​ᠪᠠᠭᠰᠢ ᠰᠤᠷᠤᠬᠴᠢᠳ ᠤᠨ ᠬᠠᠮᠲᠤ ᠶᠢᠨ ᠴᠢᠷᠮᠠᠶᠢᠯᠭ᠎ᠠ ᠪᠠᠷ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠤᠨ ᠰᠤᠷᠤᠯᠴᠠᠯᠭ᠎ᠠ ᠪᠣᠳᠠᠲᠤ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2025/5/20


ᠡᠨᠡ ᠵᠢᠯ᠂ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠤᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠡᠯ᠎ᠡ ᠣᠨ᠂ ᠪᠦᠭᠦ ᠬᠢᠴᠢᠶᠡᠯ ᠲᠥᠷᠥᠯ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠥᠰᠥᠭ ᠪᠢᠴᠢᠭ ᠤᠨ ᠵᠢᠭᠠᠨ ᠰᠤᠷᠭᠠᠯᠲᠠ ᠶᠢ ᠬᠡᠷᠡᠭᠯᠡᠪᠡ᠃

ᠬᠠᠶᠢᠯᠠᠷ ᠲᠣᠭᠤᠷᠢᠭ ᠤᠨ ᠮᠣᠩᠭᠤᠯ ᠳᠤᠮᠳᠠᠳᠤ ᠰᠤᠷᠭᠠᠭᠤᠯᠢ ᠳᠤ ᠤᠳᠤ 3 ᠣᠨ ᠤ 6 ᠵᠢᠭᠠᠨ ᠰᠤᠷᠭᠠᠯᠲᠠ ᠶᠢᠨ ᠠᠩᠭᠢ ᠲᠠᠢ᠂ ᠰᠤᠷᠭᠠᠭᠤᠯᠢ ᠳᠤ ᠪᠠᠶᠢᠭ᠎ᠠ ᠰᠤᠷᠤᠬᠴᠢ 185 ᠬᠥᠮᠥᠨ᠂ ᠲᠤᠰᠬᠠᠢ ᠪᠠᠭᠰᠢ 42 ᠬᠥᠮᠥᠨ ᠪᠤᠢ᠃ ᠲᠤᠰ ᠳᠤᠮᠳᠠᠳᠤ ᠰᠤᠷᠭᠠᠭᠤᠯᠢ ᠨᠢ ︽ᠬᠡᠪ ᠵᠤᠷᠰᠢᠯ ᠢ ᠪᠠᠶᠢᠭᠤᠯᠵᠤ᠂ ᠲᠠᠪᠰᠢᠯᠳᠠ ᠶᠢ ᠠᠬᠢᠭᠤᠯᠬᠤ︾ ᠪᠠᠷ ᠵᠣᠷᠢᠯᠲᠠ ᠪᠣᠯᠭᠠᠨ᠂ ︽ᠶᠠᠰᠤ ᠴᠢᠨᠠᠷ ᠢ ᠳᠡᠭᠡᠭᠰᠢᠯᠡᠭᠦᠯᠵᠦ᠂ ᠬᠥᠭᠵᠢᠯᠲᠡ ᠶᠢ ᠲᠣᠭᠲᠠᠪᠤᠷᠢᠵᠢᠭᠤᠯᠬᠤ︾ ᠪᠠᠷ ᠵᠣᠭᠰᠣᠴᠠ ᠪᠤᠯᠭᠠᠵᠤ᠂ ᠵᠢᠭᠠᠨ ᠰᠤᠷᠭᠠᠯᠲᠠ ᠶᠢ ᠬᠠᠷᠢᠯᠴᠠᠨ ᠠᠬᠢᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢᠶᠠᠷ ᠵᠢᠭᠠᠨ ᠰᠤᠷᠭᠠᠬᠤ ᠶᠢ ᠳᠡᠯᠭᠡᠷᠡᠭᠦᠯᠪᠡ᠃ 2024 ᠣᠨ ᠤ ᠳᠡᠭᠡᠳᠦ ᠲᠤᠮᠳᠠᠳᠤ ᠳᠤ ᠳᠡᠪᠰᠢᠬᠦ ᠨᠣᠷᠮ᠎ᠠ 83.75% ᠳᠤ ᠬᠦᠷᠴᠦ᠂ ᠶᠡᠷᠦᠩᠬᠡᠢ ᠬᠤᠪᠢ ᠨᠢ 687 ᠬᠤᠪᠢ ᠳᠤ ᠬᠦᠷᠴᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠦᠭᠦ ᠲᠠᠯ᠎ᠠ ᠪᠠᠷ ᠬᠡᠷᠡᠭᠵᠢᠭᠦᠯᠬᠦ ᠵᠠᠮ ᠳᠡᠭᠡᠷ᠎ᠡ ᠯᠠᠪᠳᠠᠭᠤᠨ ᠢᠶᠠᠷ ᠬᠤᠯᠠ ᠠᠶᠠᠯᠠᠪᠠ᠃

ᠬᠡᠳᠦᠨ ᠵᠢᠯ ᠤᠨ ᠲᠤᠷᠰᠢ᠂ ᠮᠣᠩᠭᠤᠯ ᠳᠤᠮᠳᠠᠳᠤ ᠰᠤᠷᠭᠠᠭᠤᠯᠢ ᠶᠢᠨ ᠪᠠᠭᠰᠢ ᠨᠠᠷ ᠭᠠᠳᠠᠭᠰᠢ ᠭᠠᠷᠴᠤ ᠰᠢᠨᠵᠢᠯᠡᠭᠡᠨ ᠤ ᠰᠠᠯᠠᠭ᠎ᠠ ᠶᠢᠨ ᠪᠣᠯᠪᠠᠰᠤᠷᠠᠯ ᠳᠤ ᠣᠷᠣᠯᠴᠠᠵᠤ᠂ ᠰᠤᠷᠭᠠᠭᠤᠯᠢ ᠳᠠᠭᠠᠨ ᠪᠤᠴᠠᠭᠰᠠᠨ ᠤ ᠳᠠᠷᠠᠭ᠎ᠠ ᠬᠠᠷᠢᠭᠤ ᠮᠡᠳᠡᠭᠦᠯᠦᠯᠲᠡ ᠬᠢᠵᠦ ᠰᠠᠨᠠᠯ ᠢᠶᠠᠨ ᠰᠣᠯᠢᠯᠴᠠᠨ᠂ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠰᠤᠷᠤᠯᠴᠠᠪᠠᠯ ᠣᠯᠣᠯᠲᠠ ᠲᠠᠢ ᠪᠠᠶᠢᠬᠤ ᠶᠢ ᠪᠡᠶᠡᠯᠡᠭᠦᠯᠪᠡ᠃ ᠲᠤᠰ ᠰᠤᠷᠭᠠᠭᠤᠯᠢ ᠨᠢ ᠬᠠᠶᠢᠯᠠᠷ ᠲᠣᠭᠤᠷᠢᠭ ᠤᠨ ᠲᠠᠪᠤᠳᠤᠭᠠᠷ ᠳᠤᠮᠳᠠᠳᠤ ᠰᠤᠷᠭᠠᠭᠤᠯᠢ ᠲᠠᠢ ᠪᠠᠭᠰᠢ ᠶᠢᠨ ᠰᠣᠯᠢᠯᠴᠠᠭᠠᠨ ᠤ ᠲᠣᠭᠲᠠᠴᠠ ᠶᠢ ᠪᠠᠶᠢᠭᠤᠯᠵᠤ᠂ ᠬᠠᠮᠲᠤᠷᠠᠭᠰᠠᠨ ᠵᠢᠭᠠᠨ ᠰᠤᠳᠤᠯᠬᠤ ᠠᠵᠢᠯᠯᠠᠭ᠎ᠠ ᠶᠢ ᠥᠷᠨᠢᠭᠦᠯᠵᠦ᠂ ᠪᠠᠭᠰᠢ ᠶᠢᠨ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ︔ ᠥᠪᠡᠷᠲᠡᠭᠡᠨ ᠵᠠᠰᠠᠬᠤ ᠣᠷᠣᠨ ᠤ ᠡᠬᠢ ᠪᠠᠶᠠᠯᠢᠭ ᠤᠨ ᠬᠢᠴᠢᠶᠡᠯ ᠤᠨ ᠭᠡᠷ ᠤᠨ ᠵᠢᠭᠠᠨ ᠰᠤᠷᠭᠠᠯᠲᠠ ᠶᠢᠨ ᠵᠥᠭᠡᠯᠡᠨ ᠲᠣᠨᠤᠭ ︽ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠥᠰᠥᠭ ᠪᠢᠴᠢᠭ ᠢ ᠰᠢᠯᠤᠭᠤᠨ ᠶᠠᠷᠢᠬᠤ︾ ᠪᠠ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠡᠬᠢ ᠪᠠᠶᠠᠯᠢᠭ ᠢ ᠠᠰᠢᠭᠯᠠᠨ᠂ ᠪᠠᠭᠰᠢ ᠰᠤᠷᠤᠬᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠥᠰᠥᠭ ᠪᠢᠴᠢᠭ ᠢ ᠬᠡᠷᠡᠭᠯᠡᠵᠦ ᠪᠣᠯᠪᠠᠰᠤᠷᠠᠬᠤ ᠶᠢ ᠴᠢᠩᠭᠠᠳᠬᠠᠪᠠ᠃

ᠬᠢᠴᠢᠶᠡᠯ ᠳᠡᠭᠡᠷ᠎ᠡ ᠵᠢᠭᠠᠵᠤ᠂ ᠬᠢᠴᠢᠶᠡᠯ ᠤᠨ ᠭᠠᠳᠠᠨ᠎ᠠ ᠰᠤᠳᠤᠯᠤᠨ᠎ᠠ᠃ ᠲᠤᠰ ᠰᠤᠷᠭᠠᠭᠤᠯᠢ ᠨᠢ ︽ᠰᠤᠷᠤᠬᠴᠢ ᠪᠠᠷ ᠰᠤᠷᠤᠬᠴᠢ ᠳᠠᠭᠠᠭᠤᠯᠬᠤ︾ ᠬᠠᠷᠢᠯᠴᠠᠨ ᠬᠠᠪᠰᠤᠷᠤᠯᠴᠠᠵᠤ ᠰᠤᠷᠤᠯᠴᠠᠬᠤ ᠭᠡᠯᠪᠡᠷᠢ ᠶᠢ ᠬᠡᠷᠡᠭᠵᠢᠭᠦᠯᠵᠦ᠂ ᠰᠤᠷᠤᠯᠭ᠎ᠠ ᠳᠠᠭᠠᠨ ᠬᠦᠴᠢᠷᠳᠡᠵᠦ ᠪᠠᠶᠢᠭ᠎ᠠ ᠰᠤᠷᠤᠬᠴᠢᠳ ᠢ ᠳᠠᠶᠢᠴᠢᠯᠠᠨ᠂ ᠬᠠᠮᠲᠤ ᠶᠢᠨ ᠳᠠᠪᠰᠢᠯᠲᠠ ᠶᠢ ᠠᠭᠢᠭᠤᠯᠵᠠᠢ︔ ᠡᠷᠲᠡ ᠶᠢᠨ ᠤᠩᠰᠢᠯᠭ᠎ᠠ ᠪᠠ ᠰᠤᠯᠠ ᠴᠠᠭ ᠢ ᠠᠰᠢᠭᠯᠠᠨ᠂ ᠶᠠᠷᠢᠶ᠎ᠠ ᠢᠯᠡᠳᠬᠡᠯ ᠬᠢᠬᠦ᠂ ᠤᠷᠠᠨ ᠲᠣᠳᠣ ᠤᠩᠰᠢᠯᠭ᠎ᠠ᠂ ᠵᠣᠬᠢᠶᠠᠯ ᠡᠯᠰᠡᠬᠦ ᠵᠡᠷᠭᠡ ᠣᠯᠠᠨ ᠶᠠᠩᠵᠤ ᠭᠡᠯᠪᠡᠷᠢ ᠶᠢᠨ ᠭᠤᠣᠯ ᠰᠡᠳᠦᠪᠲᠦ ᠠᠵᠢᠯᠯᠠᠭ᠎ᠠ ᠶᠢ ᠡᠷᠭᠢᠯᠡᠭᠦ ᠪᠠᠷ ᠳᠠᠮᠵᠢᠭᠤᠯᠤᠨ᠂ ᠰᠤᠷᠤᠬᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠥᠰᠥᠭ ᠪᠢᠴᠢᠭ ᠢᠶᠠᠷ ᠨᠣᠮ ᠤᠩᠰᠢᠬᠤ ᠪᠠ ᠪᠢᠴᠢᠭᠯᠡᠬᠦ ᠴᠢᠳᠠᠪᠤᠷᠢ ᠶᠢ ᠳᠡᠭᠡᠭᠰᠢᠯᠡᠭᠦᠯᠪᠡ᠃

ᠬᠠᠶᠢᠯᠠᠷ ᠲᠣᠭᠤᠷᠢᠭ ᠤᠨ ᠮᠣᠩᠭᠤᠯ ᠳᠤᠮᠳᠠᠳᠤ ᠰᠤᠷᠭᠠᠭᠤᠯᠢ ᠶᠢᠨ ᠵᠠᠬᠢᠷᠤᠯ ᠬᠤ᠋ ᠢᠦᠢ ᠵᠠᠩ᠄ ︽ᠲᠠᠷᠠᠭᠠᠴᠢ ᠶᠢᠨ ᠠᠯᠬᠤᠮ ᠳᠤ᠂ ᠰᠤᠷᠭᠠᠭᠤᠯᠢ ᠠᠴᠠ ᠲᠣᠭᠠᠴᠢᠯᠠᠭᠰᠠᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠪᠠᠶᠢᠭᠤᠯᠤᠯᠲᠠ ᠶᠢ ᠠᠬᠢᠭᠤᠯᠵᠤ᠂ ᠪᠠᠭᠰᠢ ᠶᠢᠨ ᠲᠤᠰᠠᠯᠠᠬᠤ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠲᠡᠭᠦᠯᠳᠡᠷᠵᠢᠭᠦᠯᠵᠦ᠂ ᠬᠢᠴᠢᠶᠡᠯ ᠤᠨ ᠲᠠᠩᠬᠢᠮ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠬᠠᠪᠰᠤᠷᠤᠨ ᠲᠡᠳᠬᠦᠬᠦ ᠪᠣᠯᠪᠠᠰᠤᠷᠠᠯ ᠪᠠ ᠰᠤᠷᠭᠠᠭᠤᠯᠢ ᠶᠢᠨ ᠥᠪᠡᠷ ᠤᠨ ᠵᠢᠭᠠᠬᠤ ᠰᠤᠳᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠠᠳᠠᠯᠢ ᠳᠠᠪᠲᠠᠮᠵᠢ ᠪᠠᠷ ᠬᠥᠳᠡᠯᠦᠯᠴᠡᠨ᠂ ᠵᠢᠭᠠᠨ ᠰᠤᠷᠭᠠᠯᠲᠠ ᠶᠢᠨ ᠵᠢᠷᠤᠮᠵᠢᠯ ᠢ ᠦᠨᠡᠨ ᠬᠦ ᠪᠠᠲᠤᠯᠠᠨ᠎ᠠ︔ ᠰᠢᠨᠵᠢᠯᠡᠭᠡᠨ ᠤ ᠳᠤᠭᠤᠶᠢᠯᠠᠩ ᠢᠶᠠᠷ ᠵᠢᠭᠠᠨ ᠰᠤᠳᠤᠯᠬᠤ ᠨᠢᠭᠡᠴᠢ ᠪᠤᠯᠭᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠᠷ ᠭᠤᠣᠯ ᠠᠷᠭ᠎ᠠ ᠵᠠᠮ ᠪᠤᠯᠭᠠᠵᠤ᠂ ᠪᠠᠭᠰᠢ ᠶᠢᠨ ᠦᠭᠡ ᠭᠡᠯᠡ᠂ ᠪᠢᠴᠢᠯᠭᠡ ᠶᠢ ᠵᠢᠷᠤᠮᠵᠢᠭᠤᠯᠬᠤ ᠶᠢ ᠴᠢᠩᠭᠠᠳᠬᠠᠨ᠎ᠠ︔ ᠰᠤᠷᠤᠬᠴᠢᠳ ᠤᠨ ᠳᠤᠷ᠎ᠠ ᠰᠣᠨᠢᠷᠬᠠᠯ ᠢ ᠬᠥᠭᠵᠢᠭᠡᠵᠦ᠂ ᠲᠠᠪᠤᠨ ᠬᠥᠮᠦᠵᠢᠯ ᠢ ᠵᠡᠷᠭᠡ ᠪᠠᠷ ᠠᠳᠬᠤᠵᠤ᠂ ᠪᠠᠭᠰᠢ ᠰᠤᠷᠤᠬᠴᠢᠳ ᠤᠨ ᠬᠠᠮᠲᠤ ᠪᠠᠷ ᠲᠠᠪᠰᠢᠬᠤ ᠶᠢ ᠠᠬᠢᠭᠤᠯᠤᠨ᠎ᠠ︾ ᠭᠡᠵᠦ ᠲᠠᠨᠢᠯᠴᠠᠭᠤᠯᠪᠠ᠃


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ