​ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ  ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ  ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2025/5/19


5 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠪᠦᠭᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠠᠳ ᠣᠯᠣᠭᠰᠠᠨ ᠢᠯᠡᠳᠲᠡ ᠦᠷ᠎ᠡ ᠪᠦᠲᠦᠮᠵᠢ ᠪᠣᠯᠣᠨ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠰᠤᠷᠤᠯᠴᠠᠨ ᠠᠰᠢᠭᠯᠠᠬᠤ ᠪᠠᠷ ᠭᠤᠣᠯ ᠰᠡᠳᠦᠪ ᠪᠣᠯᠭᠠᠨ 2025 ᠣᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃

ᠬᠤᠷᠠᠯ ᠳᠡᠭᠡᠷ᠎ᠡ᠂ ᠯᠢᠦ ᠱᠤᠸᠠᠩ᠂ ᠯᠢ ᠢᠦᠢ ᠭᠠᠩ ᠲᠤᠰ ᠲᠤᠰ ︽ᠨᠠᠢᠮᠠᠨ ᠲᠣᠭᠲᠠᠭᠠᠯ ᠳᠤᠮᠳᠠᠳᠤ ᠤᠯᠤᠰ ᠢ ᠬᠤᠪᠢᠷᠠᠭᠤᠯᠪᠠ︾᠂ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ︾ ᠶᠢ ᠳᠠᠭᠠᠭᠤᠯᠤᠨ ᠰᠤᠷᠤᠯᠴᠠᠪᠠ᠃ ᠱᠢ ᠭᠤᠸᠠᠩ ᠬᠤᠢ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠶᠠᠩ ᠰᠢᠶᠣᠣ ᠺᠠᠩ᠂ ᠬᠤᠸᠠᠩ ᡁᠢ ᠴᠢᠶᠠᠩ᠂ ᠢᠦᠢ ᠯᠢ ᠰᠢᠨ ᠦᠭᠡ ᠬᠡᠯᠡᠪᠡ᠃

ᠰᠦᠨ ᠱᠤᠤ ᠴᠧᠩ ᠶᠠᠷᠢᠶᠠᠨ ᠳᠠᠭᠠᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ ᠣᠯᠣᠭᠰᠠᠨ ᠢᠯᠡᠳᠲᠡ ᠦᠷ᠎ᠡ ᠪᠦᠲᠦᠮᠵᠢ ᠨᠢ ᠮᠠᠨ ᠤ ᠨᠠᠮ ᠤᠨ ᠲᠤᠰ ᠪᠡᠶ᠎ᠡ ᠶᠢᠨ ᠠᠰᠠᠭᠤᠳᠠᠯ ᠳᠠᠭᠠᠨ ᠵᠥᠪ ᠢᠶᠠᠷ ᠬᠠᠨᠳᠤᠬᠤ ᠪᠥᠭᠡᠳ ᠥᠪᠡᠷ ᠪᠡᠶ᠎ᠡ ᠳᠡᠭᠡᠨ ᠲᠤᠶᠢᠯᠪᠤᠷᠢᠲᠠᠢ ᠬᠤᠪᠢᠰᠬᠠᠯ ᠬᠢᠬᠦ ᠵᠣᠷᠢᠭ ᠰᠠᠨᠠᠭ᠎ᠠ ᠲᠠᠢ ᠪᠠᠶᠢᠬᠤ ᠶᠢ ᠮᠠᠷᠭᠤᠰᠢ ᠦᠭᠡᠢ ᠭᠡᠷᠡᠴᠢᠯᠡᠵᠦ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠴᠥᠬᠦᠷᠡᠯᠲᠡ ᠦᠭᠡᠢ ᠪᠠᠷ ᠰᠤᠷᠲᠠᠯ ᠢ ᠠᠳᠬᠤᠨ ᠰᠢᠨ᠎ᠡ ᠰᠤᠷᠲᠠᠯ ᠢ ᠪᠤᠢ ᠪᠤᠯᠭᠠᠬᠤ ᠴᠢᠩᠭ᠎ᠠ ᠬᠦᠴᠦᠲᠡᠢ ᠲᠡᠦᠬᠡ ᠶᠢᠨ ᠡᠭᠦᠷᠭᠡᠯᠡᠯ ᠪᠣᠯᠣᠨ ᠬᠠᠳᠠᠨ ᠵᠣᠷᠢᠭ ᠵᠠᠩ ᠴᠢᠨᠠᠷ ᠢ ᠭᠦᠢᠴᠡᠳ ᠢᠯᠡᠷᠡᠭᠦᠯᠪᠡ᠃ ᠪᠢᠳᠡ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠵᠦ᠂ ᠡᠷᠬᠢᠮ ᠨᠠᠨᠳᠢᠨ ᠲᠤᠷᠰᠢᠯᠭ᠎ᠠ ᠶᠢ ᠪᠣᠳᠠᠲᠠᠢ ᠦᠢᠯᠡᠳᠦᠯᠭᠡ ᠳᠤᠮᠳᠠ ᠪᠦᠭᠦ ᠲᠠᠯ᠎ᠠ ᠪᠠᠷ ᠬᠡᠷᠡᠭᠯᠡᠵᠦ᠂ ᠦᠷ᠎ᠡ ᠪᠦᠲᠦᠭᠡᠯ ᠢᠶᠠᠨ ᠬᠠᠮᠠᠭᠠᠯᠠᠵᠤ᠂ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠲᠠᠯᠠᠩ ᠬᠠᠰᠢᠯᠭ᠎ᠠ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠶᠢᠴᠢᠯᠠᠬᠤ ᠶᠢ ᠪᠠᠷᠢᠮᠲᠠᠯᠠᠵᠤ᠂ ᠪᠦᠭᠦ ᠣᠷᠣᠨ ᠤ ᠡᠯ᠎ᠡ ᠱᠠᠲᠤᠨ ᠤ ᠤᠳᠤᠷᠢᠳᠬᠤ ᠺᠠᠳ᠋ᠷ ᠢᠯᠠᠩᠭᠤᠶ᠎ᠠ ᠮᠤᠵᠢ ᠶᠢᠨ ᠲᠡᠰ ᠤᠨ ᠤᠳᠤᠷᠢᠳᠬᠤ ᠺᠠᠳ᠋ᠷ ᠲᠦᠷᠦᠭᠦᠯᠡᠨ ᠬᠢᠵᠦ᠂ ᠲᠦᠷᠦᠭᠦᠯᠡᠨ ᠠᠳᠬᠤᠵᠤ᠂ ︽ᠤᠳᠠᠭᠠᠨ ᠪᠦᠳᠦᠭᠦᠯᠢᠭ ᠬᠡᠶᠢᠰᠪᠦᠷᠢ︾ ᠠᠷᠬᠠᠭ ᠢ ᠰᠢᠢᠳᠪᠦᠷᠢᠯᠡᠬᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠭᠦᠢᠴᠡᠳᠬᠡᠬᠦ ᠵᠡᠷᠭᠡ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ︽ᠳᠥᠷᠪᠡᠨ ᠰᠤᠷᠲᠠᠯ︾ ᠤᠨ ᠠᠰᠠᠭᠤᠳᠠᠯ ᠵᠢᠴᠢ ᠲᠡᠭᠦᠨ ᠤ ᠡᠯ᠎ᠡ ᠵᠦᠢᠯ ᠤᠨ ᠣᠨᠳᠣᠣᠰᠢᠯ ᠢᠯᠡᠷᠡᠯ ᠳᠤ ᠰᠦᠷ ᠬᠦᠴᠦᠲᠡᠢ ᠳᠠᠷᠤᠯᠲᠠ ᠦᠵᠡᠭᠦᠯᠵᠦ᠂ ᠥᠴᠥᠬᠡᠨ ᠴᠦ ᠨᠠᠶᠢᠷ ᠲᠠᠯᠪᠢᠬᠤ ᠦᠭᠡᠢ᠂ ᠡᠴᠦᠰ ᠲᠤᠨᠢ ᠲᠤᠯᠲᠠᠯ᠎ᠠ ᠠᠳᠬᠤᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ᠂ ᠲᠣᠭᠲᠠᠭᠠᠯ ᠠᠴᠠ ᠵᠥᠷᠢᠴᠡᠨ ᠪᠡᠯᠡᠭ ᠰᠡᠯᠲᠡ ᠪᠡᠯᠡᠭ ᠤᠨ ᠮᠥᠩᠭᠦ ᠭᠥᠯᠢᠶᠡᠨ ᠠᠪᠤᠭᠰᠠᠨ ᠪᠤᠶᠤ ᠬᠦᠷᠭᠡᠭᠰᠡᠨ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠤᠷᠲᠠᠯ ᠤᠨ ᠠᠰᠠᠭᠤᠳᠠᠯ ᠪᠠ ᠢᠯᠵᠢᠷᠡᠯ ᠢ ᠬᠠᠮᠲᠤ ᠳᠤᠨᠢ ᠪᠠᠶᠢᠴᠠᠭᠠᠵᠤ ᠬᠠᠮᠲᠤ ᠳᠤᠨᠢ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠰᠤᠷᠲᠠᠯ ᠤᠨ ᠠᠰᠠᠭᠤᠳᠠᠯ ᠠᠴᠠ ᠢᠯᠵᠢᠷᠡᠬᠦ ᠬᠡᠯᠬᠢᠶ᠎ᠡ ᠶᠢ ᠡᠷᠡᠰ ᠲᠡᠰᠦᠯᠵᠦ᠂ ᠢᠯᠵᠢᠷᠡᠯ ᠡᠭᠦᠰᠬᠦ ᠥᠯᠥᠭᠡᠢ ᠶᠢ ᠠᠷᠢᠯᠭᠠᠬᠤ ᠬᠡᠷᠡᠭᠲᠡᠢ᠃ ᠳᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠦᠨᠳᠦᠰᠦᠨ ᠳᠦᠷᠢᠮ ᠠᠴᠠ ᠡᠬᠢᠯᠡᠨ ᠴᠢᠩᠳᠠᠯᠠᠵᠤ᠂ ᠡᠳᠦᠷ ᠲᠤᠳᠤᠮ ᠤᠨ ᠵᠢᠷᠤᠮᠵᠢᠯ ᠠᠴᠠ ᠡᠬᠢᠯᠡᠨ ᠠᠳᠬᠤᠵᠤ᠂ ᠵᠢᠷᠤᠮᠵᠢᠭᠤᠯᠬᠤ ᠴᠣᠮᠬᠠᠳᠬᠠᠬᠤ ᠬᠤᠷᠳᠤᠴᠠ ᠶᠢ ᠲᠦᠷᠭᠡᠳᠬᠡᠬᠦ᠂ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠲᠣᠭᠲᠠᠴᠠ ᠪᠠ ︽ᠨᠢᠭᠡ ᠱᠤᠭᠤᠮ︾ ᠤᠨ ᠴᠡᠭᠴᠡᠯᠡᠨ ᠰᠠᠶᠢᠵᠢᠷᠠᠭᠤᠯᠬᠤ ᠲᠣᠭᠲᠠᠴᠠ ᠵᠡᠷᠭᠡ ᠠᠯᠢ ᠤᠯᠠᠨ ᠳᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠳᠠᠳᠬᠠᠯ ᠢ ᠠᠶᠠᠨᠳᠠᠭᠠᠨ ᠤ ᠪᠤᠯᠭᠠᠬᠤ ᠬᠡᠷᠡᠭᠲᠡᠢ᠃ ᠡᠷᠬᠡ ᠶᠢ ᠤᠯᠠᠮ ᠨᠢᠭᠡ ᠠᠯᠬᠤᠮ ᠲᠠᠯᠪᠢᠵᠤ᠂ ᠡᠷᠬᠡ ᠶᠢᠨ ᠠᠵᠢᠯᠯᠠᠭᠠᠨ ᠤ ᠢᠯᠡ ᠲᠣᠳᠣ ᠬᠡᠮᠵᠢᠶ᠎ᠡ ᠶᠢ ᠳᠡᠭᠡᠭᠰᠢᠯᠡᠭᠦᠯᠦᠨ᠂ ᠡᠷᠬᠡ ᠪᠠᠨ ᠠᠰᠢᠭᠯᠠᠨ ᠬᠤᠪᠢ ᠶᠢᠨ ᠠᠰᠢᠭ ᠬᠥᠭᠡᠭᠡᠴᠡᠯᠳᠦᠬᠦ ᠣᠷᠣᠨ ᠵᠠᠢ ᠶᠢ ᠪᠠᠭᠠᠰᠬᠠᠬᠤ ᠬᠡᠷᠡᠭᠲᠡᠢ᠃ ᠰᠢᠯᠢᠳᠡᠭ ᠰᠣᠶᠣᠯ ᠢ ᠪᠠᠳᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠭ᠎ᠠ ᠪᠠᠭ᠎ᠠ ᠪᠠᠷ ᠵᠤᠵᠠᠭᠠᠷᠠᠭᠤᠯᠤᠨ ᠪᠣᠶᠢᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠠᠵᠢᠯ ᠶᠠᠪᠤᠳᠠᠯ ᠬᠢᠬᠦ ᠳᠡᠭᠡᠨ ᠶᠣᠰᠣ ᠳᠦᠷᠢᠮ ᠢ ᠵᠢᠷᠤᠮᠯᠠᠬᠤ᠂ ᠪᠤᠰᠤᠳ ᠲᠤ ᠨᠥᠭᠦᠷᠰᠡᠭ ᠪᠠᠭᠲᠠᠭᠠᠮᠵᠢᠲᠠᠢ ᠪᠠᠷ ᠬᠠᠨᠳᠤᠬᠤ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠦᠢᠯᠡᠴᠢᠯᠡᠬᠦ ᠬᠡᠪ ᠰᠤᠷᠲᠠᠯ ᠢ ᠪᠦᠷᠢᠯᠳᠦᠭᠦᠯᠬᠦ ᠶᠢ ᠠᠬᠢᠭᠤᠯᠵᠤ᠂ ᠢᠳᠡᠪᠬᠢᠲᠡᠢ ᠡᠷᠡᠭᠦᠯ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠰᠣᠶᠣᠯ ᠢᠶᠠᠷ ᠨᠠᠮ ᠤᠨ ᠰᠤᠷᠲᠠᠯ ᠵᠠᠰᠠᠭ ᠤᠨ ᠰᠤᠷᠲᠠᠯ ᠢ ᠪᠤᠢ ᠪᠤᠯᠭᠠᠵᠤ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠴᠡᠪᠡᠷᠰᠢᠭᠦᠯᠬᠦ ᠬᠡᠷᠡᠭᠲᠡᠢ ᠭᠡᠪᠡ᠃

 


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ