ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠭᠢᠯᠭᠠᠨ ᠮᠡᠳᠡᠭᠡ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃
︽ᠰᠠᠨᠠᠯ︾ ᠳᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠪᠣᠯ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠨᠡᠭᠡᠭᠡᠯᠲᠡ ᠬᠢᠬᠦ ᠪᠠᠷ ᠤᠳᠤᠷᠢᠳᠤᠮᠵᠢ ᠪᠤᠯᠭᠠᠬᠤ᠂ ᠳᠦᠷᠢᠮ ᠤᠨ ᠰᠢᠨ᠎ᠡ ᠶᠢ ᠡᠭᠦᠳᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠦᠷᠢᠮ᠂ ᠵᠢᠷᠤᠮᠯᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ ᠪᠠ ᠰᠢᠰᠲ᠋ᠧᠮᠵᠢᠭᠦᠯᠦᠨ ᠬᠤᠷᠠᠭᠤᠯᠬᠤ ᠶᠢ ᠴᠢᠩᠭᠠᠳᠬᠠᠵᠤ᠂ ᠪᠦᠭᠦ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠰᠢᠯᠤᠭᠤᠳᠬᠠᠬᠤ ᠴᠢᠬᠤᠯᠠ ᠬᠦᠢᠰᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠲᠡᠢ ᠬᠥᠳᠡᠯᠭᠡᠭᠦᠷ ᠪᠣᠯᠭᠠᠨ ᠪᠦᠲᠦᠭᠡᠨ ᠪᠠᠶᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠬᠢᠴᠠ ᠳᠤᠮᠳᠠ ᠵᠢᠱᠢᠶ᠎ᠡ ᠦᠵᠡᠭᠦᠯᠭᠦ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠳᠤᠷᠠᠳᠪᠠ᠃
︽ᠰᠠᠨᠠᠯ︾ ᠳᠤ᠂ 5 ᠵᠢᠯ ᠣᠷᠴᠢᠮ ᠤᠨ ᠪᠦᠲᠦᠭᠡᠯᠴᠢ ᠴᠢᠨᠠᠷᠲᠠᠢ᠂ ᠬᠤᠷᠠᠮᠠᠯ ᠭᠡᠯᠪᠡᠷᠢ ᠶᠢᠨ ᠰᠦᠪᠡᠭᠴᠢᠯᠡᠯᠲᠡ ᠪᠠᠷ ᠲᠠᠮᠵᠢᠨ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠦᠷᠢᠮ ᠤᠨ ᠭᠡᠯᠪᠡᠷᠢ ᠶᠢᠨ ᠨᠡᠭᠡᠭᠡᠯᠲᠡ ᠬᠢᠬᠦ ᠲᠦᠪᠰᠢᠨ᠂ ᠰᠢᠰᠲ᠋ᠧᠮ ᠤᠨ ᠴᠢᠨᠠᠷᠲᠠᠢ ᠥᠭᠡᠷᠡᠴᠢᠯᠡᠯᠲᠡ ᠶᠢᠨ ᠦᠷ᠎ᠡ ᠪᠦᠲᠦᠮᠵᠢ᠂ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠶᠠᠰᠤ ᠴᠢᠨᠠᠷ ᠤᠨ ᠪᠦᠭᠦ ᠲᠠᠯ᠎ᠠ ᠪᠠᠷ ᠳᠡᠭᠡᠭᠰᠢᠯᠡᠬᠦ ᠶᠢ ᠪᠡᠶᠡᠯᠡᠭᠦᠯᠵᠦ᠂ ᠠᠷᠠᠯᠵᠢᠶ᠎ᠠ᠂ ᠪᠡᠯᠡ ᠣᠷᠣᠭᠤᠯᠬᠤ᠂ ᠪᠡᠯᠡ ᠮᠥᠩᠭᠦᠨ ᠤ ᠡᠷᠭᠢᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠰ ᠤᠨ ᠬᠤᠭᠤᠷᠣᠨᠳᠣᠭᠢ ᠶᠠᠪᠤᠯᠴᠠᠭ᠎ᠠ ᠴᠢᠯᠦᠭᠡᠲᠡᠢ ᠪᠥᠭᠡᠳ ᠳᠥᠭᠦᠮ ᠲᠦᠷᠭᠡᠨ ᠪᠠᠶᠢᠬᠤ ᠪᠠ ᠳ᠋ᠠᠶᠢᠲ᠋ᠠ ᠶᠢᠨ ᠠᠮᠤᠷ ᠲᠦᠪᠰᠢᠨ ᠡᠮᠬᠢ ᠵᠢᠷᠤᠮ ᠲᠠᠢ ᠪᠠᠷ ᠰᠢᠯᠵᠢᠭᠦ ᠪᠠᠷ ᠭᠤᠣᠯᠳᠠᠯᠭ᠎ᠠ ᠪᠤᠯᠭᠠᠬᠰᠠᠨ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠵᠤ᠂ ᠣᠳᠣ ᠦᠶ᠎ᠡ ᠶᠢᠨ ᠠᠵᠤ ᠦᠢᠯᠡᠰ ᠤᠨ ᠪᠦᠯᠦᠭᠵᠢᠯ ᠤᠨ ᠡᠨᠧᠷᠭᠢ ᠶᠢ ᠳᠡᠰ ᠳᠡᠪᠰᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠨᠡᠭᠡᠭᠡᠯᠲᠡ ᠬᠢᠬᠦ ᠳᠡᠰ ᠳᠠᠪᠬᠤᠷᠭ᠎ᠠ ᠨᠠᠩ ᠥᠨᠳᠥᠷ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠨᠠᠩ ᠰᠢᠯᠢᠳᠡᠭ᠂ ᠨᠥᠯᠥᠭᠡᠯᠡᠬᠦ ᠦᠢᠯᠡᠳᠦᠯ ᠢᠶᠠᠷ ᠨᠠᠩ ᠴᠢᠩᠭ᠎ᠠ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠥᠨᠳᠦᠷᠯᠢᠭ ᠢ ᠴᠣᠭᠴᠠᠯᠠᠨ᠎ᠠ ᠭᠡᠵᠦ ᠴᠢᠬᠤᠯᠠᠴᠢᠯᠠᠪᠠ᠃
︽ᠰᠠᠨᠠᠯ︾ ᠳᠤ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠴᠢᠩᠭᠠᠳᠬᠠᠵᠤ᠂ ᠪᠠᠷᠠᠭᠠᠨ ᠤ ᠠᠷᠠᠯᠵᠢᠶ᠎ᠠ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠲᠣᠭᠠᠴᠢᠯᠠᠭᠰᠠᠨ ᠠᠷᠠᠯᠵᠢᠶᠠᠨ ᠤ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠨ᠎ᠠ᠃ ᠲᠤᠷᠰᠢᠯᠲᠠ ᠶᠢᠨ ᠣᠷᠣᠨ ᠤ ᠳᠣᠲᠣᠷᠠᠬᠢ ᠠᠵᠤ ᠠᠬᠤᠶᠢᠯᠠᠯ ᠤᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡ ᠶᠢᠨ ᠭᠡᠯᠪᠡᠷᠢ ᠪᠠᠷ ᠠᠳᠠᠯᠢ ᠪᠤᠰᠤ ᠭᠠᠶᠢᠯᠢ ᠶᠢᠨ ᠨᠣᠮᠧᠷ ᠤᠨ ᠳᠣᠣᠷᠠᠬᠢ ᠠᠯᠲᠠ ᠠᠭᠤᠯᠤᠭᠰᠠᠨ ᠡᠯᠡᠰᠦᠯᠢᠭ ᠡᠷᠦᠳᠡᠰᠦ ᠶᠢᠨ ᠹᠢᠽᠢᠺ ᠤᠨ ᠬᠤᠯᠢᠯᠳᠤᠭᠤᠯᠤᠨ ᠲᠣᠬᠢᠷᠠᠭᠤᠯᠬᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠨ᠎ᠡ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠰᠤᠳᠤᠯᠤᠨ ᠨᠡᠭᠡᠭᠡᠬᠦ ᠳᠤ ᠬᠡᠷᠡᠭᠯᠡᠬᠦ ᠡᠳ᠋ ᠪᠣᠳᠠᠰ ᠤᠨ ︽ᠨᠡᠷᠡᠰ ᠤᠨ ᠴᠠᠭᠠᠨ ᠲᠠᠩᠰᠠ︾ ᠶᠢᠨ ᠳᠦᠷᠢᠮ ᠢ ᠰᠦᠪᠡᠭᠴᠢᠯᠡᠨ ᠪᠠᠶᠢᠭᠤᠯᠵᠤ᠂ ᠭᠠᠳᠠᠭᠠᠳᠤ ᠠᠴᠠ ᠣᠷᠣᠭᠤᠯᠬᠤ ᠡᠮ ᠤᠨ ᠵᠦᠢᠯᠡᠰ ᠤᠨ ᠪᠣᠭᠤᠮᠲᠠ ᠪᠠᠷ ᠥᠩᠭᠡᠷᠡᠭᠦᠯᠬᠦ ᠲᠠᠩᠰᠠ ᠭᠦᠢᠴᠡᠳᠬᠡᠬᠦ ᠠᠴᠠ ᠬᠡᠯᠲᠦᠷᠢᠭᠦᠯᠬᠦ ᠶᠢ ᠵᠥᠪᠰᠢᠶᠡᠷᠡᠨ᠎ᠡ᠃ ᠭᠠᠳᠠᠭᠠᠳᠤ ᠠᠴᠠ ᠣᠷᠣᠭᠤᠯᠬᠤ ᠢᠳᠡᠭᠡᠨ ᠤ ᠪᠠ ᠡᠮ ᠤᠨ ᠵᠦᠢᠯᠡᠰ ᠤᠨ ︽ᠨᠡᠷᠡᠰ ᠤᠨ ᠴᠠᠭᠠᠨ ᠲᠠᠩᠰᠠ︾ ᠶᠢᠨ ᠳᠦᠷᠢᠮ ᠪᠠᠶᠢᠭᠤᠯᠬᠤ ᠶᠢ ᠰᠦᠪᠡᠭᠴᠢᠯᠡᠵᠦ᠂ ᠢᠳᠡᠭᠡᠨ ᠤ ᠵᠦᠢᠯᠡᠰ ᠲᠤ ᠬᠡᠷᠡᠭᠯᠡᠬᠦ ᠢᠳᠡᠭᠡᠨ ᠤ ᠪᠠ ᠡᠮ ᠤᠨ ᠵᠦᠢᠯᠡᠰ ᠢ ᠪᠣᠳᠠᠲᠤ ᠬᠡᠷᠡᠭᠴᠡᠭᠡ ᠶᠣᠰᠣᠭᠠᠷ ᠪᠣᠭᠤᠮᠲᠠ ᠪᠠᠷ ᠥᠩᠭᠡᠷᠡᠭᠦᠯᠬᠦ ᠶᠢ ᠵᠥᠪᠰᠢᠶᠡᠷᠡᠨ᠎ᠡ᠃ ᠰᠢᠨ᠎ᠡ ᠭᠡᠯᠪᠡᠷᠢ ᠶᠢᠨ ᠬᠢᠯᠢ ᠶᠢᠨ ᠭᠠᠳᠠᠨᠠᠬᠢ ᠣᠯᠠᠨ ᠤᠯᠤᠰ ᠤᠨ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠳᠠᠮᠵᠢᠵᠤ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠳ ᠲᠣᠭᠲᠠᠭᠠᠯ ᠶᠣᠰᠣᠭᠠᠷ ᠲᠡᠷᠢᠭᠦᠨ ᠤ ᠮᠡᠷᠭᠡᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠢᠶᠠᠷ ᠬᠢᠨᠠᠨ ᠲᠣᠭᠲᠠᠭᠠᠯᠭᠠᠬᠤ ᠪᠠᠷ ᠭᠤᠶᠤᠴᠢᠯᠠᠨ᠎ᠠ᠃ ᠬᠢᠯᠢ ᠶᠢᠨ ᠭᠠᠳᠠᠨᠠᠬᠢ ᠠᠵᠢᠯ ᠮᠡᠷᠭᠡᠵᠢᠯ ᠤᠨ ᠬᠢᠷᠢ ᠭᠡᠮ ᠢ ᠮᠡᠳᠡᠷᠡᠨ ᠵᠥᠪᠰᠢᠶᠡᠷᠡᠬᠦ ᠲᠤᠷᠰᠢᠯᠲᠠ ᠶᠢᠨ ᠴᠡᠭ ᠢ ᠰᠦᠪᠡᠭᠴᠢᠯᠡᠨ ᠥᠷᠨᠢᠭᠦᠯᠦᠨ᠎ᠡ᠃ ᠡᠯᠧᠺᠲᠷᠣᠨ ᠪᠠᠷᠠᠭ᠎ᠠ ᠭᠠᠷᠭᠠᠵᠤ ᠠᠪᠬᠤ ᠪᠠᠷᠢᠮᠲᠠ᠂ ᠡᠯᠧᠺᠲᠷᠣᠨ ᠬᠥᠮᠥᠷᠭᠡ ᠶᠢᠨ ᠪᠠᠷᠢᠮᠲᠠ ᠵᠡᠷᠭᠡ ᠡᠯᠧᠺᠲᠷᠣᠨ ᠪᠠᠷᠢᠮᠲᠠ ᠶᠢᠨ ᠬᠡᠷᠡᠭᠯᠡᠯᠲᠡ ᠶᠢ ᠠᠬᠢᠭᠤᠯᠵᠤ᠂ ᠡᠯᠧᠺᠲᠷᠣᠨ ᠭᠠᠷ ᠤᠨ ᠥᠰᠥᠭ ᠵᠢᠷᠤᠬᠤ ᠶᠢ ᠣᠯᠠᠨ ᠤᠯᠤᠰ ᠤᠨ ᠬᠤᠯᠪᠤᠭᠠᠯᠠᠨ ᠲᠡᠭᠡᠭᠡᠪᠦᠷᠢᠯᠡᠬᠦ ᠳᠤ ᠴᠠᠭᠠᠰᠤ ᠬᠡᠷᠡᠭᠯᠡᠬᠦ ᠦᠭᠡᠢ ᠲᠡᠭᠡᠭᠡᠪᠦᠷᠢ ᠶᠢᠨ ᠬᠦᠷᠢᠶᠡᠨ ᠳᠤ ᠬᠡᠷᠡᠭᠯᠡᠬᠦ ᠶᠢ ᠠᠬᠢᠭᠤᠯᠤᠨ᠎ᠠ᠃ ᠲᠣᠭᠠᠴᠢᠯᠠᠭᠰᠠᠨ ᠪᠡᠶ᠎ᠡ ᠶᠢᠨ ᠭᠠᠷᠤᠯ ᠢ ᠭᠡᠷᠡᠴᠢᠯᠡᠬᠦ ᠶᠠᠪᠤᠴᠠ ᠳᠠᠬᠢ ᠡᠯᠧᠺᠲᠷᠣᠨ ᠭᠠᠷ ᠤᠨ ᠥᠰᠥᠭ ᠵᠢᠷᠤᠬᠤ ᠬᠡᠷᠡᠭᠯᠡᠯᠲᠡ ᠶᠢ ᠠᠬᠢᠭᠤᠯᠵᠤ᠂ ᠲᠣᠭᠠᠴᠢᠯᠠᠭᠰᠠᠨ ᠪᠡᠶ᠎ᠡ ᠶᠢᠨ ᠭᠠᠷᠤᠯ ᠢ ᠬᠠᠷᠢᠯᠴᠠᠨ ᠮᠡᠳᠡᠷᠡᠬᠦ ᠲᠤᠷᠰᠢᠯᠲᠠ ᠶᠢᠨ ᠴᠡᠭ ᠢ ᠥᠷᠨᠢᠭᠦᠯᠦᠨ᠎ᠡ ᠭᠡᠵᠦ ᠳᠤᠷᠠᠳᠪᠠ᠃
︽ᠰᠠᠨᠠᠯ︾ ᠳᠤ᠂ ᠪᠡᠯᠡ ᠣᠷᠣᠭᠤᠯᠤᠯᠲᠠ ᠶᠢ ᠴᠢᠯᠦᠭᠡᠲᠡᠢ ᠪᠤᠯᠭᠠᠬᠤ ᠪᠠ ᠳᠥᠭᠦᠮᠴᠢᠯᠡᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ᠃ ᠭᠠᠳᠠᠭᠠᠳᠤ ᠪᠡᠯᠡ ᠶᠢ ᠨᠡᠩ ᠶᠡᠭᠡ ᠡᠷᠴᠢᠮ ᠢᠶᠠᠷ ᠲᠠᠲᠠᠵᠤ ᠠᠰᠢᠭᠯᠠᠨ᠎ᠠ᠃ ᠨᠥᠬᠦᠴᠡᠯ ᠳᠤ ᠨᠡᠶᠢᠴᠡᠬᠦ ᠲᠤᠷᠰᠢᠯᠲᠠ ᠶᠢᠨ ᠣᠷᠣᠨ ᠤ ᠳᠣᠲᠣᠷᠠᠬᠢ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠺᠢᠨᠣ᠋ ᠶᠢᠨ ᠰᠡᠭᠦᠯᠴᠢ ᠶᠢᠨ ᠬᠤᠭᠤᠴᠠᠭᠠᠨ ᠤ ᠦᠢᠯᠡᠳᠬᠦ ᠦᠢᠯᠡᠴᠢᠯᠡᠭᠡ ᠥᠷᠨᠢᠭᠦᠯᠬᠦ ᠶᠢ ᠵᠥᠪᠰᠢᠶᠡᠷᠡᠨ᠎ᠡ᠃ ᠨᠥᠬᠦᠴᠡᠯ ᠳᠤ ᠨᠡᠶᠢᠴᠡᠬᠦ ᠰᠢᠶᠠᠩᠭᠠᠩ ᠣᠣᠮᠧᠨ ᠲᠠᠶᠢᠸᠠᠨ ᠤ ᠡᠮᠴᠢ ᠶᠢᠨ ᠡᠮᠴᠢ ᠶᠢᠨ ᠬᠢᠷᠢ ᠭᠡᠮ ᠤᠨ ᠦᠨᠡᠮᠯᠡᠯ ᠣᠯᠣᠭᠰᠠᠨ ᠤ ᠳᠠᠷᠠᠭ᠎ᠠ ᠲᠤᠷᠰᠢᠯᠲᠠ ᠶᠢᠨ ᠣᠷᠣᠨ ᠤ ᠳᠣᠲᠣᠷ᠎ᠠ ᠡᠮᠴᠢᠯᠡᠭᠡᠨ ᠤ ᠭᠠᠵᠠᠷ ᠪᠠᠶᠢᠭᠤᠯᠬᠤ ᠶᠢ ᠳᠠᠮᠵᠢᠨ᠎ᠠ᠃ ᠬᠢᠯᠢ ᠶᠢᠨ ᠭᠠᠳᠠᠨᠠᠬᠢ ᠨᠠᠷᠠᠲᠤ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ ᠨᠥᠬᠦᠴᠡᠯ ᠳᠤ ᠨᠡᠶᠢᠴᠡᠬᠦ ᠲᠤᠬᠠᠶᠢᠯᠠᠭᠰᠠᠨ ᠠᠵᠢᠯ ᠤᠨ ᠪᠠᠶᠢᠭᠤᠯᠤᠮᠵᠢ ᠪᠠᠶᠢᠭᠤᠯᠬᠤ ᠶᠢ ᠵᠥᠪᠰᠢᠶᠡᠷᠡᠨ᠎ᠡ᠃ ᠬᠤᠳᠠᠯᠳᠤᠭᠠᠨ ᠤ ᠶᠠᠪᠤᠳᠠᠯ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠳᠠᠩᠰᠠᠯᠠᠨ ᠬᠠᠮᠢᠶᠠᠷᠬᠤ ᠲᠤᠷᠰᠢᠯᠲᠠ ᠶᠢᠨ ᠴᠡᠭ ᠢ ᠥᠷᠨᠢᠭᠦᠯᠦᠨ᠎ᠡ ᠭᠡᠵᠦ ᠵᠢᠭᠠᠵᠤ ᠭᠠᠷᠭᠠᠪᠠ᠃
︽ᠰᠠᠨᠠᠯ︾ ᠳᠤ᠂ ᠳᠡᠭᠡᠳᠦ ᠴᠢᠳᠠᠪᠬᠢᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢ ᠠᠬᠤᠢ ᠶᠢ ᠪᠤᠶ ᠪᠤᠯᠭᠠᠵᠤ᠂ ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢᠨ ᠠᠭᠤᠰᠤᠯᠴᠠᠯ ᠢ ᠠᠬᠢᠭᠤᠯᠵᠤ᠂ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠬᠦ ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠲᠡᠷᠢᠭᠦᠨ ᠤ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ ᠶᠢ ᠠᠬᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠠᠵᠤ ᠦᠢᠯᠡᠰ ᠤᠨ ᠬᠠᠮᠵᠢᠯᠴᠠᠨ ᠬᠤᠯᠪᠣᠭᠠᠯᠠᠬᠤ ᠶᠢ ᠠᠬᠢᠭᠤᠯᠬᠤ ᠬᠡᠷᠡᠭᠲᠡᠢ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠭᠦ ᠠᠵᠤ ᠦᠢᠯᠡᠰ ᠤᠨ ᠬᠡᠯᠬᠢᠶ᠎ᠡ ᠶᠢ ᠬᠤᠷᠠᠭᠤᠯᠵᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ᠤᠯᠤᠰ ᠤᠨ ᠲᠡᠰ ᠤᠨ ᠠᠵᠤ ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠳᠠᠮᠵᠢᠨ᠎ᠠ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠣᠷᠣᠨ ᠲᠠᠢ ᠬᠤᠯᠪᠣᠯᠳᠤᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠥᠬᠦᠴᠡᠯ ᠲᠠᠢ ᠭᠠᠵᠠᠷ ᠣᠷᠣᠨ ᠢ ᠰᠣᠩᠭᠤᠨ ᠰᠦᠪᠡᠭᠴᠢᠯᠡᠯᠲᠡ ᠥᠷᠨᠢᠭᠦᠯᠦᠨ᠎ᠡ᠃ ᠨᠥᠬᠦᠴᠡᠯ ᠲᠠᠢ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠣᠶᠤᠨᠴᠢ ᠰᠦᠯᠵᠢᠶ᠎ᠡ ᠪᠠᠷ ᠬᠤᠯᠪᠣᠭᠠᠯᠠᠭᠰᠠᠨ ᠮᠠᠰᠢᠨ ᠲᠡᠷᠭᠡᠨ ᠤ ᠵᠠᠮ ᠢ ᠲᠤᠷᠰᠢᠬᠤ᠂ ᠵᠢᠱᠢᠶ᠎ᠡ ᠦᠵᠡᠭᠦᠯᠦᠨ ᠬᠡᠷᠡᠭᠯᠡᠬᠦ ᠶᠢ ᠭᠦᠨᠵᠡᠭᠡᠶᠢᠷᠡᠭᠦᠯᠵᠦ᠂ ᠠᠷᠠᠳ ᠤᠨ ᠬᠡᠷᠡᠭᠯᠡᠭᠡᠨ ᠤ ᠵᠢᠯᠣᠭᠤᠴᠢ ᠦᠭᠡᠢ ᠠᠭᠠᠷ ᠤᠨ ᠲᠡᠭᠡᠭᠡᠪᠦᠷᠢ ᠶᠢᠨ ᠲᠤᠷᠰᠢᠯᠲᠠ ᠶᠢᠨ ᠰᠠᠭᠤᠷᠢᠨ ︵ᠲᠤᠷᠰᠢᠯᠲᠠ ᠶᠢᠨ ᠣᠷᠣᠨ︶ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠶᠢ ᠳᠡᠮᠵᠢᠨ᠎ᠡ ᠭᠡᠵᠦ ᠳᠤᠷᠠᠳᠪᠠ᠃
︽ᠰᠠᠨᠠᠯ︾ ᠳᠤ᠂ ᠳ᠋ᠠᠶᠢᠲ᠋ᠠ ᠶᠢᠨ ᠥᠨᠳᠥᠷ ᠪᠦᠲᠦᠮᠵᠢᠲᠡᠶ ᠳᠥᠭᠦᠮ ᠲᠦᠷᠭᠡᠨ ᠠᠮᠤᠷ ᠲᠦᠪᠰᠢᠨ ᠢᠶᠠᠷ ᠰᠢᠯᠵᠢᠭᠦ ᠶᠢ ᠠᠬᠢᠭᠤᠯᠵᠤ᠂ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠭᠦ ᠶᠢᠨ ᠳᠦᠭᠦᠮ ᠪᠠᠶᠢᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠥᠨᠳᠥᠷ ᠪᠦᠲᠦᠮᠵᠢᠲᠡᠢ ᠰᠠᠭᠠᠳ ᠦᠭᠡᠢ ᠨᠡᠭᠡᠭᠡᠯᠲᠡ ᠶᠢᠨ ᠨᠡᠪᠲᠡᠷᠡᠬᠦ ᠵᠠᠮ ᠢ ᠪᠠᠶᠢᠭᠤᠯᠵᠤ᠂ ᠤᠰᠤᠨ ᠵᠠᠮ ᠤᠨ ᠲᠡᠭᠡᠭᠡᠪᠦᠷᠢ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠠᠭᠤᠷᠠᠢ ᠵᠠᠮ ᠤᠨ ᠲᠡᠭᠡᠭᠡᠪᠦᠷᠢ ᠠᠭᠠᠷ ᠤᠨ ᠲᠡᠭᠡᠭᠡᠪᠦᠷᠢ ᠶᠢᠨ ᠨᠥᠯᠥᠭᠡᠯᠡᠬᠦ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡ ᠶᠢᠨ ᠭᠡᠯᠪᠡᠷᠢ ᠪᠠᠷ ᠠᠳᠠᠯᠢ ᠪᠤᠰᠤ ᠭᠠᠶᠢᠯᠢ ᠶᠢᠨ ᠨᠣᠮᠧᠷ ᠤᠨ ᠥᠨᠳᠥᠷ ᠪᠠ ᠳᠣᠣᠷ᠎ᠠ ᠬᠦᠬᠦᠷᠲᠦ ᠲᠦᠯᠡᠰᠢᠨ ᠲᠣᠰᠣ ᠶᠢ ᠬᠤᠯᠢᠯᠳᠤᠭᠤᠯᠤᠨ ᠰᠣᠯᠢᠵᠤ ᠲᠣᠬᠢᠷᠠᠭᠤᠯᠬᠤ ᠪᠠ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠨ᠎ᠡ᠃ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ ᠶᠢᠨ ᠣᠯᠠᠨ ᠤᠯᠤᠰ ᠤᠨ ᠠᠶᠠᠯᠠᠯ ᠤᠨ ᠣᠩᠭᠤᠴᠠ ᠰᠠᠯ ᠤᠨ ᠲᠦᠯᠡᠰᠢ ᠪᠣᠯᠤᠭᠰᠠᠨ ᠤ ᠬᠤᠪᠢ ᠳᠤ ᠭᠠᠶᠢᠯᠢ ᠪᠠᠲᠤᠯᠠᠬᠤ ᠲᠥᠷᠥ ᠶᠢᠨ ᠪᠣᠳᠣᠯᠭ᠎ᠠ ᠶᠢ ᠡᠳ᠋ᠯᠡᠬᠦ ᠶᠢ ᠵᠥᠪᠰᠢᠶᠡᠷᠡᠨ᠎ᠡ᠃ ᠮᠥᠩᠭᠦᠨ ᠭᠦᠢᠯᠭᠡᠭᠡᠨ ᠤ ᠬᠦᠷᠢᠶᠡᠨ ᠤ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠨᠡᠭᠡᠭᠡᠯᠲᠡ ᠶᠢ ᠡᠮᠬᠢ ᠵᠢᠷᠤᠮ ᠲᠠᠢ ᠪᠠᠷ ᠥᠷᠭᠡᠳᠬᠡᠬᠦ ᠬᠡᠷᠡᠭᠲᠡᠢ᠃ ᠤᠯᠤᠰ ᠠᠯᠤᠰᠯᠠᠭᠰᠠᠨ ᠺᠤᠮᠫᠠᠨᠢ ᠶᠢᠨ ᠳᠡᠪᠢᠰᠬᠡᠷᠲᠦ ᠵᠣᠭᠤᠰ ᠪᠠ ᠭᠠᠳᠠᠭᠠᠳᠤ ᠶᠢᠨ ᠵᠣᠭᠤᠰ ᠢ ᠨᠢᠭᠡ ᠴᠣᠭᠴᠠᠵᠢᠭᠤᠯᠤᠭᠰᠠᠨ ᠪᠡᠯᠡ ᠮᠥᠩᠭᠦ ᠶᠢᠨ ᠴᠦᠭᠦᠷᠦᠮ ᠤᠨ ᠲᠤᠬᠠᠶᠢᠯᠠᠭᠰᠠᠨ ᠠᠵᠢᠯ ᠤᠨ ᠲᠤᠷᠰᠢᠯᠲᠠ ᠶᠢᠨ ᠴᠡᠭ ᠢ ᠥᠷᠭᠡᠳᠬᠡᠨ᠎ᠡ᠃ ᠨᠥᠬᠦᠴᠡᠯ ᠳᠤ ᠨᠡᠶᠢᠴᠡᠬᠦ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ ᠬᠢᠷᠢ ᠲᠡᠩᠴᠡᠭᠰᠡᠨ ᠬᠢᠯᠢ ᠶᠢᠨ ᠭᠠᠳᠠᠨᠠᠬᠢ ᠬᠢᠵᠠᠭᠠᠷᠲᠤ ᠬᠤᠷᠰᠢᠭᠴᠢ ᠶᠢᠨ ᠲᠤᠷᠰᠢᠯᠲᠠ ᠶᠢᠨ ᠴᠡᠭ ᠥᠷᠨᠢᠭᠦᠯᠬᠦ ᠶᠢ ᠲᠡᠮᠵᠢᠨ᠎ᠠ᠃ ᠬᠢᠯᠢ ᠶᠢᠨ ᠳᠣᠲᠣᠷᠠᠬᠢ ᠬᠤᠭᠤᠴᠠᠭᠠᠲᠤ ᠪᠠᠷᠠᠭ᠎ᠠ ᠶᠢᠨ ᠣᠨᠴᠠ ᠲᠣᠭᠲᠠᠭᠰᠠᠨ ᠲᠥᠷᠥᠯ ᠵᠦᠢᠯ ᠢᠶᠠᠷ ᠭᠤᠣᠯ ᠪᠤᠯᠭᠠᠬᠰᠠᠨ ᠬᠤᠭᠤᠴᠠᠭᠠᠲᠤ ᠪᠠᠷᠠᠭ᠎ᠠ ᠶᠢᠨ ᠵᠠᠬ᠎ᠠ ᠳᠡᠯᠭᠡᠭᠦᠷ ᠤᠨ ᠨᠡᠭᠡᠭᠡᠯᠲᠡ ᠶᠢ ᠠᠬᠢᠭᠤᠯᠵᠤ᠂ ᠣᠨᠴᠠ ᠲᠣᠭᠲᠠᠭᠰᠠᠨ ᠲᠥᠷᠥᠯ ᠵᠦᠢᠯ ᠤᠨ ᠬᠡᠪᠴᠢᠶ᠎ᠡ ᠶᠢ ᠥᠷᠭᠡᠳᠬᠡᠨ᠂ ᠬᠢᠯᠢ ᠶᠢᠨ ᠳᠣᠲᠣᠷᠠᠬᠢ ᠬᠤᠭᠤᠴᠠᠭᠠᠲᠤ ᠪᠠᠷᠠᠭ᠎ᠠ ᠶᠢᠨ ᠦᠢᠯᠡᠳᠬᠦᠨ ᠤ ᠳ᠋ᠦᠩᠨᠡᠨ ᠪᠤᠳᠣᠵᠤ ᠦᠨ᠎ᠡ ᠣᠯᠭᠤᠬᠤ ᠵᠡᠷᠭᠡ ᠣᠯᠠᠨ ᠡᠰᠢᠵᠢᠭᠰᠡᠨ ᠨᠡᠭᠡᠭᠡᠯᠲᠡ ᠶᠢᠨ ᠠᠷᠭ᠎ᠠ ᠵᠠᠮ ᠢ ᠰᠦᠪᠡᠭᠴᠢᠯᠡᠨ᠎ᠡ᠃ ᠨᠡᠩ ᠢᠳᠡᠪᠬᠢᠲᠡᠢ ᠨᠡᠭᠡᠭᠡᠯᠲᠡᠲᠤ ᠪᠦᠲᠦᠮᠵᠢᠲᠡᠢ ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠴᠢᠳᠠᠪᠤᠷᠢᠲᠠᠨ ᠢ ᠬᠥᠮᠥᠵᠢᠭᠦᠯᠵᠦ ᠬᠡᠷᠡᠭᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠬᠥᠮᠥᠰ ᠤᠨ ᠶᠠᠪᠤᠯᠴᠠᠭ᠎ᠠ ᠶᠢ ᠳᠥᠭᠦᠮ ᠲᠦᠷᠭᠡᠨ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠲᠣᠳᠣᠷᠬᠠᠶᠢᠯᠠᠪᠠ᠃
︽ᠰᠠᠨᠠᠯ︾ ᠳᠤ᠂ ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠬᠤᠯᠪᠣᠭᠳᠠᠯ ᠪᠦᠬᠦᠢ ᠭᠠᠵᠠᠷ ᠣᠷᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠲᠦᠷᠦᠯ ᠵᠦᠢᠯ᠂ ᠪᠡᠯᠡ ᠮᠥᠩᠭᠦ᠂ ᠴᠢᠳᠠᠪᠤᠷᠢᠲᠠᠨ ᠵᠡᠷᠭᠡ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠲᠥᠷᠥᠯ ᠬᠤᠪᠢᠶᠠᠨ ᠵᠢᠯᠤᠭᠤᠳᠬᠤ ᠪᠠᠨ ᠴᠢᠩᠭᠠᠳᠬᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠵᠦᠢᠯᠡᠰ ᠢ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ ᠲᠠᠯᠪᠢᠵᠤ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠬᠡᠷᠡᠭᠲᠡᠢ᠃ ᠬᠤᠳᠠᠯᠳᠤᠭᠠᠨ ᠤ ᠶᠠᠪᠤᠳᠠᠯ ᠤᠨ ᠶᠠᠮᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠ ᠲᠤᠷᠰᠢᠯᠭ᠎ᠠ ᠶᠢ ᠲᠡᠷᠡ ᠬᠡᠪ ᠢᠶᠠᠷ ᠨᠢ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠠᠶᠢᠯᠳᠤᠬᠤ ᠪᠣᠳᠣᠯᠭ᠎ᠠ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃