︽ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ︾ ᠭᠡᠬᠦ ᠪᠤᠯᠤᠩ ᠨᠢ ᠲᠠᠨ ᠳᠤ ᠭᠠᠷᠠᠭ ᠪᠦᠷᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠭᠠᠷᠠᠭ ᠪᠦᠷᠢ ᠶᠢᠨ ᠵᠠᠰᠠᠭ ᠤᠨ ᠰᠢᠨ᠎ᠡ ᠶᠠᠪᠤᠳᠠᠯ ᠢ ᠲᠦᠷᠭᠡᠨ ᠣᠶᠢᠯᠠᠭᠠᠭᠤᠯᠬᠤ ᠪᠣᠯᠣᠨ᠎ᠠ᠃
ᠤᠳᠤᠷᠢᠳᠤᠯᠭ᠎ᠠ ᠶᠢᠨ ᠠᠵᠢᠯᠯᠠᠭ᠎ᠠ
1
ᠰᠦᠨ ᠱᠣᠸ ᠴᠧᠩ
ᠵᠡᠭᠦᠨᠭᠠᠷ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠠᠭᠤᠳᠠᠯ ᠤᠨ ᠬᠤᠷᠠᠯ ᠡᠷᠬᠢᠯᠡᠪᠡ
5 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠣᠷᠳᠣᠰ ᠬᠤᠲᠠ ᠶᠢᠨ ᠵᠡᠭᠦᠨᠭᠠᠷ ᠬᠤᠰᠢᠭᠤᠨ ᠳᠤ ᠬᠦᠷᠴᠦ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠤᠯᠲᠠ ᠥᠷᠨᠢᠭᠦᠯᠦᠭᠰᠡᠨ ᠪᠥᠭᠡᠳ ᠰᠠᠭᠤᠳᠠᠯ ᠤᠨ ᠬᠤᠷᠠᠯ ᠡᠷᠬᠢᠯᠡᠭᠡᠳ ᠬᠡᠰᠡᠭ ᠬᠤᠰᠢᠭᠤ ᠰᠢᠶᠠᠨ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
ᠣᠷᠳᠣᠰ ᠬᠤᠳᠠ ᠳᠤ ᠬᠠᠳᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
5 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠣᠷᠳᠣᠰ ᠬᠤᠲᠠ ᠶᠢᠨ ᠳᠠᠯᠠᠳ ᠬᠤᠰᠢᠭᠤ᠂ ᠬᠠᠩᠭᠢᠨ ᠬᠤᠰᠢᠭᠤᠨ ᠳᠤ ᠬᠠᠲᠤᠨ ᠭᠤᠣᠯ ᠤᠨ ︽ ᠶᠡᠭᠡ ᠲᠣᠬᠤᠢ ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ ᠃
ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠸᠠᠩ ᠰᠢᠶᠣᠣ ᠫᠢᠩ ᠲᠠᠢ ᠠᠭᠤᠯᠵᠠᠪᠠ
5 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠪᠤᠭᠤᠲᠤ ᠳᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠸᠠᠩ ᠰᠢᠶᠣᠣ ᠫᠢᠩ ᠲᠠᠢ ᠠᠭᠤᠯᠵᠠᠪᠠ᠃
ᠪᠠᠶᠠᠨᠨᠠᠭᠤᠷ ᠬᠤᠳᠠ ᠳᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
5 ᠳ᠋ᠤᠭᠠᠷ ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠪᠠᠶᠠᠨᠨᠠᠭᠤᠷ ᠬᠤᠲᠠ ᠳᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠢ ᠡᠷᠬᠢᠯᠡᠪᠡ
5 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ︽ᠦᠨᠡᠨ ︾ ᠰᠡᠳᠬᠦᠯ ᠤᠨ 2025 ᠣᠨ ᠤ 10 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠲᠥᠪ ᠤᠨ ᠨᠠᠢᠮᠠᠨ ᠵᠣᠷᠪᠦᠰ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ᠨᠠᠮ ᠤᠨ ᠰᠢᠯᠢᠳᠡᠭ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠤᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠪᠥᠬᠦ ᠣᠷᠣᠨ ᠤ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠠᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠲᠣᠰ ᠬᠤᠷᠠᠯ ᠢ ᠡᠷᠬᠢᠯᠡᠪᠡ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠬᠢᠯᠡᠪᠡ
5 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠥᠬᠦ ᠨᠠᠮ ᠢᠶᠠᠷ ᠢᠶᠠᠨ ᠲᠥᠪ ᠬᠤᠷᠢᠶ᠎ᠠ ᠶᠢᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠭᠠᠳ ᠣᠯᠣᠭᠰᠠᠨ ᠢᠯᠡᠳᠲᠡ ᠦᠷ᠎ᠡ ᠪᠦᠲᠦᠮᠵᠢ ᠪᠠ ᠬᠤᠷᠠᠮᠳᠤᠭᠤᠯᠤᠭᠰᠠᠨ ᠬᠤᠪᠣᠷ ᠨᠠᠨᠳᠢᠨ ᠲᠤᠷᠰᠢᠯᠭ᠎ᠠ ᠨᠤᠭᠤᠳ ᠢᠶᠠᠷ ᠭᠤᠣᠯ ᠰᠡᠳᠦᠪ ᠪᠣᠯᠭᠠᠨ 2025 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠭᠰᠡᠨ ᠪᠠᠶᠢᠨ᠎ᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠲᠣᠰ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ ᠃ ᠱᠢ ᠭᠤᠸᠠᠩ ᠬᠤᠢ ᠂ ᠳ᠋ᠢᠩ ᠰᠢᠸ ᠹᠧᠩ᠂ ᠮᠧᠩ ᠰᠢᠶᠠᠨ ᠳ᠋ᠦᠩ ᠂ ᠶᠠᠩ ᠰᠢᠶᠣᠤ ᠺᠠᠩ ᠂ ᠬᠤᠸᠠᠩ ᡁᠢ ᠴᠢᠶᠠᠩ ᠂ ᠢᠦᠢ ᠯᠢ ᠰᠢᠨ ᠦᠭᠡ ᠬᠡᠯᠡᠪᠡ ᠃
2
ᠸᠠᠩ ᠯᠢ ᠰᠢᠶᠠ
ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ
ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠬᠢᠭᠡᠳ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃
ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ
5 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ ᠃
3
ᠳᠠᠶᠢᠴᠢᠨ
ᠪᠦᠬᠦ ᠣᠷᠣᠨ ᠤ ᠬᠥᠮᠥᠨ ᠤ ᠬᠦᠴᠦ ᠪᠠᠷ ᠴᠠᠭ ᠠᠭᠠᠷ ᠢ ᠨᠥᠯᠥᠭᠡᠯᠡᠬᠦ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠬᠠᠮᠲᠤᠷᠠᠭᠰᠠᠨ ᠬᠤᠷᠠᠯ ᠳᠤ ᠣᠷᠣᠯᠴᠠᠪᠠ
5 ᠳ᠋ᠤᠭᠠᠷ ᠰᠠᠷ᠎ᠠ ᠶᠢᠨ 16 ᠤ ᠡᠳᠦᠷ᠂ ᠪᠥᠬᠦ ᠣᠷᠣᠨ ᠤ ᠬᠥᠮᠥᠨ ᠤ ᠬᠦᠴᠦ ᠪᠠᠷ ᠴᠠᠭ ᠠᠭᠠᠷ ᠢ ᠨᠥᠯᠥᠭᠡᠯᠡᠬᠦ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠤᠨ 2025 ᠣᠨ ᠤ ᠬᠠᠮᠲᠤᠷᠠᠭᠰᠠᠨ ᠬᠤᠷᠠᠯ ᠬᠢᠭᠡᠳ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠲᠧᠯᠸᠢᠰ ᠤᠲᠠᠰᠤᠲᠤ ᠬᠤᠷᠠᠯ ᠢ ᠣᠷᠣᠨ ᠤ ᠲᠥᠪ ᠲᠤ ᠬᠤᠷᠠᠯᠳᠤᠭᠤᠯᠵᠠᠢ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠳᠠᠶᠢᠴᠢᠨ ᠲᠣᠰ ᠬᠤᠷᠠᠯ ᠳᠤ ᠣᠷᠣᠯᠴᠠᠪᠠ᠃
ᠲᠦᠷᠦ ᠶᠢᠨ ᠪᠣᠳᠣᠯᠭ᠎ᠠ ᠶᠢᠨ ᠨᠡᠶᠢᠲᠡᠯᠡᠯ
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠴᠠ ᠲᠥᠯᠥᠪᠦᠷᠢ ᠠᠪᠬᠤ ᠠᠵᠢᠯ ᠤᠨ ᠲᠣᠭᠲᠠᠭᠠᠯ︾ ᠢ ᠳᠠᠷᠤᠮᠠᠯᠯᠠᠨ ᠶᠠᠪᠤᠭᠤᠯᠪᠠ
ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠴᠠ ᠲᠥᠯᠥᠪᠦᠷᠢ ᠠᠪᠬᠤ ᠠᠵᠢᠯ ᠤᠨ ᠲᠣᠭᠲᠠᠭᠠᠯ︾ ᠢ ᠳᠠᠷᠤᠮᠠᠯᠯᠠᠨ ᠶᠠᠪᠤᠭᠤᠯᠵᠠᠢ ︵ᠥᠪᠥᠷ ᠵᠠᠰᠠᠭ ᠠᠯᠪᠠᠨ ᠲᠠᠷᠬᠠᠭᠠᠭᠰᠠᠨ ﹇2025﹈ 16 ᠳ᠋ᠤᠭᠠᠷ ᠲᠣᠭᠠᠲᠤ︶᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠴᠠ ᠲᠥᠯᠥᠪᠦᠷᠢ ᠠᠪᠬᠤ ᠠᠵᠢᠯ ᠤᠨ ᠵᠢᠷᠦᠮᠵᠢᠯᠲᠡ ᠶᠢ ᠠᠬᠢᠭᠤᠯᠬᠤ ᠶᠢᠨ ᠲᠤᠯᠠᠳᠠ ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠳᠣᠭᠲᠠᠭᠠᠯ ᠢ ᠳᠣᠭᠲᠠᠭᠠᠪᠠ᠃