|
ᠥᠪᠥᠷ ᠮᠣᠩᠭᠤᠯ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠵᠦ ᠪᠠᠶᠢᠭ᠎ᠠ ᠶᠢ ᠬᠦᠴᠦᠲᠡᠢ ᠠᠷᠭ᠎ᠠ ᠬᠡᠮᠵᠢᠶ᠎ᠡ ᠠᠪᠴᠤ ᠴᠡᠭᠴᠡᠯᠡᠨ ᠵᠠᠰᠠᠭᠰᠠᠨ ᠢᠶᠠᠷ | ︽ᠨᠣᠭᠤᠭᠠᠨ ᠤ ᠬᠠᠮᠠᠭᠠᠯᠠᠯᠲᠠ ᠶᠢᠨ ᠳᠠᠶᠢᠯᠠᠯᠳᠤᠭᠠᠨ︾ ᠭᠠᠷᠤᠭ᠎ᠠ ᠰᠠᠶᠢᠲᠠᠢ ᠪᠣᠯᠣᠭᠰᠠᠨ ᠪᠠᠶᠢᠨ᠎ᠠ |
|
|
ᠨᠡᠶᠢᠲᠡᠯᠡᠭᠰᠡᠨ ᠴᠠᠭ᠄
2025/5/20
|
|
ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠪᠥᠬᠦ ᠣᠷᠣᠨ ᠢᠶᠠᠷ ᠢᠶᠠᠨ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠵᠦ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠨᠤᠭᠤᠳ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠥᠷᠨᠢᠭᠦᠯᠦᠭᠰᠡᠨ ᠠᠴᠠ ᠨᠠᠭᠠᠰᠢ᠂ ᠡᠯ᠎ᠡ ᠭᠠᠵᠠᠷ ᠤᠨ ᠬᠢᠨ ᠴᠣᠬᠢᠯᠲᠠ ᠥᠭᠬᠦ ᠪᠠ ᠬᠠᠮᠢᠶᠠᠷᠤᠨ ᠵᠠᠰᠠᠬᠤ ᠠᠵᠢᠯ ᠢ ᠵᠡᠷᠭᠡ ᠪᠠᠷ ᠬᠢᠬᠦ ᠶᠢ ᠪᠠᠷᠢᠮᠲᠠᠯᠠᠨ᠂ ᠰᠢᠨ᠎ᠡ ᠪᠠᠷ ᠨᠡᠮᠡᠭᠳᠡᠬᠦ ᠶᠢ ᠬᠤᠷᠢᠭᠯᠠᠨ ᠵᠣᠭᠰᠤᠭᠠᠬᠤ ᠪᠠ ᠤᠭ ᠤᠨ ᠪᠠᠶᠢᠭᠰᠠᠨ ᠠᠰᠠᠭᠤᠳᠠᠯ ᠤᠳ ᠢ ᠰᠢᠢᠳᠪᠦᠷᠢᠯᠡᠨ ᠪᠠᠭᠠᠰᠬᠠᠬᠤ ᠪᠠᠨ ᠵᠡᠷᠭᠡ ᠪᠠᠷ ᠠᠬᠢᠭᠤᠯᠵᠤ᠂ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ᠂ ᠳᠤᠷ᠎ᠠ ᠪᠠᠷ ᠢᠶᠠᠨ ᠨᠡᠭᠡᠭᠡᠨ ᠬᠠᠭᠠᠯᠪᠤᠷᠢᠯᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠡᠭᠦᠰᠬᠦ ᠶᠢ ᠢᠯᠡᠳᠲᠡ ᠬᠤᠷᠢᠭᠯᠠᠨ ᠵᠣᠭᠰᠣᠭᠠᠭᠰᠠᠨ ᠢᠶᠠᠷ ︽ᠨᠣᠭᠤᠭᠠᠨ ᠤ ᠬᠠᠮᠠᠭᠠᠯᠠᠯᠲᠠ ᠶᠢᠨ ᠳᠠᠶᠢᠯᠠᠯᠳᠤᠭᠠᠨ ︾ ᠭᠠᠷᠤᠭ᠎ᠠ ᠰᠠᠶᠢᠲᠠᠢ ᠪᠣᠯᠣᠭᠰᠠᠨ ᠪᠠᠶᠢᠨ᠎ᠠ ᠃ ᠴᠡᠭᠴᠡᠯᠡᠨ ᠵᠠᠰᠠᠬᠤ ᠠᠵᠢᠯᠯᠠᠭᠠᠨ ᠢ ᠡᠬᠢᠯᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠦᠳᠲᠡᠷ ᠲᠦᠷᠭᠡᠨ ᠪᠠᠶᠢᠷᠢᠯᠠᠭᠤᠯᠵᠤ᠂ ︽ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠵᠦ ᠪᠠᠶᠢᠭ᠎ᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠬᠦ ᠲᠤᠬᠠᠢ ᠬᠡᠷᠡᠭ ᠰᠢᠢᠳᠪᠦᠷᠢᠯᠡᠬᠦ ᠠᠵᠢᠯ ᠤᠨ ᠵᠢᠯᠣᠭᠤᠳᠤᠮᠵᠢ︾ ᠵᠡᠷᠭᠡ 7 ᠵᠦᠢᠯ ᠤᠨ ᠳᠦᠷᠢᠮ ᠤᠨ ᠲᠣᠭᠲᠠᠴᠠ ᠶᠢ ᠲᠣᠭᠲᠠᠭᠠᠨ ᠨᠡᠶᠢᠲᠡᠯᠡᠵᠦ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠨᠤᠭᠤᠳ ᠢ ᠨᠢᠭᠡᠳᠦᠯᠲᠡᠢ ᠪᠣᠯᠭᠠᠵᠤ᠂ ᠬᠡᠷᠡᠭ ᠰᠢᠢᠳᠪᠦᠷᠢᠯᠡᠬᠦ ᠶᠠᠪᠤᠴᠠ ᠳᠠᠬᠢ ᠲᠦᠭᠵᠢᠷᠡᠯ ᠢ ᠰᠢᠯᠤᠭᠤᠳᠬᠠᠭᠰᠠᠨ ᠪᠠᠶᠢᠨ᠎ᠠ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠢᠬᠦ ᠵᠠᠩᠭᠢᠯᠠᠭ᠎ᠠ ᠶᠢᠨ ᠦᠶ᠎ᠡ ᠪᠠᠷ ᠢᠯᠡᠭᠦᠦ ᠠᠩᠬᠠᠷᠤᠯ ᠲᠠᠯᠪᠢᠵᠤ ᠂ ᠳᠠᠭᠠᠭᠤᠯᠢ ᠤᠳᠤᠨ ᠤ ᠠᠯᠤᠰ ᠰᠡᠷᠡᠯ ᠤᠨ ᠮᠡᠷᠭᠡᠵᠢᠯ ᠤᠨ ᠠᠷᠭ᠎ᠠ ᠪᠠᠷᠢᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠳᠣᠣᠷᠠᠳᠤ ᠱᠠᠲᠤ ᠲᠡᠶᠢᠰᠢ ᠶᠠᠪᠤᠭᠤᠯᠤᠭᠰᠠᠨ 6 ᠬᠤᠭᠤᠴᠠᠭᠠᠨ ᠤ ᠳᠣᠯᠪᠤᠲᠤ ᠵᠢᠷᠤᠭ ᠠᠴᠠ ᠬᠠᠷᠠᠬᠤ ᠳᠤ ᠂ ᠳᠣᠯᠪᠤᠲᠤ ᠵᠢᠷᠤᠭ ᠤᠨ ᠲᠠᠯᠠᠪᠠᠢ ᠦᠷᠭᠦᠯᠵᠢᠯᠡᠨ ᠪᠠᠭᠠᠰᠴᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠵᠦ ᠪᠠᠶᠢᠭ᠎ᠠ ᠠᠰᠠᠭᠤᠳᠠᠯ ᠤᠨ ᠰᠢᠨ᠎ᠡ ᠪᠠᠷ ᠡᠭᠦᠰᠬᠦ ᠪᠠᠶᠢᠳᠠᠯ ᠢᠯᠡᠳᠲᠡ ᠪᠠᠭᠠᠰᠴᠤ ᠪᠠᠶᠢᠨ᠎ᠠ ᠃ ᠡᠯ᠎ᠡ ᠭᠠᠵᠠᠷ ᠤᠨ ᠬᠢᠨ ᠤ ᠥᠪᠡᠷᠰᠡᠳ ᠢᠶᠠᠨ ᠪᠠᠶᠢᠴᠠᠭᠠᠭᠰᠠᠨ ︽ᠨᠢᠭᠡᠭᠡᠨ ᠴᠤ ᠠᠰᠠᠭᠤᠳᠠᠯ ᠦᠭᠡᠢ︾ ᠳᠣᠯᠪᠤᠲᠤ ᠵᠢᠷᠤᠭ ᠢ ᠰᠣᠩᠭᠤᠨ ᠪᠠᠶᠢᠴᠠᠭᠠᠵᠤ ᠳᠠᠬᠢᠨᠲᠠ ᠬᠢᠨᠠᠨ ᠬᠠᠷᠭᠤᠭᠤᠯᠤᠭᠠᠳ᠂ ᠵᠢᠭᠰᠠᠭᠠᠨ ᠪᠠᠶᠢᠴᠠᠭᠠᠬᠤ ᠠᠵᠢᠯ ᠳᠤ ᠥᠨᠴᠥᠭ ᠪᠤᠯᠤᠩ ᠢ ᠨᠢ ᠣᠷᠬᠢᠭᠳᠠᠭᠤᠯᠬᠤ ᠦᠭᠡᠢ᠂ ᠬᠠᠰᠢ ᠶᠠᠰᠢ ᠬᠢᠬᠦ ᠦᠭᠡᠢ ᠪᠠᠶᠢᠬᠤ ᠶᠢ ᠪᠠᠲᠤᠯᠠᠭᠰᠠᠨ ᠪᠠᠶᠢᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠡᠪᠲᠡᠷᠡᠭᠦᠯᠦᠨ ᠮᠡᠳᠡᠭᠡᠯᠡᠭᠰᠡᠨ ᠨᠡᠶᠢᠲᠡᠯᠢᠭ ᠠᠰᠠᠭᠤᠳᠠᠯ ᠤᠳ ᠢ ᠰᠠᠶᠢᠨ ᠠᠩᠬᠠᠷᠴᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠤᠳ ᠤᠨ ᠰᠦᠪᠡᠭᠴᠢ ᠶᠢ ᠭᠦᠨᠵᠡᠭᠡᠢ ᠠᠭᠤᠳᠠᠯᠪᠠ᠃ ᠡᠭᠦᠨ ᠤ ᠬᠠᠮᠲᠤ᠂ ᠲᠣᠪᠣᠶᠢᠮ᠎ᠠ ᠠᠰᠠᠭᠤᠳᠠᠯ ᠲᠠᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠢ ᠪᠥᠬᠦ ᠣᠷᠣᠨ ᠳᠤ ᠨᠡᠪᠲᠡᠷᠡᠭᠦᠯᠦᠨ ᠮᠡᠳᠡᠭᠡᠯᠡᠵᠦ᠂ ᠨᠢᠭᠡ ᠪᠦᠯᠦᠭ ᠳᠦᠷᠢᠮ ᠳᠣᠭᠲᠠᠭᠠᠯ ᠢ ᠵᠣᠷᠢᠭᠤᠳᠠ ᠪᠠᠷ ᠵᠥᠷᠢᠴᠡᠨ ᠬᠡᠷᠡᠭ ᠦᠢᠯᠡᠳᠦᠭᠰᠡᠨ᠂ ᠬᠠᠭᠠᠯᠪᠤᠷᠢᠯᠠᠭᠰᠠᠨ ᠲᠠᠯᠠᠪᠠᠶ ᠪᠠᠷ ᠶᠡᠭᠡ᠂ ᠦᠷ᠎ᠡ ᠨᠥᠯᠥᠭᠡ ᠪᠠᠷ ᠬᠦᠨᠳᠦ ᠨᠣᠴᠢᠲᠠᠢ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠨᠤᠭᠤᠳ ᠢ ᠴᠢᠩᠭ᠎ᠠ ᠰᠢᠢᠳᠬᠡᠭᠡᠳ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠨ ᠰᠦᠢᠳᠬᠡᠬᠦ ᠦᠶᠯᠡ ᠠᠵᠢᠯᠯᠠᠭ᠎ᠠ ᠳᠤ ᠰᠡᠷᠡᠮᠵᠢ ᠶᠢᠨ ᠳᠣᠬᠢᠶ᠎ᠠ ᠥᠭᠭᠦᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠨ᠂ ᠣᠶ ᠰᠢᠭᠤᠢ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠭᠡᠳᠦ ᠳᠣᠣᠷᠠᠳᠤ ᠱᠠᠲᠤ ᠪᠠᠷ ᠢᠶᠠᠨ ᠨᠡᠪᠲᠡᠷᠡᠨ ᠬᠤᠯᠪᠣᠯᠳᠤᠭᠰᠠᠨ ᠲᠣᠭᠲᠠᠯᠴᠠᠭ᠎ᠠ ᠶᠢ ᠪᠠᠶᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠠᠴᠠ ᠣᠶ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠢᠨᠠᠨ ᠰᠢᠨᠵᠢᠵᠦ ᠪᠠᠲᠤᠯᠠᠬᠤ ᠲᠥᠪ ᠪᠠᠶᠢᠭᠤᠯᠵᠤ᠂ ᠡᠯ᠎ᠡ ᠠᠶᠢᠮᠠᠭ ᠬᠤᠲᠠ ᠨᠤᠭᠤᠳ ᠤᠨ ᠬᠢᠨ ᠪᠠᠶᠢᠭᠤᠯᠤᠮᠵᠢ ᠪᠠ ᠡᠩᠨᠡᠭᠡ ᠶᠢ ᠪᠦᠲᠦᠭᠡᠨ ᠪᠠᠶᠢᠭᠤᠯᠬᠤ ᠪᠠᠷ ᠢᠳᠡᠪᠬᠢᠲᠡᠢ ᠰᠦᠪᠡᠭᠴᠢᠯᠡᠨ᠂ ᠲᠥᠷᠥᠯ ᠠᠩᠭᠢᠯᠠᠨ ᠲᠠᠰ ᠬᠤᠪᠢᠶᠠᠵᠤ ᠪᠣᠯᠪᠠᠰᠤᠷᠠᠯ ᠬᠦᠷᠲᠡᠭᠡᠬᠦ᠂ ᠬᠠᠤᠯᠢ ᠬᠡᠷᠡᠭᠵᠢᠭᠦᠯᠦᠭᠴᠢ ᠶᠢᠨ ᠦᠨᠡᠮᠯᠡᠯ ᠣᠯᠭᠤᠬᠤ ᠰᠢᠯᠭᠠᠯᠲᠠ ᠬᠢᠬᠦ ᠵᠡᠷᠭᠡ ᠶᠢ ᠢᠳᠡᠪᠬᠢᠲᠡᠢ ᠠᠬᠢᠭᠤᠯᠵᠤ᠂ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠠᠰᠠᠭᠤᠳᠠᠯ ᠡᠭᠦᠰᠬᠦ ᠶᠢ ᠡᠬᠢ ᠡᠭᠦᠰᠦᠯ ᠠᠴᠠ ᠨᠢ ᠴᠥᠬᠡᠳᠬᠡᠭᠡᠳ᠂ ᠮᠠᠨ ᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠠᠬᠢᠨ ᠬᠠᠮᠠᠭᠠᠯᠠᠬᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|