ᠮᠠᠨ ᠤ ᠣᠷᠣᠨ ᠤ 2025 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠠᠷᠠᠭ ᠤᠨ ᠠᠵᠢᠯᠯᠠᠭ᠎ᠠ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/5/20


ᠲᠦᠷᠦᠭᠦᠬᠡᠨ ᠮᠠᠨ ᠤ ᠣᠷᠣᠨ ᠤ 2025 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠠᠷᠠᠭ ᠤᠨ ᠠᠵᠢᠯᠯᠠᠭ᠎ᠠ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠭᠦᠭᠡᠬᠤᠳᠠ ᠳᠤ ᠶᠠᠪᠤᠭᠳᠠᠪᠠ᠃

ᠠᠵᠢᠯᠯᠠᠭ᠎ᠠ ᠨᠢ ︽ᠨᠢᠭᠡ ᠮᠡᠷᠭᠡᠵᠢᠯ ᠢ ᠡᠵᠡᠮᠰᠢᠪᠡᠯ ᠨᠢᠭᠡ ᠨᠠᠰᠤ ᠰᠠᠨᠠᠭ᠎ᠠ ᠠᠮᠤᠷ︾ ᠭᠡᠬᠦ ᠪᠠᠷ ᠭᠤᠣᠯ ᠰᠡᠳᠦᠪ ᠪᠤᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠰᠤᠳᠤᠯᠤᠨ ᠶᠠᠷᠢᠯᠴᠠᠬᠤ᠂ ᠡᠩ ᠤᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠭᠤᠰᠤᠯᠴᠠᠯ ᠢ ᠪᠡᠶᠡᠴᠢᠯᠡᠨ ᠣᠶᠢᠯᠠᠭᠠᠬᠤ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ ᠦᠯᠢᠭᠡᠷ ᠵᠢᠱᠢᠶ᠎ᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠭᠠᠳᠠᠭᠠᠳᠤ ᠳᠤ ᠭᠠᠷᠭᠠᠭᠰᠠᠨ ᠦᠵᠡᠭᠦᠯᠭᠡ᠂ ᠤᠷ᠎ᠠ ᠮᠡᠷᠭᠡᠵᠢᠯ ᠤᠨ ᠴᠢᠳᠠᠪᠤᠷᠢᠲᠠᠨ ᠤ ᠴᠤᠭ ᠵᠢᠪᠬᠤᠭ᠎ᠠ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡ᠂ ᠣᠷᠣᠨ ᠨᠤᠲᠤᠭ ᠤᠨ ᠳᠠᠪᠠᠭᠤᠯᠢᠭ ᠣᠨᠴᠠᠯᠢᠭ ᠵᠡᠷᠭᠡ ᠶᠢᠨ ᠲᠣᠭᠤᠷᠢᠨ ᠳᠤ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠥᠷᠨᠢᠭᠦᠯᠪᠡ᠃

ᠡᠭᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠢ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠣᠯᠣᠨ ᠰᠣᠶᠣᠯ ᠤᠷᠠᠯᠢᠭ᠂ ᠢᠷᠡᠭᠡᠳᠦᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠤᠳᠠᠯᠳᠤᠭᠠᠨ ᠤ ᠠᠵᠤ ᠦᠢᠯᠡᠰ  ᠭᠦᠨᠵᠡᠭᠡᠢ ᠠᠭᠤᠰᠤᠯᠴᠠᠭᠰᠠᠨ ᠤᠯᠠᠨ ᠡᠰᠢᠲᠦ ᠪᠡᠶᠡᠴᠢᠯᠡᠨ ᠣᠶᠢᠯᠠᠭᠠᠬᠤ ᠮᠠᠶ᠋ᠢᠭ ᠤᠨ ᠦᠵᠡᠭᠳᠡᠯ ᠢ ᠨᠠᠷᠢᠨ ᠨᠢᠮᠪᠠᠢ ᠪᠠᠶᠢᠷᠢᠯᠠᠭᠤᠯᠪᠠ᠃ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ ᠰᠢᠨ᠎ᠡ ᠶᠢ ᠡᠭᠦᠳᠬᠦ ᠦᠢᠯᠡᠳᠦᠯᠭᠡ ᠶᠢ ᠢᠯᠡᠷᠡᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠤᠨ ᠦᠵᠡᠭᠦᠯᠭᠡ᠂ ᠰᠢᠯᠢᠳᠡᠭ ᠰᠣᠶᠣᠯ ᠪᠠ ᠤᠯᠠᠮᠵᠢᠯᠠᠯᠲᠤ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯᠴᠢ ᠦᠢᠯᠡᠳᠬᠦᠨ ᠤ ᠦᠵᠡᠭᠦᠯᠭᠡ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠᠷ ᠤᠮᠠᠷᠠᠲᠤ ᠬᠢᠯᠢ ᠶᠢᠨ ᠬᠥᠭᠵᠢᠯᠲᠡ ᠳᠤ  ᠬᠥᠳᠡᠯᠭᠡᠬᠦ ᠬᠦᠴᠦᠨ ᠨᠡᠮᠡᠷᠢᠯᠡᠭᠰᠡᠨ ᠣᠶᠤᠨᠲᠤ ᠲᠣᠭᠠᠴᠢᠯᠠᠭᠰᠠᠨ ᠪᠦᠲᠦᠭᠡᠯ ᠤᠨ ᠦᠵᠡᠭᠦᠯᠭᠡ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠤ ᠬᠤᠰᠢᠭᠤᠷᠠᠯ ᠤᠷ᠎ᠠ ᠮᠡᠷᠭᠡᠵᠢᠯ ᠢ ᠢᠯᠡᠷᠡᠭᠦᠯᠦᠭᠰᠡᠨ ᠪᠠᠷᠢᠯᠭ᠎ᠠ ᠶᠢᠨ ᠮᠡᠷᠭᠡᠵᠢᠯ ᠤᠨ ᠦᠵᠡᠭᠦᠯᠭᠡ ᠵᠡᠷᠭᠡ ᠨᠢ ᠤᠯᠠᠨ ᠤ ᠠᠩᠬᠠᠷᠤᠯ ᠢ ᠶᠡᠬᠡᠳᠡ ᠲᠠᠲᠠᠪᠠ᠃


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ