|
ᠸᠠᠩ ᠯᠢ ᠰᠢᠶᠠ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ |
|
|
ᠨᠡᠶᠢᠲᠡᠯᠡᠭᠰᠡᠨ ᠴᠠᠭ᠄
2025/5/21
|
|
5 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠤᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠳᠤ ᠪᠠᠶᠢᠴᠠᠭᠠᠨ ᠰᠤᠳᠤᠯᠪᠠ᠃ 
ᠡᠨᠡ ᠵᠢᠯ ᠪᠣᠯ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠠᠩᠬᠠᠨ ᠤ ᠰᠢᠯᠭᠠᠯᠲᠠ ᠶᠢᠨ ᠵᠢᠯ ᠪᠣᠯᠣᠨ᠎ᠠ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠶᠠᠪᠤᠳᠠᠯ ᠤᠨ ᠵᠢᠯᠤᠭᠤᠳᠬᠤ ᠲᠥᠪ ᠲᠤ ᠬᠦᠷᠴᠦ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠡᠷᠡᠮᠡᠯᠵᠡᠯ ᠲᠠᠭᠯᠠᠬᠤ ᠲᠤᠰᠠᠯᠠᠬᠤ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠲᠠᠯᠠᠪᠠᠶ ᠳᠤ ᠣᠶᠢᠯᠠᠭᠠᠵᠤ᠂ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ᠂ ᠰᠢᠯᠭᠠᠯᠲᠠ ᠶᠢᠨ ᠶᠠᠪᠤᠳᠠᠯ ᠢ ᠵᠣᠬᠢᠶᠠᠨ ᠪᠠᠶᠢᠭᠤᠯᠬᠤ ᠪᠣᠯᠪᠠᠰᠤᠷᠠᠯ᠂ ᠰᠢᠯᠭᠠᠯᠲᠠ ᠶᠢᠨ ᠬᠠᠭᠤᠳᠠᠰᠤ ᠶᠢ ᠬᠠᠮᠢᠶᠠᠷᠴᠤ ᠲᠠᠷᠬᠠᠭᠠᠬᠤ᠂ ᠰᠢᠯᠭᠠᠭᠤᠯᠤᠭᠴᠢ ᠶᠢᠨ ᠦᠢᠯᠡᠴᠢᠯᠡᠭᠡ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ ᠤᠨ ᠲᠣᠬᠢᠷᠠᠭᠤᠯᠤᠯᠲᠠ ᠶᠢ ᠨᠠᠷᠢᠨ ᠣᠶᠢᠯᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠠᠵᠢᠯ ᠤᠨ ᠳᠡᠰ ᠳᠠᠷᠠᠭᠠᠯᠠᠯ ᠢ ᠡᠮᠬᠢᠯᠡᠨ᠂ ᠠᠰᠠᠭᠤᠳᠠᠯ ᠤᠨ ᠳᠠᠯᠳᠠ ᠭᠡᠮ ᠢ ᠡᠷᠢᠵᠦ᠂ ᠠᠷᠭᠠᠴᠠᠭᠠᠬᠤ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠬᠠᠷᠭᠤᠭᠤᠯᠵᠤ᠂ ᠦᠨᠡᠨ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠳᠠᠭᠢᠨ ᠳᠠᠪᠲᠠᠨ ᠵᠠᠬᠢᠪᠠ᠃ 
ᠸᠠᠩ ᠯᠢ ᠰᠢᠶᠠ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠲᠦᠭ ᠲᠦᠮᠡᠨ ᠠᠶᠢᠯ ᠡᠷᠦᠭᠡ ᠲᠠᠢ ᠬᠤᠯᠪᠣᠭᠳᠠᠨ᠎ᠠ᠂ ᠡᠨᠡ ᠨᠢ ᠰᠢᠯᠭᠠᠭᠤᠯᠤᠭᠴᠢ ᠶᠢᠨ ᠨᠢᠭᠡ ᠤᠳᠠᠭ᠎ᠠ ᠶᠢᠨ ᠬᠥᠮᠥᠨ ᠤ ᠠᠮᠢᠳᠤᠷᠠᠯ ᠤᠨ ᠶᠡᠭᠡ ᠰᠢᠯᠭᠠᠯᠲᠠ ᠪᠤᠯᠬᠤ ᠪᠠᠷ ᠪᠠᠷᠠᠬᠤ ᠦᠭᠡᠢ ᠪᠠᠰᠠ ᠴᠤ ᠪᠢᠳᠡᠨ ᠳᠤ ᠲᠠᠯᠪᠢᠭᠰᠠᠨ ᠨᠢᠭᠡ ᠤᠳᠠᠭ᠎ᠠ ᠶᠢᠨ ᠤᠯᠤᠰ ᠲᠦᠷᠦ ᠶᠢᠨ ᠶᠡᠭᠡ ᠰᠢᠯᠭᠠᠯᠲᠠ ᠪᠠ ᠰᠤᠷᠲᠠᠯ ᠤᠨ ᠶᠡᠭᠡ ᠰᠢᠯᠭᠠᠯᠲᠠ ᠪᠣᠯᠣᠨ᠎ᠠ᠂ ᠡᠷᠬᠡᠪᠰᠢ ᠡᠯ᠎ᠡ ᠵᠦᠢᠯ ᠤᠨ ᠠᠵᠢᠯ ᠢ ᠲᠤᠶᠢᠯ ᠤᠨ ᠨᠠᠷᠢᠨ ᠬᠢᠨᠠᠮᠠᠭᠠᠢ ᠰᠠᠶᠢᠲᠤᠷ ᠬᠢᠵᠦ᠂ ᠨᠠᠷᠢᠨ ᠵᠦᠢᠯᠡᠰ ᠢ ᠴᠢᠬᠤᠯᠠᠴᠢᠯᠠᠵᠤ᠂ ᠪᠣᠳᠠᠲᠠᠢ ᠪᠣᠯᠪᠠᠰᠤᠷᠠᠯ ᠢ ᠴᠢᠬᠤᠯᠠᠴᠢᠯᠠᠵᠤ᠂ ᠲᠠᠭᠢᠨ ᠳᠠᠪᠲᠠᠨ ᠪᠣᠯᠪᠠᠰᠤᠷᠠᠬᠤ ᠶᠢ ᠴᠢᠬᠤᠯᠠᠴᠢᠯᠠᠵᠤ᠂ ᠠᠰᠠᠭᠤᠳᠠᠯ ᠢ ᠢᠯᠡᠷᠡᠭᠦᠯᠦᠨ ᠬᠥᠳᠡᠯᠦᠩᠭᠦᠢ ᠪᠠᠷ ᠰᠢᠢᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠢ᠃ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠯᠭᠠᠯᠲᠠ ᠳᠤ ᠬᠤᠯᠪᠣᠭᠳᠠᠬᠤ ᠪᠦᠭᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠯᠭᠠᠯᠲᠠ ᠶᠢᠨ ᠲᠠᠯᠠᠪᠠᠢ ᠶᠢᠨ ᠳᠣᠲᠣᠨ᠎ᠠ ᠭᠠᠳᠠᠨᠠᠬᠢ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠪᠠ ᠨᠡᠶᠢᠭᠡᠮ ᠤᠨ ᠣᠷᠴᠢᠨ ᠤ ᠠᠮᠤᠷ ᠲᠦᠪᠰᠢᠨ ᠢ ᠰᠠᠶᠢᠲᠤᠷ ᠠᠳᠬᠤᠵᠤ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠰᠢᠯᠭᠠᠭᠤᠯᠤᠭᠰᠠᠳ ᠤᠨ ᠪᠣᠳᠠᠲᠠᠢ ᠬᠡᠷᠡᠭᠴᠡᠭᠡ ᠠᠴᠠ ᠡᠭᠦᠰᠴᠦ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠱᠤᠤᠭᠢᠶᠠᠨ ᠤ ᠵᠠᠰᠠᠯᠲᠠ᠂ ᠢᠳᠡᠭᠡᠨ ᠤ ᠠᠮᠤᠷ ᠲᠦᠪᠰᠢᠨ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ᠂ ᠨᠠᠩ ᠣᠯᠠᠨ ᠳᠥᠭᠦᠮ ᠳᠥᠲᠡ ᠠᠷᠭ᠎ᠠ ᠬᠡᠮᠵᠢᠶ᠎ᠡ ᠪᠠ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠵᠤ᠂ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠢ ᠪᠤᠶ ᠪᠤᠯᠭᠠᠬᠤ ᠬᠡᠷᠡᠭᠲᠡᠢ᠃ ᠵᠠᠮ ᠬᠠᠷᠢᠯᠴᠠᠭᠠᠨ ᠤ ᠬᠠᠮᠢᠶᠠᠷᠤᠯᠲᠠ᠂ ᠴᠠᠭᠢᠯᠭᠠᠨ ᠬᠦᠴᠦᠨ᠂ ᠴᠠᠭ ᠠᠭᠤᠷ ᠵᠡᠷᠭᠡ ᠰᠠᠯᠠᠭ᠎ᠠ ᠮᠥᠴᠢᠷ ᠤᠨ ᠬᠢᠨ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠪᠠᠨ ᠴᠢᠩᠭᠠᠳᠬᠠᠨ᠂ ᠬᠢᠨᠠᠨ ᠬᠡᠮᠵᠢᠵᠦ ᠰᠡᠷᠡᠮᠵᠢᠯᠡᠭᠦᠯᠭᠦ ᠪᠠᠨ ᠴᠢᠩᠭᠠᠷᠠᠭᠤᠯᠵᠤ᠂ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠠᠵᠢᠯ ᠤᠨ ᠪᠡᠯᠡᠳᠬᠡᠯ ᠲᠥᠰᠥᠯ ᠢᠶᠠᠨ ᠲᠡᠭᠦᠯᠳᠡᠷᠵᠢᠭᠦᠯᠦᠨ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠲᠣᠭᠲᠠᠭᠤᠨ᠂ ᠤᠷᠤᠭᠰᠢᠲᠠᠢ ᠪᠥᠭᠡᠳ ᠲᠡᠭᠦᠰ ᠠᠮᠵᠢᠯᠲᠠ ᠣᠯᠬᠤ ᠶᠢ ᠪᠠᠲᠤᠯᠠᠬᠤ ᠬᠡᠷᠡᠭᠲᠡᠢ ᠭᠡᠪᠡ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|