ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 20 ᠤ ᠴᠠᠭᠢᠯᠭᠠᠨ ᠮᠡᠳᠡᠭᠡ 5 ᠰᠠᠷ᠎ᠠ ᠶᠢᠨ 20 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2025 ᠣᠨ ᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃
ᠰᠢ ᠶᠢᠨ ᠫᠢᠩ᠂ ᠶᠠᠳᠠᠭᠤ ᠬᠦᠴᠢᠷᠳᠡᠯ ᠢ ᠠᠷᠢᠯᠭᠠᠬᠤ ᠪᠣᠯ ᠪᠦᠭᠦ ᠪᠥᠮᠪᠥᠷᠴᠡᠭ ᠤᠨ ᠴᠢᠨᠠᠷᠲᠠᠢ ᠬᠦᠴᠢᠷ ᠠᠰᠠᠭᠤᠳᠠᠯ ᠪᠤᠯᠬᠤ ᠪᠥᠭᠡᠳ ᠳᠡᠯᠡᠬᠡᠢ ᠶᠢᠨ ᠡᠯ᠎ᠡ ᠤᠯᠤᠰ ᠤᠨ ᠬᠠᠮᠲᠤ ᠶᠢᠨ ᠬᠠᠷᠠᠯᠲᠠ ᠪᠣᠯᠣᠨ᠎ᠠ᠃ ᠳᠤᠮᠳᠠᠳᠤ ᠤᠯᠤᠰ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠷᠠᠯᠲᠠ ᠶᠢ 10 ᠵᠢᠯ ᠤᠷᠢᠳᠴᠢᠯᠠᠨ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠠᠮ ᠢᠶᠠᠷ ᠵᠠᠮᠨᠠᠵᠤ᠂ ᠬᠥᠮᠥᠨ ᠲᠥᠷᠥᠯᠬᠢᠲᠡᠨ ᠤ ᠶᠠᠳᠠᠭᠤ ᠬᠦᠴᠢᠷᠳᠡᠯ ᠢ ᠡᠰᠡᠷᠭᠦᠴᠡᠬᠦ ᠲᠡᠦᠬᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠠᠰᠠᠭᠤᠳᠠᠯ ᠪᠣᠯ ᠡᠴᠦᠰ ᠤᠨ ᠡᠴᠦᠰ ᠲᠡᠭᠡᠨ ᠬᠥᠭᠵᠢᠯᠲᠡ ᠶᠢᠨ ᠠᠰᠠᠭᠤᠳᠠᠯ ᠪᠣᠯᠣᠨ᠎ᠠ᠃ ᠣᠶᠢᠷ᠎ᠠ ᠶᠢᠨ ᠵᠢᠯ ᠠᠴᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠣᠯᠪᠠ᠃ ᠳᠤᠮᠳᠠᠳᠤ ᠤᠯᠤᠰ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠲᠦᠷᠦ ᠶᠢᠨ ᠪᠣᠳᠣᠯᠭ᠎ᠠ ᠶᠢᠨ ᠣᠯᠣᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠲᠤᠷᠰᠢᠯᠭ᠎ᠠ ᠪᠠᠨ ᠬᠤᠪᠢᠶᠠᠯᠴᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠩ ᠤᠯᠠᠨ ᠤᠯᠤᠰ ᠢ ᠬᠠᠪᠰᠤᠷᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢᠨ ᠵᠠᠮ ᠢ ᠰᠦᠪᠡᠭᠴᠢᠯᠡᠵᠦ᠂ ᠶᠠᠳᠠᠭᠤ ᠬᠦᠴᠢᠷᠳᠡᠯ ᠠᠴᠠ ᠵᠠᠶᠢᠳᠠᠭᠰᠠᠨ᠂ ᠬᠠᠮᠲᠤ ᠪᠠᠷ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠭᠠᠷ ᠬᠤᠯᠪᠣᠯᠴᠠᠨ ᠪᠦᠲᠦᠭᠡᠨ ᠪᠠᠶᠢᠭᠤᠯᠤᠨ᠎ᠠ ᠭᠡᠵᠦ ᠴᠢᠬᠤᠯᠠᠴᠢᠯᠠᠪᠠ᠃
ᠲᠤᠰ ᠤᠳᠠᠭ᠎ᠠ ᠶᠢᠨ ᠶᠠᠷᠢᠶᠠᠨ ᠤ ᠲᠠᠪᠴᠠᠩ ᠲᠤᠬᠠᠢ ᠶᠢᠨ ᠡᠳᠦᠷ ᠱᠠᠨᠰᠢ ᠶᠢᠨ ᠰᠢ ᠠᠨ ᠳᠤ ᠡᠬᠢᠯᠡᠪᠡ᠂ ︽ᠦᠷᠭᠦᠯᠵᠢᠯᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠵᠦ ᠬᠠᠮᠲᠤᠷᠠᠯᠴᠠᠨ ᠬᠥᠭᠵᠢᠨ᠎ᠡ — ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ︾ ᠭᠡᠬᠦ ᠭᠤᠣᠯ ᠰᠡᠳᠦᠪ ᠲᠠᠢ ᠪᠠᠶᠢᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠮᠲᠤᠷᠠᠯᠴᠠᠭ᠎ᠠ ᠶᠢᠨ ᠵᠥᠪᠯᠡᠯ ᠪᠣᠯᠣᠨ ᠱᠠᠨᠰᠢ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠭᠢᠯᠡᠪᠡ᠃