳᠠᠭᠠᠳᠬᠠᠯ ᠢ ᠶᠠᠭᠠᠬᠢᠬᠤ ᠪᠤᠶ︖ ᠥᠪᠡᠷᠰᠡᠳ ᠢᠶᠠᠨ ᠰᠦᠢᠳᠬᠡᠯ ᠲᠤᠰᠢᠶᠠᠬᠤ ᠴᠢᠬᠤᠯᠠ ᠲᠠᠢ ᠦᠦ︖ ᠡᠪᠡᠳᠴᠢᠨ ᠢᠶᠠᠨ ᠦᠵᠡᠭᠦᠯᠬᠦ ᠳᠤ ᠲᠠᠩᠰᠠ ᠪᠠᠰᠠ ᠳᠡᠶᠢᠯᠵᠦ ᠲᠠᠶᠢᠯᠤᠨ᠎ᠠ ᠦᠦ︖ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠤᠭᠤᠴᠠᠭᠠᠨ ᠳᠤ ᠴᠣᠬᠤᠮ ᠶᠠᠮᠠᠷ ᠶᠠᠮᠠᠷ ᠬᠠᠷᠠᠭᠠᠯᠵᠠᠯ ᠭᠥᠷᠳᠡᠵᠦ ᠪᠣᠯᠬᠤ ᠪᠤᠶ︖ ᠤᠯᠠᠨ ᠤ ᠠᠩᠬᠠᠷᠴᠤ ᠪᠠᠶᠢᠭ᠎ᠠ ᠡᠳᠡᠭᠡᠷ ᠠᠰᠠᠭᠤᠳᠠᠯ ᠤᠳ ᠲᠤ ᠨᠢᠭᠡᠳ ᠨᠢᠭᠡ ᠪᠠᠷ ᠬᠠᠷᠢᠭᠤᠯᠲᠠ ᠥᠭᠭᠦᠶ᠎ᠡ ᠃
ᠨᠢᠭᠡ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠤᠭᠤᠴᠠᠭᠠᠨ ᠳᠤ ᠦᠷᠭᠦᠯᠵᠢᠯᠡᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠬᠦᠷᠲᠡᠵᠦ ᠪᠣᠯᠣᠨ᠎ᠠ ᠦᠦ︖
ᠪᠣᠯᠣᠨ᠎ᠠ᠃ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠥᠮᠥᠰ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠪᠠᠷ ᠲᠤᠰᠢᠶᠠᠬᠤ ᠶᠣᠰᠣᠲᠠᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠠᠴᠠ ᠲᠤᠰᠢᠶᠠᠵᠤ ᠥᠭᠬᠦᠨ᠎ᠡ᠂ ᠬᠤᠪᠢ ᠬᠥᠮᠥᠨ ᠰᠦᠢᠳᠬᠡᠯ ᠲᠤᠰᠢᠶᠠᠬᠤ ᠦᠭᠡᠢ᠃ ᠥᠭᠡᠷ᠎ᠡ ᠪᠠᠷ ᠬᠡᠯᠡᠪᠡᠯ᠂ ᠠᠵᠢᠯ ᠠᠯᠳᠠᠭᠰᠠᠳ ᠤᠨ ᠡᠮᠴᠢᠯᠡᠭᠡᠨ ᠤ ᠳᠠᠭᠠᠳᠬᠠᠯ ᠢ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦᠨ ᠠᠴᠠ ᠰᠢᠭᠤᠳ ᠲᠤᠰᠢᠶᠠᠵᠤ ᠥᠭᠭᠦᠨ᠎ᠡ ᠃
ᠬᠤᠶᠠᠷ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠥᠮᠥᠰ ᠥᠪᠡᠷᠰᠡᠳ ᠢᠶᠠᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠴᠢᠬᠤᠯᠠ ᠲᠠᠢ ᠦᠦ︖
ᠠᠵᠢᠯ ᠠᠯᠳᠠᠭᠰᠠᠳ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠡᠯ᠎ᠡ ᠱᠠᠲᠤᠨ ᠤ ᠠᠵᠢᠯ ᠠᠯᠳᠠᠭᠰᠠᠳ ᠤᠨ ᠳᠠᠭᠠᠳᠬᠠᠯ ᠢ ᠭᠠᠷᠳᠠᠨ ᠬᠢᠬᠦ ᠪᠠᠶᠢᠭᠤᠯᠤᠮᠵᠢ ᠨᠤᠭᠤᠳ ᠰᠠᠷ᠎ᠠ ᠪᠠᠷ ᠨᠢᠭᠡᠴᠢ ᠪᠣᠯᠭᠠᠨ ᠣᠷᠣᠯᠠᠨ ᠲᠤᠰᠢᠶᠠᠨ᠎ᠠ᠃ ᠠᠵᠢᠯ ᠠᠯᠳᠠᠭᠰᠠᠳ ᠲᠤ ᠠᠪᠴᠤ ᠬᠡᠯᠡᠪᠡᠯ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠᠨ ᠭᠤᠶᠤᠴᠢᠯᠠᠨ ᠣᠯᠣᠭᠰᠠᠨ ᠤ ᠳᠠᠷᠠᠭ᠎ᠠ᠂ ᠥᠪᠡᠷᠰᠡᠳ ᠢᠶᠠᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠴᠢᠬᠤᠯᠠ ᠦᠭᠡᠢ᠃
ᠭᠤᠷᠪᠠ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠥᠮᠥᠰ ᠶᠠᠮᠠᠷ ᠶᠠᠮᠠᠷ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠬᠦᠷᠲᠡᠵᠦ ᠪᠣᠯᠬᠤ ᠪᠤᠢ︖
ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠥᠮᠥᠰ ᠨᠢ ᠠᠵᠢᠯ ᠤᠨ ᠪᠠᠶᠢᠷᠢᠨ ᠳᠤ ᠪᠠᠨ ᠪᠠᠶᠢᠭ᠎ᠠ ᠠᠵᠢᠯᠲᠠᠨ ᠠᠵᠢᠯᠴᠢᠨ ᠲᠠᠢ ᠡᠭᠡᠭᠡ ᠠᠳᠠᠯᠢᠬᠠᠨ ᠢᠶᠠᠷ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ︵ᠡᠮᠨᠡᠯᠭᠡ ᠳᠤ ᠰᠠᠭᠤᠬᠤ᠂ ᠡᠩ ᠤᠨ ᠡᠭᠦᠳᠡᠨ ᠡᠮᠨᠡᠯᠭᠡ ᠳᠤ ᠡᠮᠨᠡᠭᠦᠯᠬᠦ᠂ ᠡᠭᠦᠳᠡᠨ ᠡᠮᠨᠡᠯᠭᠡ ᠳᠤ ᠤᠵᠢᠭ ᠡᠪᠡᠳᠴᠢᠨ ᠣᠨᠴᠠᠭᠠᠶ ᠡᠪᠡᠳᠴᠢᠨ ᠡᠮᠨᠡᠭᠦᠯᠬᠦ ᠳᠤ ᠨᠢᠭᠡᠳᠦᠯᠲᠡᠢ ᠲᠥᠯᠥᠪᠯᠡᠬᠦ ᠬᠠᠷᠠᠭᠠᠯᠵᠠᠯ ᠢ ᠪᠠᠭᠲᠠᠭᠠᠨ᠎ᠠ︶ ᠪᠠ ᠦᠷᠡᠵᠢᠯ ᠤᠨ ᠳᠠᠭᠠᠳᠬᠠᠯ ᠤᠨ ᠬᠠᠷᠠᠭᠠᠯᠵᠠᠯ ᠢ ᠬᠦᠷᠲᠡᠵᠦ ᠪᠣᠯᠣᠨ᠎ᠠ ᠃
ᠳᠥᠷᠪᠡ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠤᠭᠤᠴᠠᠭᠠᠨ ᠳᠤ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠦᠷᠭᠦᠯᠵᠢᠯᠡᠨ ᠬᠦᠷᠲᠡᠭᠡᠳ ᠪᠠᠶᠢᠵᠤ ᠪᠣᠯᠣᠨ᠎ᠠ ᠦᠦ︖
ᠪᠣᠯᠣᠨ᠎ᠠ᠃ ᠠᠵᠢᠯ ᠠᠯᠳᠠᠭᠰᠠᠳ ᠢ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠤᠭᠤᠴᠠᠭᠠᠨ ᠳᠤ᠂ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠠᠴᠠ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠨᠢ ᠢᠵᠢᠯ ᠠᠯᠬᠤᠮ ᠢᠶᠠᠷ ᠲᠤᠰᠢᠶᠠᠵᠤ ᠥᠭᠭᠦᠨ᠎ᠡ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠬᠡᠳᠦᠢ ᠤᠷᠲᠤ ᠬᠤᠭᠤᠴᠠᠭ᠎ᠠ ᠠᠪᠤᠪᠠᠯ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠨᠢ ᠳᠠᠷᠤᠢ ᠲᠡᠳᠦᠢ ᠤᠷᠲᠤ ᠬᠤᠭᠤᠴᠠᠭ᠎ᠠ ᠲᠤᠰᠢᠶᠠᠵᠤ ᠥᠭᠭᠦᠨ᠎ᠡ᠃
ᠲᠠᠪᠤ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠤᠭᠤᠴᠠᠭᠠᠨ ᠳᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠶᠢ ᠨᠡᠶᠢᠯᠡᠭᠦᠯᠦᠨ ᠪᠤᠳᠤᠵᠤ ᠥᠭᠭᠦᠨ᠎ᠡ ᠦᠦ︖
ᠪᠣᠳᠣᠵᠤ ᠥᠭᠭᠦᠨ᠎ᠡ ᠃ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠥᠮᠥᠰ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠪᠠᠷ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠶᠢ ᠨᠢ ᠲᠡᠭᠦᠨ ᠤ ᠠᠵᠢᠯ ᠠᠯᠳᠠᠬᠤ ᠠᠴᠠ ᠡᠮᠦᠨᠡᠬᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠪᠠᠷ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠲᠠᠢ ᠨᠢ ᠨᠡᠶᠢᠯᠡᠭᠦᠯᠦᠨ ᠪᠣᠳᠣᠨ᠎ᠠ᠃