|
ᠰᠢ ᠶᠢᠨ ᠫᠢᠩ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠬᠤ ᠠᠵᠢᠯ ᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ |
|
|
ᠨᠡᠶᠢᠲᠡᠯᠡᠭᠰᠡᠨ ᠴᠠᠭ᠄
2025/5/19
|
|
ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠷᠴᠢᠮᠬᠠᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠬᠤ ᠠᠵᠢᠯ ᠤᠨ ᠲᠠᠯ᠎ᠠ ᠪᠠᠷ ᠴᠢᠬᠤᠯᠠ ᠵᠢᠭᠠᠪᠤᠷᠢ ᠪᠠᠭᠤᠯᠭᠠᠵᠤ᠂ ᠴᠢᠬᠤᠯᠠᠴᠢᠯᠠᠭᠤᠯᠬᠤ ᠳᠠᠭᠠᠨ᠂ ᠲᠠᠪᠤᠨ ᠵᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ ᠨᠠᠮ ᠤᠨ ᠲᠥᠷᠥ ᠪᠠᠨ ᠵᠠᠰᠠᠬᠤ ᠴᠢᠬᠤᠯᠠ ᠲᠤᠷᠰᠢᠯᠭ᠎ᠠ ᠪᠣᠯᠣᠨ᠎ᠠ᠂ ᠮᠥᠨ ᠴᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠥᠷᠥ ᠶᠢᠨ ᠴᠢᠬᠤᠯᠠ ᠳᠠᠪᠠᠭᠤᠯᠢᠭ ᠪᠣᠯᠣᠨ᠎ᠠ᠃ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠵᠤ ᠬᠡᠷᠡᠭᠵᠢᠭᠦᠯᠬᠦ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ᠂ ᠳᠡᠭᠡᠳᠦ ᠳᠠᠪᠬᠤᠷᠭ᠎ᠠ ᠶᠢᠨ ᠲᠥᠰᠥᠪᠯᠡᠯ ᠪᠠ ᠠᠷᠠᠳ ᠣᠯᠠᠨ ᠤ ᠠᠷᠭ᠎ᠠ ᠤᠬᠠᠭᠠᠨ ᠢ ᠨᠢᠭᠡᠳᠬᠡᠵᠦ᠂ ᠪᠠᠶᠢᠴᠠᠭᠠᠨ ᠰᠤᠳᠤᠯᠤᠯᠲᠠ ᠬᠢᠬᠦ ᠮᠠᠭᠠᠳᠯᠠᠨ ᠭᠡᠷᠡᠴᠢᠯᠡᠬᠦ ᠪᠠᠨ ᠴᠢᠩᠭᠠᠳᠬᠠᠨ᠂ ᠬᠠᠮᠲᠤ ᠶᠢᠨ ᠲᠠᠨᠢᠯᠲᠠ ᠪᠠᠨ ᠥᠷᠭᠡᠨ ᠢᠶᠠᠷ ᠨᠢᠭᠲᠠᠷᠠᠭᠤᠯᠵᠤ᠂ ᠣᠯᠠᠨ ᠲᠦᠮᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠣᠯᠠᠨ ᠠᠷᠭ᠎ᠠ ᠬᠡᠯᠪᠡᠷᠢ ᠪᠠᠷ ᠰᠣᠨᠣᠰᠴᠤ᠂ ᠺᠠᠳ᠋ᠷ ᠤᠯᠠᠨ ᠲᠦᠮᠡᠨ ᠤ ᠦᠢᠯᠡᠳᠦᠯᠭᠡ ᠶᠢᠨ ᠶᠠᠪᠤᠴᠠ ᠳᠠᠭᠠᠨ ᠡᠭᠦᠳᠦᠭᠰᠡᠨ ᠰᠢᠨ᠎ᠡ ᠲᠤᠷᠰᠢᠯᠭ᠎ᠠ ᠶᠢ ᠭᠦᠢᠴᠡᠳ ᠠᠰᠢᠭᠯᠠᠨ᠂ ᠬᠠᠷᠠᠯᠲᠠ ᠡᠭᠦᠷᠭᠡ ᠪᠠ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠢᠰᠲ᠋ᠧᠮᠲᠦ ᠴᠢᠨᠠᠷ ᠪᠦᠬᠦᠯᠢ ᠴᠣᠭᠴᠠᠲᠤ ᠴᠢᠨᠠᠷ᠂ ᠵᠣᠬᠢᠴᠠᠩᠭᠤᠢ ᠴᠢᠨᠠᠷ ᠢ ᠴᠢᠬᠤᠯᠠᠴᠢᠯᠠᠵᠤ᠂ ᠨᠠᠶᠢᠷᠠᠭᠤᠯᠬᠤ ᠠᠵᠢᠯ ᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠵᠡᠢ᠃ ᠮᠠᠨ ᠤ ᠤᠯᠤᠰ 2026 ᠣᠨ ᠠᠴᠠ ᠡᠬᠢᠯᠡᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠬᠡᠷᠡᠭᠵᠢᠭᠦᠯᠬᠦ ᠪᠣᠯᠣᠨ᠎ᠠ᠂ ᠣᠳᠣ ᠨᠠᠮ ᠤᠨ ᠲᠥᠪ ᠬᠤᠷᠢᠶ᠎ᠠ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠰᠠᠨᠠᠭᠤᠯᠭ᠎ᠠ ᠶᠢ ᠲᠤᠭᠤᠷᠪᠢᠨ ᠪᠢᠴᠢᠬᠦ ᠶᠢ ᠵᠣᠬᠢᠶᠠᠨ ᠪᠠᠶᠢᠭᠤᠯᠵᠤ ᠪᠠᠶᠢᠨ᠎ᠠ᠃ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠯᠦᠪᠵᠢᠭᠦᠯᠭᠡ ᠶᠢᠨ ᠰᠠᠨᠠᠭᠤᠯᠭ᠎ᠠ ᠶᠢ ᠲᠤᠭᠤᠷᠪᠢᠬᠤ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠬᠠᠮᠢᠶᠠᠲᠠᠢ ᠲᠠᠯ᠎ᠠ ᠶᠢᠨ ᠬᠢᠨ ᠣᠶᠢᠷ᠎ᠠ ᠳᠤ ᠤᠯᠠᠨ ᠵᠦᠢᠯ ᠤᠨ ᠬᠡᠯᠪᠡᠷᠢ ᠪᠠᠷ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠲᠠᠯ᠎ᠠ ᠪᠠᠷ ᠬᠢ ᠺᠠᠳ᠋ᠷ ᠤᠯᠠᠨ ᠲᠦᠮᠡᠨ᠂ ᠲᠤᠰᠬᠠᠢ ᠮᠡᠷᠭᠡᠵᠢᠯᠲᠡᠨ ᠡᠷᠳᠡᠮᠲᠡᠨ ᠨᠠᠷ ᠤᠨ ᠰᠠᠨᠠᠯ ᠰᠠᠨᠠᠭᠤᠯᠭ᠎ᠠ ᠶᠢ ᠬᠤᠷᠢᠶᠠᠬᠤ ᠪᠠᠷ ᠪᠠᠶᠢᠨ᠎ᠠ᠃ |
|
ᠢᠷᠡᠯᠲᠡ᠄
ᠲᠥᠪ ᠲᠧᠯᠸᠢᠰ ᠤᠨ ᠮᠣᠩᠭᠤᠯ ᠬᠡᠯᠡᠨ ᠤ ᠰᠦᠯᠵᠢᠶ᠎ᠡ
|