5 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ︽ᠦᠨᠡᠨ︾ ᠰᠡᠳᠬᠦᠯ ᠤᠨ 2025 ᠣᠨ ᠤ 10 ᠳ᠋ᠤᠭᠠᠷ ᠬᠤᠭᠤᠴᠠᠭ᠎ᠠ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯᠲᠡ ᠦᠭᠡᠢ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠪᠦᠭᠦ ᠣᠷᠣᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃
ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠲᠠᠢ ᠤᠶᠠᠯᠳᠤᠭᠤᠯᠵᠤ ᠪᠠᠶᠢᠭᠠᠳ ᠨᠢᠭᠡ ᠴᠣᠭᠴᠠᠵᠢᠭᠤᠯᠤᠨ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠥᠬᠦᠷᠡᠯᠲᠡ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠵᠦ᠂ ᠰᠢᠯᠢᠳᠡᠭ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠤᠨ᠂ ︽ᠲᠦᠷᠪᠡᠨ ᠰᠤᠷᠲᠠᠯ︾ ᠤᠨ ᠲᠠᠯ᠎ᠠ ᠪᠠᠷ ᠬᠢ ᠬᠠᠭᠤᠴᠢᠨ ᠠᠰᠠᠭᠤᠳᠠᠯ ᠪᠠ ᠰᠢᠨ᠎ᠡ ᠢᠯᠡᠷᠡᠯ ᠢ ᠬᠢᠨᠠᠮᠠᠭᠠᠢ ᠪᠠᠶᠢᠴᠠᠭᠠᠨ ᠦᠵᠡᠵᠦ᠂ ᠢᠯᠠᠩᠭᠤᠶ᠎ᠠ ᠠᠵᠢᠯᠯᠠᠭ᠎ᠠ ᠤᠳᠠᠭᠠᠨ ᠪᠠᠶᠢᠬᠤ ᠪᠠ ᠠᠰᠠᠭᠤᠳᠠᠯ ᠢ ᠰᠢᠢᠳᠪᠦᠷᠢᠯᠡᠭᠰᠡᠨ ᠨᠢ ᠦᠨᠡᠨ ᠪᠣᠳᠠᠲᠠᠢ ᠪᠢᠰᠢ ᠪᠠᠶᠢᠬᠤ ᠵᠡᠷᠭᠡ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠨᠳᠤᠯᠭᠠᠲᠤ ᠴᠢᠨᠠᠷᠲᠠᠢ ᠪᠠᠷ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠬᠡᠷᠡᠭᠲᠡᠢ᠃ ᠰᠤᠷᠲᠠᠯ ᠢᠯᠵᠢᠷᠡᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠶᠢ ᠪᠠᠷᠢᠮᠲᠠᠯᠠᠵᠤ᠂ ᠡᠷᠬᠡ ᠲᠥᠪᠯᠡᠷᠡᠭᠰᠡᠨ᠂ ᠪᠡᠯᠡ ᠮᠥᠩᠭᠦ ᠲᠥᠪᠯᠡᠷᠡᠭᠰᠡᠨ᠂ ᠡᠬᠢ ᠪᠠᠶᠠᠯᠢᠭ ᠲᠥᠪᠯᠡᠷᠡᠭᠰᠡᠨ ᠬᠦᠷᠢᠶᠡᠨ ᠳᠠᠬᠢ ᠢᠯᠵᠢᠷᠡᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ᠂ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠰᠤᠷᠤᠯᠴᠠᠬᠤ ᠪᠠᠶᠢᠴᠠᠭᠠᠬᠤ ᠵᠠᠯᠠᠷᠠᠭᠤᠯᠬᠤ ᠡᠯ᠎ᠡ ᠲᠠᠯ᠎ᠠ ᠶᠢᠨ ᠠᠵᠢᠯ ᠳᠤ ᠱᠠᠲᠤᠴᠢ ᠴᠢᠨᠠᠷᠲᠠᠢ ᠦᠷ᠎ᠡ ᠪᠦᠲᠦᠮᠵᠢ ᠣᠯᠣᠭᠰᠠᠨ ᠪᠤᠯᠪᠠᠴᠤ ᠪᠠᠰᠠ ᠵᠠᠷᠢᠮ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠤᠢ᠃ ᠡᠯ᠎ᠡ ᠱᠠᠲᠤᠨ ᠤ ᠬᠢᠨ ᠲᠥᠪ ᠤᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠪᠣᠳᠠᠲᠠᠢ ᠨᠠᠷᠢᠯᠢᠭ ᠠᠳᠬᠤᠬᠤ ᠬᠡᠷᠡᠭᠲᠡᠢ᠃ ᠰᠤᠷᠤᠯᠴᠠᠬᠤ ᠪᠠᠶᠢᠴᠠᠭᠠᠬᠤ ᠵᠠᠯᠠᠷᠠᠭᠤᠯᠬᠤ ᠠᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠨᠠᠮ ᠤᠨ ᠭᠡᠰᠢᠭᠦᠨ᠂ ᠺᠠᠳ᠋ᠷ ᠢ ᠵᠣᠬᠢᠶᠠᠨ ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠥ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠡᠪᠳᠡᠷᠡᠳᠡᠯ᠎ᠡ ᠣᠶᠢᠯᠠᠭᠠᠵᠤ᠂ ᠬᠥᠮᠥᠨ ᠪᠠ ᠬᠡᠷᠡᠭ ᠶᠠᠪᠤᠳᠠᠯ ᠢ ᠦᠵᠡᠵᠦ ᠠᠰᠠᠭᠤᠳᠠᠯ ᠢ ᠡᠷᠢᠵᠦ ᠵᠠᠯᠠᠷᠠᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠢ ᠭᠠᠷᠳᠠᠴᠠ ᠲᠠᠢ ᠪᠤᠯᠭᠠᠬᠤ ᠪᠠᠷ ᠴᠢᠷᠮᠠᠶᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠤ ᠲᠠᠷᠠᠭ᠎ᠠ ᠴᠡᠭ ᠢᠶᠠᠷ ᠨᠡᠶᠢᠳᠡᠮ ᠢ ᠳᠠᠶᠢᠴᠢᠯᠠᠬᠤ ᠦᠷ᠎ᠡ ᠪᠦᠲᠦᠮᠵᠢ ᠣᠯᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠩᠭ᠎ᠠ ᠪᠣᠳᠠᠲᠠᠢ ᠠᠳᠬᠤᠵᠤ᠂ ᠴᠡᠭᠴᠡᠯᠡᠨ ᠵᠠᠰᠠᠬᠤ ᠲᠥᠷᠥᠯ ᠵᠦᠢᠯ ᠪᠠ ᠪᠠᠷᠢᠮᠵᠢᠶ᠎ᠠ ᠶᠢ ᠦᠨᠡᠨ ᠪᠣᠳᠠᠲᠠᠢ ᠲᠣᠭᠲᠠᠭᠠᠵᠤ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠵᠦ᠂ ᠨᠢᠭᠡᠳᠦᠯᠲᠡᠢ ᠲᠥᠯᠥᠪᠵᠢᠭᠦᠯᠦᠨ ᠪᠦᠭᠦᠨ ᠢ ᠬᠠᠮᠤᠷᠴᠤ ᠴᠡᠭᠴᠡᠯᠡᠨ ᠵᠠᠰᠠᠬᠤ ᠶᠢ ᠠᠬᠢᠭᠤᠯᠵᠤ᠂ ᠳᠦᠷᠢᠮ ᠲᠣᠭᠲᠠᠭᠠᠯ ᠲᠣᠭᠲᠠᠭᠠᠬᠤ ᠳᠤ ᠲᠦᠰᠢᠭᠯᠡᠨ ᠠᠰᠠᠭᠤᠳᠠᠯ ᠢ ᠦᠨᠳᠦᠰᠦᠨ ᠠᠴᠠ ᠨᠢ ᠴᠡᠭᠴᠡᠯᠡᠨ ᠰᠠᠶᠢᠵᠢᠷᠠᠭᠤᠯᠬᠤ᠂ ᠠᠯᠳᠠᠰᠢ ᠶᠢ ᠬᠤᠷᠢᠭᠯᠠᠬᠤ ᠶᠢ ᠴᠢᠬᠤᠯᠠᠴᠢᠯᠠᠵᠤ᠂ ᠴᠡᠭᠴᠡᠯᠡᠨ ᠰᠠᠶᠢᠵᠢᠷᠠᠭᠤᠯᠬᠤ ᠳᠤᠮᠳᠠ ᠬᠠᠰᠢ ᠶᠠᠰᠢ ᠪᠠᠷ ᠠᠯᠪᠠ ᠬᠠᠭᠠᠭᠰᠠᠳ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ᠃ ᠨᠢᠭᠤᠷ ᠲᠠᠯ᠎ᠠ ᠬᠠᠷᠠᠬᠤ ᠦᠭᠡᠢ ᠪᠠᠷ ᠦᠨᠡᠨ ᠬᠦ ᠬᠢᠨᠠᠨ ᠵᠢᠯᠤᠭᠤᠳᠴᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠮᠡᠳᠡᠭᠦᠯᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠱᠠᠯᠠᠪᠳᠠᠭᠤᠯᠵᠤ ᠪᠠᠶᠢᠭᠠᠳ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠪᠠᠶᠢᠭᠤᠯᠭ᠎ᠠ ᠪᠣᠯᠣᠨ ᠤᠳᠤᠷᠢᠳᠬᠤ ᠺᠠᠳ᠋ᠷ ︽ᠲᠦᠷᠦᠭᠦᠴᠢ ᠭᠠᠯᠠᠭᠤ ᠶᠢᠨ ᠦᠢᠯᠡᠳᠦᠯ︾ ᠢ ᠪᠠᠳᠠᠷᠠᠭᠤᠯᠵᠤ᠂ ᠮᠤᠵᠢ ᠶᠢᠨ ᠱᠠᠲᠤᠨ ᠤ ᠤᠳᠤᠷᠢᠳᠬᠤ ᠺᠠᠳ᠋ᠷ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠲᠦᠷᠦᠭᠦᠯᠡᠨ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠣᠯᠣᠨ ᠭᠠᠵᠠᠷ ᠣᠷᠣᠨ ᠲᠠᠢ ᠬᠠᠷᠢᠯᠴᠠᠬᠤ ᠺᠠᠳ᠋ᠷ ᠤᠨ ᠡᠩᠨᠡᠭᠡ ᠶᠢᠨ ᠰᠤᠷᠲᠠᠯ ᠤᠨ ᠪᠠᠶᠢᠳᠠᠯ ᠢ ᠭᠦᠨᠵᠡᠭᠡᠢ ᠣᠶᠢᠯᠠᠭᠠᠨ ᠡᠵᠡᠮᠰᠢᠵᠦ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠰᠤᠷᠲᠠᠯ ᠤᠨ ᠪᠠᠶᠢᠭᠤᠯᠤᠯᠲᠠ ᠶᠢ ᠠᠳᠬᠤᠬᠤ ᠶᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠳᠬᠤᠬᠤ ᠯᠤᠭ᠎ᠠ ᠨᠢᠭᠡᠳᠦᠯᠲᠡᠢ ᠲᠥᠯᠥᠪᠵᠢᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠲᠠ ᠭᠦᠷᠲᠡᠯ᠎ᠡ᠂ ᠳᠠᠭᠢᠭᠠᠳ ᠬᠤᠰᠢᠭᠤ ᠰᠢᠶᠠᠨ ᠭᠦᠷᠲᠡᠯ᠎ᠡ ᠪᠦᠷ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠭᠡᠬᠦ ᠡᠨᠡ ᠬᠦ ᠭᠤᠣᠯ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠵᠤ ᠠᠬᠤᠢ ᠶᠢ ᠬᠦᠴᠦᠯᠡᠨ ᠲᠡᠮᠡᠴᠡᠬᠦ᠂ ᠬᠥᠭᠵᠢᠯᠲᠡ ᠶᠢ ᠠᠬᠢᠭᠤᠯᠬᠤ ᠡᠷᠴᠢ ᠵᠣᠷᠢᠭ ᠢᠶᠠᠨ ᠬᠥᠪᠴᠢᠯᠡᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠬᠤ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ᠡᠯ᠎ᠡ ᠲᠦᠷᠦᠯ ᠤᠨ ᠠᠭᠤᠷᠬᠠᠢ ᠶᠢᠨ ᠠᠵᠤ ᠠᠬᠤᠶᠢᠯᠠᠯ ᠤᠨ ᠨᠡᠭᠡᠭᠡᠵᠦ ᠪᠤᠯᠬᠤ ᠶᠢ ᠨᠢ ᠪᠦᠭᠦᠨ ᠢ ᠨᠡᠭᠡᠭᠡᠬᠦ ᠶᠢ ᠠᠬᠢᠭᠤᠯᠵᠤ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠭᠠᠷᠤᠯᠲᠠ ᠶᠢ ᠲᠣᠭᠲᠠᠪᠤᠷᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠰᠦᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ ︵ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ︶︾ ᠢ ᠬᠢᠨᠠᠨ ᠵᠥᠪᠯᠡᠵᠦ᠂ ᠡᠯ᠎ᠡ ᠱᠠᠲᠤᠨ ᠤ ᠬᠢᠨ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠵᠤ᠂ ᠳᠦᠷᠢᠮ ᠤᠨ ᠬᠡᠷᠡᠭᠵᠢᠭᠦᠯᠦᠯᠲᠡ ᠶᠢ ᠵᠢᠷᠤᠮᠵᠢᠭᠤᠯᠵᠤ᠂ ᠴᠠᠯᠢᠩ ᠥᠷᠢᠲᠦᠬᠦ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠮᠠᠭᠤ ᠰᠠᠨᠠᠭ᠎ᠠ ᠪᠠᠷ ᠴᠠᠯᠢᠩ ᠥᠷᠢᠲᠦᠬᠦ ᠶᠢ ᠴᠢᠩᠭ᠎ᠠ ᠰᠢᠳᠭᠡᠵᠦ᠂ ᠬᠥᠯᠥᠰᠦᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃