ᠰᠢᠨᠬᠤᠸᠠ ᠬᠤᠷᠢᠶ᠎ᠠ ᠶᠢᠨ ᠵᠧᠩᠵᠧᠦ ᠶᠢᠨ 5 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠾᠧᠨᠠᠨ ᠳᠤ ᠰᠢᠨᠵᠢᠯᠡᠨ ᠪᠠᠶᠢᠴᠠᠭᠠᠬᠤ ᠳᠠᠭᠠᠨ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠾᠧᠨᠠᠨ ᠮᠤᠵᠢ ᠶᠢᠨ ᠬᠢᠨ ᠨᠠᠮ ᠤᠨ ᠲᠥᠪ ᠬᠤᠷᠢᠶ᠎ᠠ ᠶᠢᠨ ᠳᠤᠮᠳᠠᠳᠤ ᠣᠷᠣᠨ ᠢ ᠲᠦᠷᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠪᠠ ᠬᠥᠳᠡᠭᠡ ᠠᠵᠤ ᠠᠬᠤᠢ ᠶᠢᠨ ᠬᠦᠴᠦᠷᠬᠡᠭ ᠮᠤᠵᠢ ᠶᠢ ᠬᠦᠴᠦᠯᠡᠨ ᠪᠠᠶᠢᠭᠤᠯᠵᠤ᠂ ᠠᠷᠠᠳ ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠦᠴᠦᠯᠡᠨ ᠴᠢᠩᠭᠠᠳᠬᠠᠵᠤ᠂ ᠰᠣᠶᠣᠯ ᠤᠨ ᠴᠡᠴᠡᠭᠯᠡᠯ ᠬᠥᠭᠵᠢᠯ ᠢ ᠬᠦᠴᠦᠯᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠪᠦᠲᠦᠮᠵᠢᠲᠡᠢ ᠵᠠᠰᠠᠯᠲᠠ ᠪᠠᠷ ᠳᠤᠮᠳᠠᠳᠤ ᠣᠷᠣᠨ ᠤ ᠡᠬᠡ ᠭᠠᠵᠠᠷ ᠲᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃

5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ ᠰᠢ ᠶᠢᠨ ᠫᠢᠩ ᠯᠦᠧᠧᠶᠠᠩ ᠤᠨ ᠬᠤᠯᠬᠤᠪᠴᠢ ᠶᠢᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠣᠶᠤᠨᠴᠢ ᠦᠢᠯᠡᠳᠪᠦᠷᠢ ᠳᠤ ᠰᠢᠨᠵᠢᠯᠡᠨ ᠪᠠᠶᠢᠴᠠᠭᠠᠬᠤ ᠳᠠᠭᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠲᠠᠢ ᠬᠠᠮᠲᠤ ᠪᠠᠶᠢᠭ᠎ᠠ ᠨᠢ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ
5 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠯᠢᠦ ᠨᠢᠩ ᠪᠣᠯᠣᠨ ᠮᠤᠵᠢ ᠶᠢᠨ ᠳᠠᠷᠤᠭ᠎ᠠ ᠸᠠᠩ ᠺᠠᠢ ᠶᠢᠨ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ ᠯᠦᠧᠧᠶᠠᠩ᠂ ᠵᠧᠩᠵᠧᠦ ᠳᠤ ᠬᠦᠷᠴᠦ ᠰᠢᠨᠵᠢᠯᠡᠨ ᠪᠠᠶᠢᠴᠠᠭᠠᠪᠠ᠃

5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ ᠰᠢ ᠶᠢᠨ ᠫᠢᠩ ᠯᠦᠧᠧᠶᠠᠩ ᠤᠨ ᠯᠦᠩᠮᠧᠨ ᠤ ᠴᠢᠯᠠᠭᠤᠨ ᠠᠭᠤᠢ ᠳᠤ ᠰᠢᠨᠵᠢᠯᠡᠨ ᠪᠠᠶᠢᠴᠠᠭᠠᠬᠤ ᠳᠠᠭᠠᠨ ᠵᠢᠭᠤᠯᠴᠢᠯᠠᠬᠰᠡᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ
19 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠯᠦᠧᠧᠶᠠᠩ ᠤᠨ ᠬᠤᠯᠬᠤᠪᠴᠢ ᠶᠢᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠤᠮᠫᠠᠨᠢ ᠳᠤ ᠬᠦᠷᠴᠦ ᠰᠢᠨᠵᠢᠯᠡᠨ ᠪᠠᠶᠢᠴᠠᠭᠠᠪᠠ᠃ ᠲᠤᠰ ᠺᠤᠮᠫᠠᠨᠢ ᠪᠣᠯ ︽ᠠᠩᠬᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠪᠠᠶᠢᠭᠤᠯᠤᠭᠳᠠᠭᠰᠠᠨ ᠤᠤᠯ ᠤᠨ ᠯᠦᠧᠧᠶᠠᠩ ᠤᠨ ᠬᠤᠯᠬᠤᠪᠴᠢ ᠶᠢᠨ ᠦᠢᠯᠡᠳᠪᠦᠷᠢ ᠪᠣᠯᠣᠨ᠎ᠠ᠃ ᠣᠶᠤᠨᠴᠢ ᠦᠢᠯᠡᠳᠪᠦᠷᠢ ᠳᠤ᠂ ᠰᠢ ᠶᠢᠨ ᠫᠢᠩ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠶᠢ ᠣᠶᠢᠯᠠᠭᠠᠵᠤ᠂ ᠠᠳᠠᠯᠢ ᠪᠤᠰᠤ ᠲᠥᠷᠥᠯ ᠭᠡᠯᠪᠡᠷᠢ ᠶᠢᠨ ᠬᠤᠯᠬᠤᠪᠴᠢ ᠶᠢᠨ ᠦᠢᠯᠡᠳᠬᠦᠨ ᠤ ᠬᠡᠷᠡᠭᠴᠡᠭᠡ ᠪᠣᠯᠣᠨ ᠴᠢᠳᠠᠮᠵᠢ ᠶᠢᠨ ᠲᠠᠨᠢᠯᠴᠠᠭᠤᠯᠭ᠎ᠠ ᠶᠢ ᠰᠣᠨᠣᠰᠴᠤ᠂ ᠦᠢᠯᠡᠳᠪᠦᠷᠢᠯᠡᠯ ᠤᠨ ᠱᠤᠭᠤᠮ ᠤᠨ ᠳᠡᠷᠭᠡᠳᠡ ᠬᠦᠷᠴᠦ ᠦᠢᠯᠡᠳᠪᠦᠷᠢᠯᠡᠯ ᠤᠨ ᠶᠠᠪᠤᠴᠠ ᠶᠢ ᠪᠠᠶᠢᠴᠠᠭᠠᠨ ᠦᠵᠡᠪᠡ᠃ ᠲᠡᠷᠡ ᠬᠦᠷᠢᠶᠡᠯᠡᠨ ᠢᠷᠡᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ᠂ ᠦᠢᠯᠡᠳᠬᠦ ᠦᠢᠯᠡᠰ ᠪᠣᠯ ᠤᠯᠤᠰ ᠠᠷᠠᠳ ᠤᠨ ᠠᠵᠤ ᠠᠬᠤᠢ ᠶᠢᠨ ᠴᠢᠬᠤᠯᠠ ᠲᠤᠯᠭᠠᠭᠤᠷᠢ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠦᠢᠯᠡᠳᠬᠦ ᠦᠢᠯᠡᠰ ᠤᠨ ᠳᠠᠪᠠᠭᠤᠯᠢᠭ ᠵᠦᠢ ᠵᠣᠬᠢᠰᠲᠠᠢ ᠬᠤᠪᠢ ᠶᠢᠨ ᠵᠢᠩ ᠢ ᠪᠠᠲᠤᠯᠠᠬᠤ ᠬᠡᠷᠡᠭᠲᠡᠢ᠃ ᠤᠳᠤ ᠦᠶ᠎ᠡ ᠶᠢᠨ ᠦᠢᠯᠡᠳᠬᠦ ᠦᠢᠯᠡᠰ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠣᠯᠭᠤᠬᠤ ᠠᠴᠠ ᠰᠠᠯᠵᠤ ᠴᠢᠳᠠᠬᠤ ᠦᠭᠡᠢ ᠶᠤᠮ᠂ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠶᠡᠭᠡ ᠪᠠᠷ ᠴᠢᠩᠭᠠᠳᠬᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ ᠭᠡᠵᠦ ᠬᠡᠯᠡᠪᠡ᠃ ᠲᠡᠷᠡ ᠠᠵᠢᠯᠲᠠᠨ ᠠᠵᠢᠯᠴᠢᠨ ᠢ ᠡᠵᠡᠨ ᠬᠥᠮᠥᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯ ᠢ ᠬᠥᠭᠵᠢᠭᠦᠯᠬᠦ ᠪᠠᠷ ᠴᠢᠷᠮᠠᠶᠢᠨ ᠠᠵᠢᠯᠯᠠᠵᠤ᠂ ᠢᠯᠡᠭᠦᠬᠡᠨ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ᠃
ᠲᠠᠷᠠᠭ᠎ᠠ ᠨᠢ᠂ ᠰᠢ ᠶᠢᠨ ᠫᠢᠩ ᠵᠡᠭᠦᠨ ᠬᠠᠨ ᠤᠯᠤᠰ ᠤᠨ ᠦᠶ᠎ᠡ ᠳᠤ ᠪᠠᠶᠢᠭᠤᠯᠤᠭᠰᠠᠨ ᠴᠠᠭᠠᠨ ᠮᠣᠷᠢᠨ ᠰᠦᠮ᠎ᠡ ᠳᠤ ᠬᠦᠷᠴᠦ ᠰᠢᠨᠵᠢᠯᠡᠨ ᠪᠠᠶᠢᠴᠠᠭᠠᠵᠤ᠂ ᠪᠤᠷᠬᠠᠨ ᠱᠠᠰᠢᠨ ᠤ ᠳᠤᠮᠳᠠᠳᠤ ᠤᠯᠤᠰᠴᠢᠯᠠᠭᠰᠠᠨ ᠪᠠ ᠰᠦᠮ᠎ᠡ ᠬᠡᠶᠢᠳ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠠᠭᠠᠨ ᠮᠣᠷᠢᠨ ᠰᠦᠮ᠎ᠡ ᠨᠢ ᠪᠤᠷᠬᠠᠨ ᠱᠠᠰᠢᠨ ᠤᠯᠠᠮᠵᠢᠯᠠᠭᠳᠠᠨ ᠢᠷᠡᠵᠤ᠂ ᠬᠥᠭᠵᠢᠭᠰᠡᠨ ᠪᠠ ᠲᠠᠰᠤᠷᠠᠯᠲᠠ ᠦᠭᠡᠢ ᠳᠤᠮᠳᠠᠳᠤ ᠤᠯᠤᠰᠴᠢᠯᠠᠭᠰᠠᠨ ᠠᠬᠢᠴᠠ ᠶᠢ ᠭᠡᠷᠡᠴᠢᠯᠡᠵᠦ ᠪᠤᠢ᠃ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ ᠪᠣᠯ ᠪᠦᠷᠢᠮᠦᠰᠦᠨ ᠵᠥᠪ ᠭᠡᠳᠡᠭ ᠢ ᠲᠡᠦᠬᠡ ᠭᠡᠷᠡᠴᠢᠯᠡᠪᠡ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠯᠤᠭ᠎ᠠ ᠠᠭᠤᠰᠤᠯᠴᠠᠭᠤᠯᠵᠤ᠂ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃
1500 ᠭᠠᠷᠤᠢ ᠵᠢᠯ ᠤᠨ ᠲᠡᠦᠬᠡ ᠲᠠᠢ ᠯᠦᠩᠮᠧᠨ ᠤ ᠴᠢᠯᠠᠭᠤᠨ ᠠᠭᠤᠢ ᠪᠣᠯ ᠳᠡᠯᠡᠬᠡᠢ ᠶᠢᠨ ᠴᠢᠬᠤᠯᠠ ᠰᠣᠶᠣᠯ ᠤᠨ ᠥᠪ ᠪᠣᠯᠣᠨ᠎ᠠ᠃ ᠰᠢ ᠶᠢᠨ ᠫᠢᠩ ᠠᠳᠡ ᠢᠷᠡᠵᠤ᠂ ᠴᠢᠯᠠᠭᠤᠨ ᠠᠭᠤᠢ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢᠨ ᠳᠦᠷᠰᠦ ᠪᠠᠶᠢᠳᠠᠯ ᠪᠣᠯᠣᠨ ᠲᠥᠯᠥᠭᠡᠯᠡᠬᠦ ᠴᠢᠨᠠᠷᠲᠠᠢ ᠠᠭᠤᠢ ᠶᠢᠨ ᠭᠦᠩᠭᠠᠷᠠᠪᠠ᠂ ᠭᠦᠷᠦᠭ ᠵᠢᠷᠤᠭ ᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠡᠳᠡᠭᠡᠷ ᠳᠤᠮᠳᠠᠳᠤ ᠶᠢᠨ ᠰᠣᠶᠣᠯ ᠤᠨ ᠦᠨᠡᠲᠦ ᠡᠷᠳᠡᠨᠢ ᠶᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠵᠠᠯᠭᠠᠮᠵᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠵᠢᠭᠤᠯᠴᠢᠯᠠᠬᠰᠠᠳ ᠶᠡᠷᠦᠩᠬᠡᠢ ᠱᠦᠵᠢ ᠶᠢ ᠣᠯᠵᠤ ᠦᠵᠡᠭᠡᠳ ᠮᠠᠰᠢ ᠪᠠᠶᠠᠷᠯᠠᠵᠤ ᠶᠡᠷᠦᠩᠬᠡᠢ ᠱᠦᠵᠢ ᠲᠠᠢ ᠮᠡᠨᠳᠦᠴᠢᠯᠡᠵᠦ ᠪᠠᠶᠢᠯ᠎ᠠ᠃ ᠰᠢ ᠶᠢᠨ ᠫᠢᠩ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠵᠤ᠂ ᠪᠢᠴᠢᠬᠠᠨ ᠨᠠᠶᠢᠵᠠ ᠨᠠᠷ ᠢ ᠲᠤᠬᠠᠢ ᠶᠢᠨ ᠭᠠᠵᠠᠷ ᠲᠤᠨᠢ ᠢᠯᠡᠭᠦᠬᠡᠨ ᠣᠴᠢᠵᠤ ᠳᠤᠮᠳᠠᠳᠤ ᠶᠢᠨ ᠰᠣᠶᠣᠯ ᠢ ᠡᠷᠢᠯᠬᠢᠯᠡᠵᠦ᠂ ᠬᠠᠷᠠᠬᠠᠨ ᠪᠠᠭ᠎ᠠ ᠠᠴᠠ ᠪᠠᠨ ᠰᠣᠶᠣᠯ ᠤᠨ ᠢᠲᠡᠭᠡᠯ ᠢ ᠪᠤᠢ ᠪᠤᠯᠭᠠᠬᠤ ᠶᠢ ᠣᠨᠴᠠᠭᠠᠶᠢᠯᠠᠨ ᠵᠣᠷᠢᠭᠵᠢᠭᠤᠯᠪᠠ᠃ ᠲᠡᠷᠡ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠢᠷᠡᠭᠡᠳᠦᠢ ᠭᠡᠭᠡᠨ ᠰᠠᠷᠠᠭᠤᠯ ᠶᠤᠮ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠨᠡᠨ ᠬᠦ ᠲᠤᠯᠭᠠᠭᠤᠷᠢ ᠠᠵᠤ ᠦᠢᠯᠡᠰ᠂ ᠠᠷᠠᠳ ᠤᠨ ᠠᠮᠢᠳᠤᠷᠠᠯ ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
20 ᠤ ᠦᠳᠡ ᠶᠢᠨ ᠡᠮᠦᠨ᠎ᠡ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠾᠧᠨᠠᠨ ᠤ ᠡᠯ᠎ᠡ ᠲᠠᠯ᠎ᠠ ᠶᠢᠨ ᠣᠯᠣᠭᠰᠠᠨ ᠠᠮᠵᠢᠯᠲᠠ ᠶᠢ ᠨᠤᠲᠠᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃
ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠳᠤ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠪᠠᠷ ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠲᠣᠬᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠬᠲᠠᠭᠠᠯᠲᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ᠃ ᠾᠧᠨᠠᠨ ᠠᠵᠤ ᠠᠬᠤᠢ ᠶᠢᠨ ᠲᠣᠮᠣ ᠮᠤᠵᠢ ᠪᠣᠯᠤᠭᠰᠠᠨ ᠤ ᠬᠤᠪᠢ ᠳᠤ᠂ ᠪᠣᠳᠠᠲᠤ ᠴᠣᠭᠴᠠ ᠶᠢᠨ ᠠᠵᠤ ᠠᠬᠤᠢ ᠭᠡᠬᠦ ᠡᠨᠡ ᠬᠦ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠴᠢᠨᠠᠷ ᠰᠠᠶᠢᠲᠠᠢ ᠬᠥᠭᠵᠢᠯᠲᠡ ᠳᠠᠬᠢ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠷ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠨ᠂ ᠬᠤᠲᠠ ᠬᠥᠳᠡᠭᠡ ᠶᠢᠨ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠤᠯᠲᠠ ᠶᠢ ᠭᠦᠨᠵᠡᠭᠡᠶᠢᠷᠡᠭᠦᠯᠦᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠾᠧᠨᠠᠨ ᠤ ᠬᠥᠮᠥᠨ ᠠᠮᠠ ᠶᠢᠨ ᠶᠡᠷᠦᠩᠬᠡᠢ ᠬᠡᠮᠵᠢᠶ᠎ᠡ᠂ ᠬᠥᠮᠥᠨ ᠠᠮᠠ ᠶᠢᠨ ᠨᠢᠭᠲᠠᠴᠠ᠂ ᠬᠥᠮᠥᠨ ᠠᠮᠠ ᠶᠢᠨ ᠨᠡᠭᠦᠳᠡᠯ ᠤᠨ ᠬᠡᠮᠵᠢᠶ᠎ᠡ ᠪᠦᠷ ᠨᠡᠯᠢᠶᠡᠳ ᠶᠡᠭᠡ᠂ ᠨᠡᠶᠢᠭᠡᠮ ᠤᠨ ᠠᠰᠠᠭᠤᠳᠠᠯ ᠨᠠᠷᠢᠨ ᠪᠤᠳᠤᠯᠢᠶᠠᠨᠲᠠᠢ ᠤᠯᠠᠨ ᠶᠠᠩᠵᠤ ᠶᠢᠨ ᠪᠠᠶᠢᠳᠠᠭ ᠪᠣᠯᠬᠤᠷ ᠡᠷᠬᠡᠪᠰᠢ ᠨᠡᠶᠢᠭᠡᠮ ᠤᠨ ᠵᠠᠰᠠᠯᠲᠠ ᠶᠢ ᠯᠠᠪᠳᠠᠭᠤᠨ ᠪᠠᠲᠤᠲᠠᠢ ᠴᠢᠩᠭᠠᠳᠬᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠪᠠᠷ ᠠᠵᠢᠯ ᠣᠯᠣᠭᠰᠠᠨ ᠬᠥᠮᠥᠰ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠨ ᠤᠯᠠᠨ ᠲᠦᠮᠡᠨ ᠢ ᠨᠡᠩ ᠰᠠᠶᠢᠲᠤᠷ ᠨᠢᠭᠲᠠᠷᠠᠭᠤᠯᠵᠤ᠂ ᠤᠯᠠᠨ ᠲᠦᠮᠡᠨ ᠤ ᠠᠰᠢᠭ ᠲᠤᠰᠠ ᠶᠢ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠲᠤ ᠶᠢ ᠠᠳᠬᠤᠬᠤ᠂ ᠰᠠᠭᠤᠷᠢ ᠶᠢ ᠪᠠᠬᠢᠵᠢᠭᠦᠯᠬᠦ᠂ ᠦᠨᠳᠦᠰᠦ ᠶᠢ ᠪᠠᠬᠢᠵᠢᠭᠦᠯᠬᠦ ᠶᠢ ᠲᠤᠪᠤᠶᠢᠯᠭᠠᠵᠤ᠂ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠲᠠ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠡᠴᠦᠰ ᠲᠤᠨᠢ ᠲᠤᠯᠲᠠᠯ᠎ᠠ ᠬᠢᠬᠦ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠠᠤᠯᠢ ᠪᠠᠷ ᠵᠠᠰᠠᠬᠤ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠤᠨ ᠵᠠᠰᠠᠯᠲᠠ ᠳᠠᠬᠢ ᠬᠠᠤᠯᠢ ᠪᠠᠷ ᠵᠠᠰᠠᠬᠤ ᠶᠢᠨ ᠵᠢᠷᠤᠮᠵᠢᠯ ᠪᠠ ᠪᠠᠲᠤᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠨᠡᠨᠴᠢ ᠢᠲᠡᠭᠡᠮᠵᠢᠲᠡᠢ ᠪᠠᠶᠢᠬᠤ ᠦᠷᠳᠡᠭ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠵᠠᠰᠠᠬᠤ ᠶᠢ ᠴᠢᠩᠭ᠎ᠠ ᠠᠩᠬᠠᠷᠴᠤ᠂ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠨᠡᠶᠢᠭᠡᠮ ᠤᠨ ᠵᠠᠰᠠᠯᠲᠠ ᠶᠢ ᠠᠬᠢᠭᠤᠯᠬᠤ ᠳᠤᠮᠳᠠ ᠰᠢᠨ᠎ᠡ ᠪᠠᠶᠢᠳᠠᠯ ᠳᠣᠣᠷᠠᠬᠢ ᠨᠠᠮ ᠤᠨ ᠤᠯᠠᠨ ᠲᠦᠮᠡᠨ ᠤ ᠠᠵᠢᠯ ᠤᠨ ᠵᠢᠮ᠎ᠡ ᠶᠣᠰᠣ ᠶᠢ ᠳ᠋ᠦᠩᠨᠡᠬᠦ ᠳᠡᠭᠡᠨ ᠴᠢᠳᠠᠮᠠᠭᠠᠢ ᠪᠠᠶᠢᠵᠤ᠂ ᠠᠳᠠᠯᠢ ᠪᠤᠰᠤ ᠨᠡᠶᠢᠭᠡᠮ ᠤᠨ ᠬᠠᠮᠲᠤᠯᠢᠭ ᠤᠨ ᠣᠨᠴᠠᠯᠢᠭ ᠲᠤ ᠴᠢᠭᠯᠡᠭᠦᠯᠦᠨ ᠠᠵᠢᠯ ᠢᠶᠠᠨ ᠨᠠᠷᠢᠯᠢᠭ ᠪᠣᠳᠠᠲᠠᠢ ᠬᠢᠬᠦ ᠬᠡᠷᠡᠭᠲᠡᠢ᠃ ᠬᠡᠯᠪᠡᠷᠢᠴᠢ ᠦᠵᠡᠯ ᠢ ᠦᠨᠡᠨ ᠬᠦ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠤᠨ ᠵᠣᠷᠢᠭᠲᠠᠢ ᠪᠠᠷ ᠠᠵᠢᠯ ᠬᠢᠵᠦ᠂ ᠢᠲᠡᠭᠡᠯ ᠬᠦᠨᠳᠦ ᠲᠠᠢ ᠪᠤᠯᠬᠤ ᠶᠢ ᠳᠡᠮᠵᠢᠵᠦ᠂ ᠣᠯᠠᠨ ᠲᠦᠮᠡᠨ ᠤ ᠥᠪᠡᠷ ᠤᠨ ᠬᠦᠴᠦᠨ ᠳᠡᠭᠡᠨ ᠲᠦᠰᠢᠭᠯᠡᠨ ᠨᠡᠶᠢᠭᠡᠮ ᠤᠨ ᠵᠠᠰᠠᠯᠲᠠ ᠳᠠᠬᠢ ᠠᠰᠠᠭᠤᠳᠠᠯ ᠢ ᠰᠢᠢᠳᠪᠦᠷᠢᠯᠡᠬᠦ ᠶᠢ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠲᠥᠪ ᠤᠨ ᠨᠠᠢᠮᠠᠨ ᠲᠣᠭᠲᠠᠭᠠᠯ ᠪᠣᠯ ᠨᠠᠮ ᠤᠨ ᠲᠥᠪ ᠬᠤᠷᠢᠶ᠎ᠠ ᠶᠢᠨ ᠢᠲᠡᠭᠡᠯ ᠬᠦᠨᠳᠦ ᠲᠠᠢ ᠠᠵᠢᠯᠯᠠᠭ᠎ᠠ ᠮᠥᠨ᠂ ᠰᠢᠨ᠎ᠡ ᠴᠠᠭ ᠦᠶ᠎ᠡ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠪᠡᠯᠭᠡ ᠲᠡᠮᠳᠡᠭ ᠤᠨ ᠴᠢᠨᠠᠷᠲᠠᠢ ᠠᠷᠭ᠎ᠠ ᠬᠡᠮᠵᠢᠶ᠎ᠡ ᠮᠥᠨ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ᠃ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ ᠣᠷᠣᠭᠤᠯᠵᠤ᠂ ᠨᠠᠮ ᠤᠨ ᠭᠡᠰᠢᠭᠦᠨ ᠺᠠᠳ᠋ᠷ ᠤᠨ ᠬᠤᠪᠢ ᠬᠥᠮᠥᠨ ᠤ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠶᠢ ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠵᠤ᠂ ᠣᠪᠣᠷ ᠰᠤᠷᠲᠠᠯ ᠤᠨ ᠴᠢᠩᠭ᠎ᠠ ᠱᠠᠭᠠᠷᠳᠠᠯᠭ᠎ᠠ ᠶᠢ ᠦᠨᠡᠨ ᠬᠦ ᠬᠠᠲᠠᠭᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠡᠮᠦᠷ ᠮᠡᠲᠦ ᠶᠣᠰᠣ ᠳᠦᠷᠢᠮ ᠢ ᠪᠤᠢ ᠪᠤᠯᠭᠠᠵᠤ᠂ ᠰᠤᠷᠤᠯᠴᠠᠪᠠᠯ ᠴᠢᠨᠠᠷ ᠰᠠᠶᠢᠲᠠᠢ᠂ ᠪᠠᠶᠢᠴᠠᠭᠠᠪᠠᠯ ᠡᠷᠴᠢᠮ ᠲᠠᠢ᠂ ᠰᠠᠶᠢᠵᠢᠷᠠᠭᠤᠯᠪᠠᠯ ᠦᠷ᠎ᠡ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠤᠨ ᠲᠥᠪ ᠤᠨ ᠵᠢᠯᠤᠭᠤᠳᠬᠤ ᠳᠤᠭᠤᠶᠢᠯᠠᠩ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ ᠤᠨ ᠭᠤᠣᠯᠳᠠᠯᠭ᠎ᠠ ᠪᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠳᠡᠭᠡᠷ᠎ᠡ ᠲᠠᠯᠪᠢᠵᠤ᠂ ᠨᠠᠷᠢᠯᠢᠭ ᠣᠨᠣᠴᠠᠲᠠᠢ ᠵᠢᠯᠤᠭᠤᠳᠴᠤ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠡᠨᠡ ᠵᠢᠯ ᠠᠴᠠ ᠨᠠᠭᠠᠰᠢ᠂ ᠮᠠᠨ ᠤ ᠤᠯᠤᠰ ᠤᠨ ᠵᠠᠷᠢᠮ ᠭᠠᠵᠠᠷ ᠣᠷᠣᠨ ᠳᠤ ᠭᠠᠩ ᠬᠠᠭᠰᠠᠷᠠᠭᠠᠨ ᠡᠭᠦᠰᠴᠦ᠂ ᠵᠠᠷᠢᠮ ᠨᠢ ᠪᠠᠰᠠ ᠦᠷᠭᠦᠯᠵᠢᠯᠡᠵᠦ ᠪᠤᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠨ᠂ ᠤᠰᠤ ᠬᠡᠷᠡᠭᠯᠡᠬᠦ ᠲᠣᠬᠢᠷᠠᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠤᠰᠤ ᠬᠠᠩᠭᠠᠬᠤ ᠪᠠ ᠲᠠᠷᠢᠶᠠᠯᠠᠩ ᠤᠨ ᠤᠰᠤᠯᠠᠯᠲᠠ ᠶᠢᠨ ᠬᠡᠷᠡᠭᠴᠡᠭᠡ ᠶᠢ ᠪᠠᠲᠤᠯᠠᠬᠤ ᠬᠡᠷᠡᠭᠲᠡᠢ᠃ ᠭᠠᠩ ᠪᠠᠶᠢᠪᠠᠯ ᠤᠰᠤᠲᠤᠯ ᠪᠠᠶᠢᠵᠤ ᠮᠡᠳᠡᠨ᠎ᠡ᠂ ᠭᠠᠩᠳᠠᠯ ᠠᠴᠠ ᠤᠰᠤᠳᠤᠯ ᠪᠣᠯᠵᠤ ᠬᠤᠪᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠦᠶᠡᠷ ᠤᠨ ᠬᠤᠭᠤᠴᠠᠭ᠎ᠠ ᠨᠢᠭᠡᠨᠲᠡ ᠬᠦᠷᠴᠦ ᠢᠷᠡᠪᠡ᠂ ᠡᠯ᠎ᠡ ᠭᠠᠵᠠᠷ ᠤᠨ ᠬᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠳᠤ ᠡᠷᠬᠡᠪᠰᠢ ᠨᠠᠷᠢᠨ ᠨᠢᠮᠪᠠᠢ ᠪᠡᠯᠡᠳᠬᠡᠯ ᠬᠢᠵᠦ᠂ ᠪᠡᠯᠡᠳᠬᠡᠯ ᠲᠥᠰᠥᠯ ᠭᠦᠢᠴᠡᠳ᠂ ᠠᠷᠭᠠᠴᠠᠭᠠᠬᠤ ᠳᠠᠭᠠᠨ ᠯᠠᠪᠳᠠᠭᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠠᠭᠤᠯᠠᠨ ᠦᠶᠡᠷ᠂ ᠰᠢᠪᠠᠷ ᠴᠢᠯᠠᠭᠤᠨ ᠤᠷᠤᠰᠬᠠᠯ ᠵᠡᠷᠭᠡ ᠪᠠᠶᠢᠭᠠᠯᠢ ᠶᠢᠨ ᠭᠠᠮᠰᠢᠭ ᠠᠮᠠᠷᠬᠠᠨ ᠡᠭᠦᠰᠬᠦ ᠭᠠᠵᠠᠷ ᠣᠷᠣᠨ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ ᠬᠤᠶᠠᠳᠤᠭᠠᠷ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃