5 ᠰᠠᠷ᠎ᠠ ᠶᠢᠨ 19 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ ᠂ ᠪᠦᠭᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠲᠦᠷᠦᠭᠦᠯᠡᠨ ᠦᠨᠳᠦᠰᠦᠨ ᠱᠠᠲᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠂ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠬᠦ ᠬᠡᠷᠡᠭᠲᠡᠢ ᠃ 12345 ᠬᠠᠯᠠᠮᠰᠢᠯ ᠤᠲᠠᠰᠤ ᠪᠠᠷ ᠲᠤᠰᠬᠠᠭᠰᠠᠨ ᠬᠦᠰᠡᠯ ᠱᠠᠭᠠᠷᠳᠠᠯᠭ᠎ᠠ ᠶᠢ ᠪᠦᠭᠦᠶᠢᠯᠡ ᠭᠤᠭᠴᠤᠭ᠎ᠠ ᠪᠠᠷ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ ᠲᠠᠩᠰᠠ ᠶᠢᠨ ᠡᠭᠦᠷᠭᠡ ᠶᠢ ᠰᠠᠶᠢᠲᠤᠷ ᠬᠢᠵᠦ ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠶᠠᠪᠤᠳᠠᠯ ᠢ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ ᠃
ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠤᠳᠤᠯᠵᠤ ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠬᠠᠷᠰᠢ ᠶᠢ ᠴᠡᠪᠡᠷᠯᠡᠨ ᠴᠡᠭᠴᠡᠯᠡᠬᠦ ᠲᠤᠰᠬᠠᠢ ᠠᠵᠢᠯᠯᠠᠭ᠎ᠠ ᠶᠢ ᠰᠠᠶᠢᠲᠤᠷ ᠥᠷᠨᠢᠭᠦᠯᠵᠦ ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ ᠃ ︽ᠵᠢᠷᠭᠤᠭᠠᠨ ᠠᠵᠢᠯᠯᠠᠭ᠎ᠠ ︾ ᠶᠢ ᠥᠷᠨᠢᠭᠦᠯᠬᠦ ᠲᠠᠢ ᠤᠶᠠᠯᠳᠤᠭᠤᠯᠤᠨ ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠴᠢᠩᠭᠠᠳᠬᠠᠵᠤ ᠂ ᠭᠡᠷ᠎ᠡ ᠲᠣᠭᠲᠠᠭᠰᠠᠨ ᠲᠥᠷᠥᠯ ᠵᠦᠢᠯ ᠢ ᠡᠷᠲᠡᠬᠡᠨ ᠪᠠᠷᠢᠯᠭ᠎ᠠ ᠡᠬᠢᠯᠡᠭᠦᠯᠬᠦ ᠂ ᠪᠠᠷᠢᠯᠭ᠎ᠠ ᠡᠬᠢᠯᠡᠭᠦᠯᠦᠭᠰᠡᠨ ᠲᠥᠷᠥᠯ ᠵᠦᠢᠯ ᠢ ᠨᠠᠩ ᠣᠯᠠᠨ ᠪᠣᠳᠠᠲᠤ ᠬᠡᠮᠵᠢᠶ᠎ᠡ ᠲᠠᠢ ᠪᠤᠯᠭᠠᠬᠤ ᠂ ᠪᠠᠶᠢᠭᠤᠯᠵᠤ ᠳᠠᠭᠤᠰᠤᠭᠰᠠᠨ ᠲᠥᠷᠥᠯ ᠵᠦᠢᠯ ᠤᠨ ᠦᠢᠯᠡᠳᠪᠦᠷᠢᠯᠡᠯ ᠢ ᠳᠠᠷᠤᠢ ᠲᠦᠷᠭᠡᠨ ᠡᠬᠢᠯᠡᠭᠦᠯᠵᠦ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠂ ᠬᠥᠯᠥᠰᠦᠨ ᠮᠠᠯᠴᠢᠨ ᠲᠠᠷᠢᠶᠠᠴᠢᠨ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠰᠠᠶᠢᠲᠤᠷ ᠠᠳᠬᠤᠵᠤ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠂ ᠰᠢᠨ᠎ᠡ ᠡᠨᠧᠷᠭᠢ ᠵᠡᠷᠭᠡ ᠬᠦᠷᠢᠶᠡᠨ ᠳᠤ ᠪᠡᠭᠡᠵᠢᠩ ᠲᠢᠶᠠᠨᠵᠢᠨ ᠾᠧᠪᠧᠢ ᠂ ᠬᠥᠬᠡᠮᠥ᠋ᠷᠡᠨ ᠤ ᠭᠤᠷᠪᠠᠯᠵᠢᠨ ᠬᠤᠶᠢᠭ ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ ᠳᠤᠮᠳᠠ ᠥᠪᠥᠷ ᠮᠣᠩᠭᠤᠯ ᠤᠨ ᠡᠭᠦᠷᠭᠡᠯᠡᠯ ᠢ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ ᠃
ᠬᠤᠷᠠᠯ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ ︾ ᠪᠣᠯᠣᠨ 48 ᠶᠠᠮᠤᠨ ᠵᠥᠪᠯᠡᠯ ᠤᠨ ᠢᠵᠢ ᠪᠦᠷᠢᠳᠦᠭᠦᠯᠦᠭᠰᠡᠨ ᠪᠢᠴᠢᠭ ᠮᠠᠲ᠋ᠧᠷᠢᠶᠠᠯ ᠢ ᠴᠢᠩᠭ᠎ᠠ ᠠᠩᠬᠠᠷᠴᠤ ᠂ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠤᠨ ᠴᠠᠭ ᠤᠨ ᠬᠦᠰᠦᠨᠦᠭᠲᠦ ᠂ ᠪᠠᠷᠢᠯᠭ᠎ᠠ ᠶᠢᠨ ᠵᠢᠷᠤᠭ ᠢ ᠨᠢᠭᠡ ᠨᠢᠭᠡ ᠪᠠᠷ ᠲᠣᠳᠣᠷᠬᠠᠶᠢᠯᠠᠵᠤ ᠂ ᠳᠡᠳ᠋ ᠲᠡᠷᠢᠭᠦᠯᠡᠭᠴᠢ ᠨᠠᠷ ᠬᠠᠷᠢᠭᠤᠴᠠᠯᠭ᠎ᠠ ᠪᠠᠨ ᠡᠭᠦᠷᠭᠡᠯᠡᠵᠦ ᠂ ᠬᠠᠷᠢᠭᠤᠴᠠᠵᠤ ᠪᠠᠶᠢᠭ᠎ᠠ ᠠᠵᠢᠯ ᠢᠶᠠᠨ ᠬᠠᠮᠢᠶᠠᠷᠴᠤ ᠂ ᠲᠥᠷᠥ ᠶᠢᠨ ᠪᠣᠳᠣᠯᠭ᠎ᠠ ᠶᠢ ᠪᠣᠳᠠᠲᠠᠢ ᠲᠥᠷᠥᠯ ᠵᠦᠢᠯ ᠳᠡᠭᠡᠷ᠎ᠡ ᠨᠠᠶᠢᠳᠠᠪᠤᠷᠢᠵᠢᠭᠤᠯᠵᠤ ᠂ ᠴᠠᠭ ᠤᠨ ᠳᠠᠷᠠᠭᠠᠯᠠᠯ ᠤᠨ ᠠᠬᠢᠴᠠ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠤᠳᠤᠯᠵᠤ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠂ ᠪᠠᠷᠢᠯᠭ᠎ᠠ ᠶᠢᠨ ᠪᠤᠰᠤ ᠬᠦᠷᠢᠶᠡᠨ ᠳᠠᠬᠢ ᠴᠠᠯᠢᠩ ᠥᠷᠢᠲᠦᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠯ᠎ᠡ ᠵᠦᠢᠯ ᠤᠨ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠠᠷᠢᠯᠭᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ ᠂ ᠬᠦᠰᠡᠯ ᠱᠠᠭᠠᠷᠳᠠᠯᠭ᠎ᠠ ᠲᠤᠰᠬᠠᠬᠤ ᠠᠷᠭ᠎ᠠ ᠵᠠᠮ ᠢ ᠰᠢᠯᠤᠭᠤᠳᠬᠠᠵᠤ ᠂ ᠴᠠᠯᠢᠩ ᠥᠷᠢᠲᠦᠬᠦ ᠠᠰᠠᠭᠤᠳᠠᠯ ᠳᠤ ᠴᠢᠩᠭ᠎ᠠ ᠴᠣᠬᠢᠯᠲᠠ ᠥᠭᠴᠦ ᠂ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠵᠦ ᠂ ᠰᠢᠨ᠎ᠡ ᠪᠠᠷ ᠨᠡᠮᠡᠭᠳᠡᠬᠦ ᠶᠢ ᠡᠬᠢ ᠦᠨᠳᠦᠰᠦ ᠠᠴᠠ ᠨᠢ ᠬᠤᠷᠢᠭᠯᠠᠵᠤ ᠂ ᠬᠥᠯᠥᠰᠦᠨ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠦᠷᠭᠦᠯᠵᠢᠯᠡᠨ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ ᠃
ᠬᠤᠷᠠᠯ ᠠᠴᠠ ᠭᠡᠷ ᠬᠥᠷᠥᠩᠭᠡ ᠶᠢᠨ ᠦᠨᠡᠮᠯᠡᠯ ᠠᠪᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠰᠤᠳᠤᠯᠵᠤ ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠤᠯᠪᠤᠭᠠᠯᠠᠨ ᠬᠥᠳᠡᠯᠦᠯᠴᠡᠵᠦ ᠬᠠᠮᠵᠢᠯᠴᠠᠬᠤ ᠪᠠᠨ ᠴᠢᠩᠭᠠᠳᠬᠠᠵᠤ ᠂ ᠬᠠᠤᠯᠢ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠂ ᠭᠡᠷ ᠪᠠᠶᠢᠰᠢᠩ ᠤᠨ ᠪᠠᠷᠢᠯᠭ᠎ᠠ ᠳᠠᠭᠤᠰᠴᠤ ᠰᠢᠯᠭᠠᠨ ᠠᠪᠴᠤ ᠳᠡᠶᠢᠯᠭᠦ ᠦᠭᠡᠢ ᠪᠠᠶᠢᠬᠤ ᠂ ᠪᠠᠶᠢᠭᠤᠯᠤᠭᠰᠠᠨ ᠠᠵᠤ ᠠᠬᠤᠶᠢᠯᠠᠯ ᠭᠠᠶᠢᠯᠢ ᠰᠦᠢᠳᠬᠡᠯ ᠲᠤᠰᠢᠶᠠᠬᠤ ᠴᠢᠳᠠᠯ ᠦᠭᠡᠢ ᠂ ᠭᠠᠵᠠᠷ ᠰᠢᠷᠣᠢ ᠶᠢᠨ ᠭᠠᠷᠳᠠᠮ ᠢ ᠭᠦᠢᠴᠡᠳᠬᠡᠭᠰᠡᠨ ᠦᠭᠡᠢ ᠵᠡᠷᠭᠡ ᠪᠠᠶᠢᠳᠠᠯ ᠳᠤ ᠴᠢᠭᠯᠡᠭᠦᠯᠦᠨ ᠂ ᠬᠠᠨᠳᠤᠯᠭᠠᠲᠤ ᠴᠢᠨᠠᠷᠲᠠᠢ ᠪᠠᠷ ᠠᠷᠭ᠎ᠠ ᠬᠡᠮᠵᠢᠶ᠎ᠡ ᠠᠪᠴᠤ ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠬᠠᠤᠯᠢ ᠲᠣᠭᠲᠠᠭᠠᠯ ᠶᠣᠰᠣᠭᠠᠷ ᠲᠦᠷᠭᠡᠨ ᠭᠦᠢᠴᠡᠳᠬᠡᠬᠦ ᠬᠡᠷᠡᠭᠲᠡᠢ ᠭᠡᠵᠦ ᠱᠠᠭᠠᠷᠳᠠᠪᠠ ᠃
ᠬᠤᠷᠠᠯ ᠠᠴᠠ ᠪᠠᠰᠠ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠡᠢ ᠃