01 ᠳᠦᠷᠢᠮ ᠢ ᠲᠣᠭᠲᠠᠭᠠᠭᠰᠠᠨ ᠠᠬᠤᠢ ᠪᠠᠶᠢᠳᠠᠯ
ᠥᠪᠥᠷ ᠮᠣᠩᠭᠤᠯ ᠤᠯᠤᠰ ᠤᠨ ᠳᠣᠲᠣᠭᠠᠳᠤ ᠳᠤ ᠪᠠᠨ ᠨᠠᠢᠮᠠᠨ ᠮᠤᠵᠢ ᠲᠠᠢ ᠬᠤᠯᠪᠣᠯᠳᠤᠵᠤ᠂ ᠭᠠᠳᠠᠭᠰᠢ ᠪᠠᠨ ᠣᠷᠣᠰ ᠮᠣᠩᠭᠤᠯ ᠲᠠᠢ ᠬᠥᠷᠰᠢᠯᠡᠵᠦ᠂ ᠣᠷᠣᠨ ᠪᠠᠶᠢᠷᠢ ᠶᠢᠨ ᠳᠠᠪᠠᠭᠤᠯᠢᠭ ᠲᠠᠯ᠎ᠠ ᠣᠯᠠᠨ ᠠᠴᠠ ᠣᠨᠴᠠᠭᠠᠶ ᠪᠠᠶᠢᠳᠠᠭ᠂ ᠲᠡᠦᠬᠡᠨ ᠳᠤ ᠪᠠᠨ ᠳᠠᠷᠤᠢ ︽ᠲᠠᠯ᠎ᠠ ᠨᠤᠲᠤᠭ ᠤᠨ ᠲᠣᠷᠭᠠᠨ ᠤ ᠵᠠᠮ︾ ᠪᠠ ︽ᠲᠦᠮᠡᠨ ᠭᠠᠵᠠᠷ ᠤᠨ ᠴᠠᠢ ᠶᠢᠨ ᠵᠠᠮ︾ ᠤᠨ ᠴᠢᠬᠤᠯᠠ ᠵᠠᠩᠭᠢᠯᠠᠭ᠎ᠠ ᠪᠠ ᠨᠡᠪᠲᠡᠷᠡᠯ ᠵᠠᠮ ᠮᠥᠨ ᠪᠠᠶᠢᠵᠤ᠂ ᠣᠳᠣ ᠨᠡᠩ ᠴᠤ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠠᠶᠢᠵᠤ᠂ ᠳᠤᠮᠳᠠᠳᠤ ᠤᠯᠤᠰ ᠤᠨ ᠪᠠᠷᠠᠭᠤᠨ ᠬᠡᠰᠡᠭ ᠤᠨ ᠬᠠᠭᠤᠷᠠᠢ ᠳᠠᠯᠠᠶ ᠶᠢᠨ ᠰᠢᠨ᠎ᠡ ᠨᠡᠪᠲᠡᠷᠡᠯ ᠵᠠᠮ ᠤᠨ ᠴᠢᠬᠤᠯᠠ ᠡᠭᠦᠳᠡ ᠪᠣᠯᠵᠤ ᠪᠠᠶᠢᠨ᠎ᠠ᠃ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠪᠣᠯ ᠶᠡᠷᠦᠩᠬᠡᠢ ᠱᠦᠵᠢ ᠰᠢ ᠶᠢᠨ ᠫᠢᠩ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠯᠡᠵᠦ ᠥᠪᠥᠷ ᠮᠣᠩᠭᠤᠯ ᠤᠨ ᠪᠠᠶᠢᠳᠠᠯ ᠳᠤ ᠲᠣᠬᠢᠷᠠᠭᠤᠯᠤᠨ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠮᠥᠷᠲᠡᠭᠡᠨ ᠥᠪᠥᠷ ᠮᠣᠩᠭᠤᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠢᠨ ᠴᠢᠬᠤᠯᠠ ᠲᠦᠰᠢᠭ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠠ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠬᠤᠣᠰ ᠣᠷᠴᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠴᠡᠭ ᠢ ᠴᠣᠭᠴᠠᠯᠠᠵᠤ᠂ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠬᠤᠣᠰ ᠣᠷᠴᠢᠯ ᠢ ᠬᠤᠯᠪᠣᠬᠤ ᠳᠤ ᠨᠡᠩ ᠶᠡᠭᠡ ᠦᠢᠯᠡᠳᠦᠯ ᠭᠠᠷᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠦᠷᠢᠮ︾ ᠢ ᠲᠣᠭᠲᠠᠭᠠᠪᠠ᠃
02 ᠳᠦᠷᠢᠮ ᠤᠨ ᠭᠤᠣᠯ ᠠᠭᠤᠯᠭ᠎ᠠ
ᠲᠣᠰ ᠳᠦᠷᠢᠮ ᠨᠢ ᠪᠣᠭᠤᠮᠲᠠ ᠪᠠ ᠡᠯ᠎ᠡ ᠲᠥᠷᠥᠯ ᠤᠨ ᠨᠡᠪᠲᠡᠷᠡᠯ ᠵᠠᠮ ᠵᠢᠴᠢ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠲᠠᠢ ᠨᠢᠭᠲᠠ ᠤᠶᠠᠯᠳᠤᠨ᠂ ᠬᠠᠮ ᠬᠢᠯᠢ ᠶᠢᠨ ᠪᠣᠭᠤᠮᠲᠠ ᠶᠢᠨ ᠠᠵᠤ ᠠᠬᠤᠢ ᠶᠢ ᠬᠥᠭᠵᠢᠭᠦᠯᠬᠦ ᠳᠤ ᠬᠦᠴᠦᠯᠡᠪᠡ᠃ ᠳᠦᠷᠢᠮ ᠳᠤ ᠪᠣᠭᠤᠮᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠠᠮᠤᠭᠤᠯᠠᠩᠲᠤ᠂ ᠪᠦᠲᠦᠮᠵᠢ ᠲᠠᠢ᠂ ᠣᠶᠤᠨᠲᠤ᠂ ᠬᠠᠤᠯᠢᠵᠢᠯ ᠤᠨ᠂ ᠪᠣᠬᠢᠷᠲᠤᠯ ᠦᠭᠡᠢ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠲᠣᠭᠲᠠᠭᠠᠪᠠ︔ ᠥᠪᠡᠷᠲᠡᠭᠡᠨ ᠵᠠᠰᠠᠬᠤ ᠣᠷᠣᠨ ᠨᠡᠭᠡᠭᠡᠯᠲᠡ ᠶᠢᠨ ᠶᠡᠭᠡ ᠨᠡᠪᠲᠡᠷᠡᠯ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠨᠡᠭᠡᠭᠡᠯᠲᠡ ᠶᠢᠨ ᠳᠠᠪᠠᠭᠤᠯᠢᠭ ᠪᠠ ᠬᠥᠭᠵᠢᠯᠲᠡ ᠶᠢᠨ ᠳᠠᠪᠠᠭᠤᠯᠢᠭ ᠪᠣᠯᠭᠠᠨ ᠤᠯᠠᠷᠢᠭᠤᠯᠵᠤ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠬᠢᠯᠢ ᠶᠢᠨ ᠪᠣᠭᠤᠮᠲᠠ ᠪᠠ ᠥᠷᠥᠴᠡ ᠭᠠᠵᠠᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠨᠤᠲᠤᠭᠰᠢᠭᠤᠯᠤᠨ ᠡᠳ᠋ᠰᠢᠭᠦᠯᠬᠦ ᠶᠢ ᠠᠬᠢᠭᠤᠯᠵᠤ᠂ ᠠᠵᠤ ᠠᠬᠤᠢ ᠶᠢᠨ ᠨᠡᠪᠳᠡᠷᠡᠯ ᠵᠠᠮ ᠢ ᠨᠡᠪᠳᠡᠷᠡᠯ ᠵᠠᠮ ᠤᠨ ᠠᠵᠤ ᠠᠬᠤᠢ ᠲᠡᠶᠢᠰᠢ ᠬᠤᠪᠢᠷᠠᠭᠤᠯᠬᠤ᠂ ᠳᠠᠮᠵᠢᠭᠤᠯᠭ᠎ᠠ ᠶᠢᠨ ᠠᠵᠤ ᠠᠬᠤᠢ ᠶᠢ ᠨᠤᠲᠤᠭᠰᠢᠭᠰᠠᠨ ᠠᠵᠤ ᠠᠬᠤᠢ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠲᠣᠰ ᠳᠦᠷᠢᠮ ᠨᠢ ᠣᠷᠣᠨ ᠪᠦᠰᠡ ᠶᠢᠨ ᠰᠣᠯᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠬᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠳᠤ ᠦᠢᠯᠡᠴᠢᠯᠡᠬᠦ ᠪᠠ ᠲᠡᠭᠦᠨ ᠢ ᠠᠬᠢᠭᠤᠯᠬᠤ ᠶᠢ ᠲᠤᠪᠤᠶᠢᠯᠭᠠᠪᠠ᠃ ᠳᠦᠷᠢᠮ ᠨᠢ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠰᠠᠭᠤᠷᠢᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠰᠠᠭᠠᠳ ᠦᠭᠡᠢ ᠨᠡᠪᠲᠡᠷᠡᠭᠦᠯᠦᠨ᠂ ᠥᠪᠡᠷᠲᠡᠭᠡᠨ ᠵᠠᠰᠠᠬᠤ ᠣᠷᠣᠨ ᠠᠴᠠ ᠬᠠᠮᠢᠶ᠎ᠠ ᠪᠦᠬᠦᠢ ᠮᠤᠵᠢ ᠣᠷᠣᠨ ᠵᠢᠴᠢ ᠭᠠᠵᠠᠷ ᠣᠷᠣᠨ ᠤ ᠡᠬᠢ ᠪᠠᠶᠠᠯᠢᠭ ᠤᠨ ᠤᠤᠭᠠᠯ ᠨᠥᠭᠡᠴᠡ ᠬᠦᠴᠦᠨ ᠪᠠ ᠬᠠᠷᠢᠴᠠᠭᠤᠯᠤᠭᠰᠠᠨ ᠳᠠᠪᠠᠭᠤᠯᠢᠭ ᠲᠠᠢ ᠤᠶᠠᠯᠳᠤᠭᠤᠯᠤᠨ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠬᠡᠪ ᠵᠠᠭᠪᠤᠷ ᠪᠠ ᠠᠵᠢᠯᠯᠠᠭᠠᠨ ᠤ ᠲᠣᠭᠲᠠᠴᠠ ᠳᠤ ᠰᠢᠨ᠎ᠡ ᠶᠢ ᠡᠭᠦᠳᠴᠦ᠂ ᠣᠷᠣᠨ ᠪᠦᠰᠡ ᠠᠯᠤᠰᠯᠠᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠠᠮᠲᠤ ᠪᠠᠷ ᠪᠠᠶᠢᠭᠤᠯᠬᠤ ᠶᠢ ᠳᠡᠮᠵᠢᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤ ᠪᠠᠷ ᠪᠠᠶᠢᠭᠤᠯᠬᠤ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ᠃
ᠲᠣᠰ ᠳᠦᠷᠢᠮ ᠨᠢ ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠬᠦ᠂ ᠥᠨᠳᠥᠷ ᠲᠦᠪᠰᠢᠨ ᠲᠠᠢ ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠳᠤ ᠭᠤᠣᠯᠯᠠᠭᠤᠯᠪᠠ᠃ ᠳᠦᠷᠢᠮ ᠨᠢ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢᠯᠠᠭᠰᠠᠨ ︽ᠥᠪᠥᠷ ᠮᠣᠩᠭᠤᠯ ︿ᠨᠢᠭᠡ ᠪᠦᠰᠡ ᠨᠢᠭᠡ ᠵᠠᠮ﹀ ᠪᠠ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠭᠠᠳᠠᠭᠠᠳᠤ ᠨᠡᠭᠡᠭᠡᠯᠲᠡ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠯᠪᠢᠬᠤ ᠬᠠᠮᠢᠶᠠᠷᠬᠤ ᠦᠢᠯᠡᠴᠢᠯᠡᠬᠦ ᠶᠢᠨ ᠥᠭᠡᠷᠡᠴᠢᠯᠡᠯᠲᠡ᠂ ᠪᠡᠯᠡ ᠣᠷᠣᠭᠤᠯᠤᠯᠲᠠ ᠠᠷᠠᠯᠵᠢᠶ᠎ᠠ ᠶᠢ ᠳᠥᠭᠦᠮᠴᠢᠯᠡᠬᠦ ᠵᠡᠷᠭᠡ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠳᠣᠲᠣᠨᠣᠰᠤᠭ ᠴᠡᠪᠡᠷᠬᠡᠨ ᠬᠠᠷᠢᠴᠠᠭ᠎ᠠ ᠶᠢ ᠪᠠᠶᠢᠭᠤᠯᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠮᠥᠩᠭᠦ᠂ ᠮᠡᠷᠭᠡᠵᠢᠯ᠂ ᠬᠥᠮᠥᠨ ᠤ ᠬᠦᠴᠦ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠦᠢᠯᠡᠳᠪᠦᠷᠢᠯᠡᠯ ᠤᠨ ᠬᠦᠴᠦᠨ ᠵᠦᠢᠯ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠬᠠᠤᠯᠢ ᠶᠣᠰᠣᠭᠠᠷ ᠡᠷᠬᠡ ᠲᠡᠭᠰᠢ ᠪᠠᠷ ᠬᠡᠷᠡᠭᠯᠡᠬᠦ ᠶᠢ ᠪᠠᠲᠤᠯᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠬᠤ ᠶᠢ ᠴᠢᠬᠤᠯᠠᠴᠢᠯᠠᠪᠠ᠃
03 ︽ᠠᠵᠤ ᠠᠬᠤᠢ ᠶᠢᠨ ᠨᠡᠪᠲᠡᠷᠡᠯ ᠵᠠᠮ︾ ᠢ ︽ᠨᠡᠪᠲᠡᠷᠡᠯ ᠵᠠᠮ ᠤᠨ ᠠᠵᠤ ᠠᠬᠤᠢ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ︽ᠳᠠᠮᠵᠢᠭᠤᠯᠭ᠎ᠠ ᠶᠢᠨ ᠠᠵᠤ ᠠᠬᠤᠢ︾ ᠶᠢ ︽ᠨᠤᠲᠤᠭᠰᠢᠭᠰᠠᠨ ᠠᠵᠤ ᠠᠬᠤᠢ︾ ᠪᠣᠯᠭᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ
ᠳᠦᠷᠢᠮ ᠳᠤ ︽ᠭᠠᠷ ᠳᠠᠮᠵᠢᠪᠠᠴᠤ ᠠᠰᠢᠭ ᠬᠦᠷᠲᠡᠬᠦ ᠦᠭᠡᠢ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ ᠭᠤᠣᠯᠳᠠᠭᠤ ᠳᠠᠷᠠᠭᠠᠬᠢ ᠬᠡᠳᠦᠨ ᠲᠠᠯ᠎ᠠ ᠪᠠᠷ ᠲᠣᠭᠲᠠᠭᠠᠯ ᠭᠠᠷᠭᠠᠵᠠᠢ᠄
ᠨᠢᠭᠡ ᠳᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠨᠡᠪᠲᠡᠷᠡᠯ ᠵᠠᠮ ᠤᠨ ᠳᠠᠪᠠᠭᠤᠯᠢᠭ ᠢ ᠪᠠᠳᠠᠷᠠᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠨᠡᠪᠲᠡᠷᠡᠯ ᠵᠠᠮ ᠤᠨ ᠦᠢᠯᠡᠴᠢᠯᠡᠭᠡᠨ ᠤ ᠴᠢᠳᠠᠮᠵᠢ ᠶᠢ ᠭᠦᠢᠴᠡᠳ ᠰᠠᠶᠢᠲᠤᠷ ᠬᠡᠷᠡᠭᠯᠡᠨ᠎ᠡ᠃
ᠳᠦᠷᠢᠮ ᠳᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠠᠩᠬᠠᠨ ᠤ ᠥᠷᠲᠡᠭᠡ ᠵᠢᠴᠢ ᠠᠶᠠᠯᠠᠭᠤᠯᠬᠤ ᠵᠠᠮ ᠱᠤᠭᠤᠮ ᠢ ᠰᠢᠯᠢᠳᠡᠭᠵᠢᠭᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠦᠢᠯᠡᠴᠢᠯᠡᠭᠡᠨ ᠤ ᠴᠢᠳᠠᠪᠤᠷᠢ ᠪᠠ ᠲᠤᠬᠠᠢ ᠶᠢᠨ ᠭᠠᠵᠠᠷ ᠤᠨ ᠣᠷᠣᠯᠴᠠᠯᠭ᠎ᠠ ᠶᠢ ᠨᠡᠮᠡᠭᠳᠡᠭᠦᠯᠦᠨ᠎ᠡ︔ ᠪᠠᠷᠠᠭᠠᠨ ᠤ ᠢᠷᠡᠯᠲᠡ ᠶᠢ ᠵᠣᠬᠢᠶᠠᠨ ᠪᠠᠶᠢᠭᠤᠯᠬᠤ ᠳᠤ ᠪᠠᠨ ᠬᠤᠣᠰ ᠴᠢᠭᠯᠡᠯ ᠢᠶᠠᠷ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠢ ᠥᠷᠭᠡᠳᠬᠡᠵᠦ᠂ ᠪᠠᠷᠠᠭᠠᠨ ᠤ ᠭᠦᠢᠯᠭᠡᠭᠡ ᠶᠢ ᠨᠠᠶᠢᠳᠠᠪᠤᠷᠢᠵᠢᠭᠤᠯᠬᠤ᠂ ᠠᠷᠠᠯᠵᠢᠶ᠎ᠠ ᠶᠢ ᠨᠠᠶᠢᠳᠠᠪᠤᠷᠢᠵᠢᠭᠤᠯᠬᠤ ᠪᠠ ᠡᠳ᠋ᠰᠢᠭᠦᠯᠬᠦ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃
ᠬᠤᠶᠠᠷ ᠲᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠢᠯᠢ ᠶᠢᠨ ᠪᠣᠭᠤᠮᠲᠠ ᠪᠠ ᠨᠡᠪᠲᠡᠷᠡᠯ ᠵᠠᠮ ᠤᠨ ᠳᠠᠭᠠᠭᠠᠴᠠ ᠶᠢ ᠨᠡᠮᠡᠭᠳᠡᠭᠦᠯᠦᠨ᠎ᠡ᠃
ᠳᠦᠷᠢᠮ ᠳᠤ᠂ ᠬᠢᠯᠢ ᠶᠢᠨ ᠪᠣᠭᠤᠮᠲᠠ ᠶᠢᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠶᠢ ᠠᠬᠢᠭᠤᠯᠵᠤ᠂ ᠥᠷᠥᠴᠡ ᠭᠠᠵᠠᠷ ᠲᠤ ᠬᠠᠨᠳᠤᠭᠤᠯᠤᠭᠰᠠᠨ ᠴᠢᠬᠤᠯᠠ ᠶᠡᠭᠡ ᠰᠠᠭᠤᠷᠢ ᠪᠡᠯᠡᠳᠬᠡᠮᠵᠢ᠂ ᠴᠢᠬᠤᠯᠠ ᠵᠠᠩᠭᠢᠯᠠᠭ᠎ᠠ ᠶᠢᠨ ᠴᠡᠭ ᠤᠨ ᠬᠤᠲᠠ᠂ ᠡᠳ᠋ ᠪᠠᠷᠠᠭ᠎ᠠ ᠶᠢ ᠲᠥᠪᠯᠡᠷᠡᠭᠦᠯᠦᠨ ᠲᠠᠷᠬᠠᠭᠠᠬᠤ ᠲᠥᠪ᠂ ᠭᠠᠳᠠᠭᠠᠳᠤ ᠳᠤ ᠭᠠᠷᠭᠠᠬᠤ ᠦᠢᠯᠡᠳᠬᠦᠨ ᠤ ᠰᠠᠭᠤᠷᠢᠨ ᠭᠠᠵᠠᠷ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠡᠬᠢ ᠪᠠᠶᠠᠯᠢᠭ ᠢ ᠤᠯᠠᠷᠢᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠤᠲᠤᠭᠰᠢᠭᠤᠯᠤᠨ ᠡᠳ᠋ᠰᠢᠭᠦᠯᠬᠦ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠵᠡᠷᠭᠡ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠬᠢᠯᠢ ᠶᠢᠨ ᠪᠣᠭᠤᠮᠲᠠ ᠪᠠ ᠥᠷᠥᠴᠡ ᠭᠠᠵᠠᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠨᠤᠲᠤᠭᠰᠢᠭᠤᠯᠤᠨ ᠡᠳ᠋ᠰᠢᠭᠦᠯᠬᠦ ᠶᠢ ᠠᠬᠢᠭᠤᠯᠤᠨ᠎ᠠ ᠭᠡᠵᠦ ᠲᠣᠭᠲᠠᠭᠠᠵᠠᠢ᠃
ᠭᠤᠷᠪᠠ ᠳᠤ᠂ ᠡᠯ᠎ᠡ ᠲᠦᠷᠦᠯ ᠤᠨ ᠨᠡᠭᠡᠭᠡᠯᠲᠡ ᠶᠢᠨ ᠲᠠᠪᠴᠠᠩ ᠤᠨ ᠴᠢᠳᠠᠪᠬᠢ ᠶᠢ ᠳᠡᠭᠡᠭᠰᠢᠯᠡᠭᠦᠯᠵᠦ᠂ ᠭᠠᠳᠠᠭᠠᠳᠤ ᠨᠡᠭᠡᠭᠡᠯᠲᠡ ᠶᠢᠨ ᠲᠦᠪᠰᠢᠨ ᠢ ᠪᠦᠬᠦ ᠲᠠᠯ᠎ᠠ ᠪᠠᠷ ᠥᠷᠭᠡᠳᠬᠡᠨ᠎ᠡ᠃
ᠳᠦᠷᠢᠮ ᠳᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠠ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠤᠨ ᠠᠵᠢᠯᠯᠠᠭᠠᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠨᠤᠲᠤᠭᠰᠢᠭᠤᠯᠤᠨ ᠡᠳ᠋ᠰᠢᠭᠦᠯᠬᠦ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ︔ ᠬᠢᠯᠢ ᠶᠢᠨ ᠠᠷᠠᠳ ᠤᠨ ᠵᠠᠬ᠎ᠠ ᠶᠢᠨ ᠭᠠᠳᠠᠭᠠᠳᠤ ᠠᠴᠠ ᠣᠷᠣᠭᠤᠯᠬᠤ ᠲᠠᠸᠠᠷ ᠢ ᠨᠤᠲᠤᠭᠰᠢᠭᠤᠯᠤᠨ ᠡᠳ᠋ᠰᠢᠭᠦᠯᠬᠦ ᠶᠢ ᠠᠬᠢᠭᠤᠯᠵᠤ᠂ ᠵᠠᠬ᠎ᠠ ᠶᠢᠨ ᠠᠷᠠᠯᠵᠢᠶ᠎ᠠ ᠶᠢ ᠪᠣᠯᠪᠠᠰᠤᠷᠠᠭᠤᠯᠬᠤ᠂ ᠪᠡᠯᠡ ᠣᠷᠣᠭᠤᠯᠬᠤ᠂ ᠠᠷᠠᠯᠵᠢᠶ᠎ᠠ ᠶᠢ ᠨᠢᠭᠡ ᠴᠣᠭᠴᠠᠵᠢᠭᠤᠯᠬᠤ ᠴᠢᠭᠯᠡᠯ ᠲᠡᠶᠢᠰᠢ ᠬᠥᠭᠵᠢᠭᠦᠯᠬᠦ ᠶᠢ ᠬᠥᠲᠥᠯᠥᠨ ᠵᠢᠯᠣᠭᠤᠳᠤᠨ᠎ᠠ︔ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠬᠡᠪ ᠵᠠᠭᠪᠤᠷ ᠲᠤ ᠰᠢᠨ᠎ᠡ ᠶᠢ ᠡᠭᠦᠳᠴᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠦᠷᠭᠡᠨ ᠬᠥᠭᠵᠢᠯᠲᠡ ᠶᠢ ᠠᠬᠢᠭᠤᠯᠤᠨ᠎ᠠ︔ ᠣᠷᠣᠨ ᠪᠦᠰᠡ ᠶᠢᠨ ᠰᠣᠯᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠲᠡᠷᠢᠭᠦᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠵᠣᠯᠭᠠᠭᠤᠯᠤᠨ ᠠᠪᠴᠤ᠂ ᠣᠭᠤᠷᠴᠤᠭ ᠬᠠᠷᠢᠶ᠎ᠠ ᠭᠠᠵᠠᠷ ᠤᠨ ᠠᠵᠤ ᠠᠬᠤᠢ ᠵᠡᠷᠭᠡ ᠠᠰᠢᠭ ᠲᠤᠰᠠ ᠶᠢ ᠬᠠᠮᠲᠤ ᠡᠳ᠋ᠯᠡᠬᠦ ᠬᠡᠪ ᠵᠠᠭᠪᠤᠷ ᠢ ᠬᠠᠶᠢᠨ ᠰᠦᠪᠡᠭᠴᠢᠯᠡᠨ᠎ᠡ᠃