1 - 4 ᠳ᠋ᠦ᠋ᠭᠡᠷ ᠰᠠᠷ᠎ᠠ ᠳᠠᠬᠢ ᠥᠪᠥᠷ ᠮᠣᠩᠭᠤᠯ ᠤᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠠᠷᠠᠯᠵᠢᠶᠠᠯᠠᠭᠰᠠᠨ ᠵᠣᠭᠤᠰ ᠤᠨ ᠲᠤᠭ᠎ᠠ ᠶᠡᠭᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2025/5/20

      ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ 1 - 4 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠠᠷᠠᠯᠵᠢᠶᠠᠯᠠᠭᠰᠠᠨ ᠵᠣᠭᠤᠰ ᠤᠨ ᠲᠤᠭ᠎ᠠ 1.566 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 155.4% ᠪᠠᠷ ᠨᠡᠮᠡᠭᠳᠡᠨ᠂ ᠣᠷᠣᠯᠴᠠᠭᠰᠠᠨ ᠬᠢᠯᠢ ᠶᠢᠨ ᠠᠷᠠᠳ 2.64 ᠲᠦᠮᠡᠨ ᠬᠥᠮᠦᠨ ᠤᠳᠠᠭ᠎ᠠ ᠪᠠᠶᠢᠵᠤ᠂ ᠬᠢᠯᠢ ᠶᠢᠨ ᠠᠷᠠᠳ ᠤᠨ ᠣᠷᠣᠯᠭ᠎ᠠ ᠶᠢ ᠨᠡᠶᠢᠲᠡ 163.2 ᠲᠦᠮᠡᠨ ᠲᠥᠭᠦᠷᠢᠭ ᠨᠡᠮᠡᠭᠳᠡᠭᠦᠯᠪᠡ᠃ ᠡᠭᠦᠨ ᠳᠤ 1.279 ᠳ᠋ᠦᠩᠰᠢᠭᠤᠷ ᠲᠥᠭᠦᠷᠢᠭ ᠢ ᠲᠤᠬᠠᠢ ᠶᠢᠨ ᠭᠠᠵᠠᠷ ᠲᠤ ᠨᠢ ᠡᠳ᠋ᠰᠢᠭᠦᠯᠦᠨ ᠪᠣᠯᠪᠠᠰᠤᠷᠠᠭᠤᠯᠬᠤ ᠪᠠᠷ ᠪᠣᠲᠠᠲᠠᠶᠢᠵᠢᠭᠤᠯᠵᠤ᠂  ᠪᠣᠲᠠᠲᠠᠶᠢᠵᠢᠭᠤᠯᠤᠭᠰᠠᠨ ᠵᠣᠭᠤᠰ ᠤᠨ ᠲᠤᠭ᠎ᠠ 82.2% ᠢ ᠡᠵᠡᠯᠡᠪᠡ᠃

      ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠨ ᠡᠯ᠎ᠡ ᠵᠠᠬ᠎ᠠ ᠶᠢᠨ ᠠᠷᠠᠯᠵᠢᠶᠠᠨ ᠤ ᠲᠣᠭᠤᠷᠢᠭ ᠨᠢ ᠵᠠᠬ᠎ᠠ ᠶᠢᠨ ᠠᠷᠠᠯᠵᠢᠶᠠᠨ ᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠲᠦᠷᠭᠡᠪᠴᠢᠯᠡᠨ ᠠᠬᠢᠭᠤᠯᠵᠤ ᠪᠣᠢ᠃ ᠡᠭᠦᠨ ᠳᠤ ᠡᠷᠢᠶᠡᠨ ᠬᠤᠲᠠ ᠨᠢ ︽ᠵᠠᠬ᠎ᠠ ᠶᠢᠨ ᠠᠷᠠᠯᠵᠢᠶ᠎ᠠ + ᠪᠤᠲᠠᠲᠠᠶᠢᠵᠢᠭᠤᠯᠬᠤ︾ ᠬᠥᠭᠵᠢᠯᠲᠡ ᠶᠢ ᠬᠦᠴᠦᠯᠡᠨ ᠠᠬᠢᠭᠤᠯᠵᠤ᠂ ᠬᠢᠯᠢ ᠶᠢᠨ ᠠᠷᠠᠳ ᠤᠨ ᠬᠤᠷᠰᠢᠶᠠᠵᠢᠯ᠂ ᠬᠠᠷᠢᠯᠴᠠᠨ ᠬᠠᠪᠰᠤᠷᠤᠯᠴᠠᠬᠤ ᠳᠤᠭᠤᠶᠢᠯᠠᠩ ᠢ ᠵᠠᠬ᠎ᠠ ᠶᠢᠨ ᠠᠷᠠᠯᠵᠢᠶᠠᠨ ᠤ ᠬᠡᠪ ᠵᠠᠭᠪᠤᠷ ᠲᠤ ᠣᠷᠣᠯᠴᠠᠭᠤᠯᠬᠤ ᠶᠢ ᠳᠡᠯᠭᠡᠷᠡᠭᠦᠯᠦᠨ᠂ ᠭᠠᠳᠠᠭᠠᠳᠤ ᠠᠴᠠ ᠣᠷᠣᠭᠤᠯᠬᠤ ᠲᠠᠸᠠᠷ ᠤᠨ ᠲᠥᠷᠥᠯ ᠵᠦᠢᠯ ᠢ ᠣᠯᠠᠰᠢᠷᠠᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠠᠮᠲᠤᠷᠠᠯᠴᠠᠭ᠎ᠠ ᠶᠢ ᠰᠦᠪᠡᠭᠴᠢᠯᠡᠨ᠂ ᠠᠷᠠᠯᠵᠢᠶᠠᠨ ᠤ ᠬᠡᠪᠴᠢᠶᠡᠵᠢᠯ ᠢ ᠤᠯᠠᠮ ᠨᠢᠭᠡ ᠠᠯᠬᠤᠮ ᠥᠷᠭᠡᠳᠬᠡᠪᠡ᠃ 1 – 4 ᠳ᠋ᠦ᠋ᠭᠡᠷ ᠰᠠᠷ᠎ᠠ ᠳᠠᠬᠢ ᠠᠷᠠᠯᠵᠢᠶᠠᠯᠠᠭᠰᠠᠨ ᠵᠣᠭᠤᠰ ᠤᠨ ᠲᠤᠭ᠎ᠠ 4281.43 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.61% ᠪᠠᠷ ᠨᠡᠮᠡᠭᠳᠡᠪᠡ᠃ ᠮᠠᠨᠵᠤᠤᠷ ᠬᠤᠲᠠ ᠨᠢ ᠵᠠᠰᠠᠮᠠᠯ ᠵᠠᠮ᠂ ᠲᠡᠮᠦᠷ ᠵᠠᠮ ᠤᠨ ᠲᠡᠭᠡᠭᠡᠪᠦᠷᠢ ᠶᠢ ᠵᠣᠯᠭᠠᠭᠤᠯᠵᠤ ᠨᠢᠭᠡᠳᠦᠯᠲᠡᠶ ᠲᠥᠯᠥᠪᠯᠡᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠮᠠᠯ ᠵᠠᠮ ᠪᠠ ᠲᠡᠮᠦᠷ ᠵᠠᠮ ᠤᠨ ᠵᠠᠬ᠎ᠠ ᠶᠢᠨ ᠠᠷᠠᠯᠵᠢᠶᠠᠨ ᠤ ᠡᠬᠢ ᠪᠠᠶᠠᠯᠢᠭ ᠢ ᠬᠠᠮᠲᠤ ᠪᠠᠷ ᠬᠦᠷᠲᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠭᠤᠯᠤᠨ ᠬᠥᠭᠵᠢᠭᠦᠯᠬᠦ ᠶᠢ ᠪᠡᠶᠡᠯᠡᠭᠦᠯᠦᠨ᠎ᠡ᠃ ᠵᠠᠰᠠᠮᠠᠯ ᠵᠠᠮ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠲᠤ ᠵᠦᠭᠡᠢ ᠶᠢᠨ ᠪᠠᠯ᠂ ᠰᠢᠷ᠎ᠠ ᠲᠣᠰᠣ᠂ ᠰᠠᠮᠤᠷ᠂ ᠢᠳᠡᠰᠢᠨ ᠲᠣᠰᠣ᠂ ᠴᠡᠩᠭᠡᠭ ᠤᠰᠤᠨ ᠤ ᠬᠥᠯᠳᠡᠭᠡᠭᠰᠡᠨ ᠭᠠᠷᠤᠯᠲᠠ ᠶᠢ ᠭᠠᠳᠠᠭᠠᠳᠤ ᠠᠴᠠ ᠣᠷᠣᠭᠤᠯᠬᠤ ᠶᠢ ᠲᠣᠭᠲᠠᠭᠤᠨ ᠪᠠᠶᠢᠯᠭᠠᠵᠤ᠂ ᠤᠷᠢᠳᠴᠢᠯᠠᠨ ᠪᠤᠭᠤᠳᠠᠯᠯᠠᠭᠰᠠᠨ ᠢᠳᠡᠭᠡᠨ ᠢ ᠭᠠᠳᠠᠭᠠᠳᠤ ᠠᠴᠠ ᠣᠷᠤᠭᠤᠯᠬᠤ ᠶᠢ ᠥᠷᠭᠡᠳᠭᠡᠵᠦ ᠪᠣᠢ︔ ᠲᠡᠮᠦᠷ ᠵᠠᠮ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠲᠤ ᠰᠢᠯᠢᠮᠳᠡᠭ ᠤᠨ ᠦᠷ᠎ᠡ᠂ ᠶᠠᠮᠠ ᠶᠢᠨ ᠦᠷ᠎ᠡ ᠶᠢ ᠭᠠᠳᠠᠭᠠᠳᠤ ᠠᠴᠠ ᠣᠷᠤᠭᠤᠯᠬᠤ ᠶᠢ ᠲᠣᠭᠲᠠᠭᠤᠨ ᠪᠠᠶᠢᠯᠭᠠᠵᠤ᠂ ᠨᠣᠬᠠᠢ ᠬᠤᠰᠢᠭᠤ᠂ ᠬᠤᠰᠢᠭᠤ ᠪᠤᠳᠠᠭᠠᠨ ᠤ ᠢᠯᠳᠠᠰᠤ᠂ ᠨᠠᠷᠠᠨ ᠬᠤᠸᠠᠷ ᠤᠨ ᠦᠷ᠎ᠡ ︵ᠴᠥᠮ᠎ᠡ︶᠂ ᠨᠠᠷᠢᠮᠤ ᠶᠢ ᠭᠠᠳᠠᠭᠠᠳᠤ ᠠᠴᠠ ᠣᠷᠤᠭᠤᠯᠬᠤ ᠪᠠᠨ ᠨᠡᠮᠡᠭᠳᠡᠭᠦᠯᠵᠦ ᠪᠣᠢ᠃ 1 – 4 ᠳ᠋ᠦ᠋ᠭᠡᠷ ᠰᠠᠷ᠎ᠠ ᠳᠠᠬᠢ ᠠᠷᠠᠯᠵᠢᠶᠠᠯᠠᠭᠰᠠᠨ ᠵᠣᠭᠤᠰ ᠤᠨ ᠲᠤᠭ᠎ᠠ 11357.05 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 445.2% ᠢᠶᠠᠷ ᠨᠡᠮᠡᠭᠳᠡᠪᠡ᠃ ᠷᠠᠰᠢᠶᠠᠨ ᠬᠤᠲᠠ ᠨᠢ ᠵᠠᠬ᠎ᠠ ᠶᠢᠨ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠᠨ ᠲᠡᠭᠦᠯᠳᠡᠷᠵᠢᠭᠦᠯᠵᠦ᠂ ᠾᠧᠪᠧᠢ ᠶᠢᠨ ᠵᠧᠨ ᠳ᠋ᠠ ᠨᠣᠣᠰᠣ ᠨᠣᠣᠯᠣᠭᠤᠷ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠪᠠ ᠤᠯᠠᠭᠠᠨᠬᠠᠳᠠ ᠶᠢᠨ ᠱᠧᠩ ᠯᠦᠨ ᠨᠣᠣᠰᠣ ᠨᠣᠣᠯᠣᠭᠤᠷ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢ ᠣᠷᠣᠭᠤᠯᠤᠨ ᠠᠪᠴᠢᠷᠠᠭᠠᠳ ᠡᠳ᠋ᠰᠢᠭᠦᠯᠵᠦ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠶᠢᠯᠠᠯ 6 ᠪᠣᠯᠪᠠ᠃ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠡᠷᠭᠦᠨ᠎ᠡ ᠬᠤᠲᠠ ᠨᠢ ᠡᠪᠦᠳᠦᠭ᠂ ᠠᠷᠤᠬᠠᠰᠢᠶᠠᠲᠤ᠂ ᠾᠧᠢ ᠱᠠᠨ ᠳᠧᠦ ᠶᠢᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ ᠪᠣᠢ᠃ ᠠᠯᠠᠱᠠ ᠠᠶᠢᠮᠠᠭ ᠤᠨ ᠡᠵᠡᠨ᠎ᠡ ᠬᠤᠰᠢᠭᠤ ᠨᠢ ᠬᠢᠯᠢ ᠶᠢᠨ ᠠᠷᠠᠳ ᠤᠨ ᠣᠷᠣᠯᠴᠠᠯᠭ᠎ᠠ ᠶᠢ ᠥᠷᠭᠡᠳᠬᠡᠨ᠂ ᠪᠥᠬᠦ ᠠᠶᠢᠮᠠᠭ ᠤᠨ ᠭᠤᠷᠪᠠᠨ ᠬᠤᠰᠢᠭᠤ ᠬᠤᠶᠠᠷ ᠲᠤᠭᠤᠷᠢᠭ ᠤᠨ ᠬᠥᠮᠦᠰ ᠢ ᠬᠢᠯᠢ ᠶᠢᠨ ᠠᠷᠠᠳ ᠤᠨ ᠳᠡᠩᠰᠡᠯᠡᠯᠲᠡ ᠳᠤ ᠣᠷᠤᠭᠤᠯᠬᠤ ᠪᠠᠷ ᠪᠣᠢ᠃

        ︽ᠲᠠᠷᠠᠭᠠᠴᠢ ᠶᠢᠨ ᠠᠯᠬᠤᠮ ᠳᠤ᠂ ᠪᠢᠳᠡ ᠡᠯ᠎ᠡ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠬᠢᠯᠢ ᠶᠢᠨ ᠠᠷᠠᠳ ᠤᠨ ᠬᠦᠷᠢᠶ᠎ᠡ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠭᠡᠬᠦ ᠶᠢ ᠦᠷᠭᠦᠯᠵᠢᠯᠡᠨ ᠳᠡᠮᠵᠢᠵᠦ᠂ ᠵᠠᠬ᠎ᠠ ᠶᠢᠨ ᠠᠷᠠᠯᠵᠢᠶᠠᠨ ᠤ ᠲᠠᠸᠠᠷ ᠤᠨ ᠲᠥᠷᠥᠯ ᠵᠦᠢᠯ ᠢᠶᠠᠨ ᠣᠯᠠᠰᠢᠷᠠᠭᠤᠯᠵᠤ᠂ ᠨᠥᠬᠦᠴᠡᠯ ᠪᠦᠷᠢᠳᠦᠭᠦᠯᠦᠭᠰᠡᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠵᠠᠬ᠎ᠠ ᠶᠢᠨ ᠠᠷᠠᠯᠵᠢᠶᠠᠨ ᠤ ᠲᠠᠸᠠᠷ ᠤᠨ ᠭᠠᠳᠠᠭᠠᠳᠤ ᠳᠤ ᠭᠠᠷᠭᠠᠬᠤ ᠶᠢ ᠪᠡᠶᠡᠯᠡᠭᠦᠯᠬᠦ ᠶᠢ ᠠᠬᠢᠭᠤᠯᠵᠤ᠂ ᠬᠤᠣᠰ ᠴᠢᠭᠯᠡᠯᠲᠦ ᠠᠷᠠᠯᠵᠢᠶᠠᠨ ᠤ ᠲᠣᠭᠤᠷᠢᠭ ᠤᠨ ᠬᠡᠪᠴᠢᠶᠡᠵᠢᠯ ᠤᠨ ᠪᠦᠷᠢᠯᠳᠦᠯ ᠢ ᠳᠠᠶᠢᠴᠢᠯᠠᠬᠤ ᠪᠣᠯᠣᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ