ᠮᠠᠨ ᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠬᠢᠨᠠᠨ ᠬᠡᠮᠵᠢᠵᠦ ᠦᠨᠡᠯᠡᠬᠦ ᠳᠦᠷᠢᠮ ᠢ ᠲᠡᠭᠦᠯᠳᠡᠷᠵᠢᠭᠦᠯᠵᠦ ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠣᠨᠣᠪᠴᠢᠲᠠᠢ ᠦᠨᠡᠯᠡᠬᠦ ᠶᠢᠨ ᠲᠤᠰᠠᠳᠠ᠂ 3 ᠰᠠᠷ᠎ᠠ ᠶᠢᠨ 12 ᠤᠨ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ﹀ ︿ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ ﹀ ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ︾ ᠢ ᠳᠠᠷᠤᠮᠠᠯᠯᠠᠨ ᠲᠠᠷᠬᠠᠭᠠᠪᠠ᠃ ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠳᠠ ᠶᠢᠨ ᠵᠢᠯᠤᠭᠤᠳᠬᠤ ᠰᠠᠨᠠᠯ ︾ ︵ᠳᠣᠷᠣᠭᠰᠢ ᠵᠢᠯᠤᠭᠤᠳᠬᠤ ᠰᠠᠨᠠᠯ ᠭᠡᠵᠦ ᠲᠣᠪᠴᠢᠯᠠᠨ᠎ᠠ︶ ᠤᠨ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ ᠄
ᠨᠢᠭᠡ ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ
2019 ᠣᠨ ᠳᠤ ᠂ ᠥᠪᠡᠷᠲᠡᠭᠡᠨ ᠵᠠᠰᠠᠬᠤ ᠣᠷᠣᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ ᠂ ᠤᠳᠤ ᠪᠣᠯᠲᠠᠯ᠎ᠠ ᠂ ᠨᠡᠶᠢᠳᠡ 41 ᠥᠪᠡᠷᠲᠡᠭᠡᠨ ᠵᠠᠰᠠᠬᠤ ᠣᠷᠣᠨ ᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠵᠦᠪᠰᠢᠶᠡᠷᠡᠨ ᠪᠦᠳᠦᠭᠡᠨ ᠪᠠᠶᠢᠭᠤᠯᠵᠠᠢ ᠃ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠬᠤ ᠶᠢᠨ ᠲᠥᠯᠥᠭᠡ ᠂ 2022 ᠣᠨ ᠳᠤ ᠮᠠᠨ ᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶ ︾ ᠢ ᠲᠤᠭᠤᠷᠪᠢᠨ ᠳᠠᠷᠤᠮᠠᠯᠯᠠᠨ ᠲᠠᠷᠬᠠᠭᠠᠵᠤ ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠶ ᠵᠢᠯᠣᠭᠤᠳᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠳ᠋ ᠤᠨ ᠵᠠᠰᠠᠭ ᠤᠨ ᠬᠦᠷᠢᠶ᠎ᠡ ᠴᠠᠷᠠᠭ᠎ᠠ ᠳᠤ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠮᠡᠳᠡᠭᠳᠡᠯ ︾ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 52 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠂ ᠮᠠᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ ︾ ᠳᠤ ᠲᠠᠬᠢᠨᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃
ᠬᠤᠶᠠᠷ ᠂ ᠭᠤᠣᠯ ᠪᠣᠷᠣ ᠲᠥᠯᠥᠪ
︽ᠵᠢᠯᠤᠭᠤᠳᠬᠤ ᠰᠠᠨᠠᠯ ︾ ᠳᠤ ᠶᠡᠷᠦᠩᠬᠡᠢ ᠱᠠᠭᠠᠷᠳᠠᠯᠭ᠎ᠠ ᠂ ᠭᠤᠣᠯ ᠡᠭᠦᠷᠭᠡ ᠂ ᠦᠨᠳᠦᠰᠦᠨ ᠨᠥᠬᠦᠴᠡᠯ ᠂ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠪᠠ ᠪᠡᠯᠡ ᠮᠥᠩᠭᠦ ᠶᠢᠨ ᠬᠡᠷᠡᠭᠯᠡᠯᠲᠡ ᠵᠡᠷᠭᠡ 5 ᠬᠡᠰᠡᠭ ᠠᠭᠤᠯᠭ᠎ᠠ ᠪᠠᠭᠲᠠᠨ᠎ᠠ᠃
ᠭᠤᠷᠪᠠ ᠂ ᠭᠤᠣᠯ ᠠᠭᠤᠯᠭ᠎ᠠ
ᠨᠢᠭᠡᠳᠦᠭᠡᠷ ᠬᠡᠰᠡᠭ ᠄ ᠶᠡᠷᠦᠩᠬᠡᠢ ᠱᠠᠭᠠᠷᠳᠠᠯᠭ᠎ᠠ᠃ ᠣᠳᠣᠬᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠤᠨ ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠦᠵᠡᠯ ᠰᠠᠨᠠᠭ᠎ᠠ ᠂ ᠦᠨᠳᠦᠰᠦᠨ ᠵᠠᠷᠴᠢᠮ ᠪᠠ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠲᠠᠬᠢᠨᠳᠠ ᠲᠣᠳᠤᠷᠬᠠᠶᠢᠯᠠᠨ ᠲᠠᠶᠢᠯᠪᠤᠷᠢᠯᠠᠪᠠ ᠃
ᠬᠤᠶᠠᠳᠤᠭᠠᠷ ᠬᠡᠰᠡᠭ ᠄ ᠭᠤᠣᠯ ᠡᠭᠦᠷᠭᠡ᠃ ᠭᠤᠣᠯᠯᠠᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠂ ᠦᠢᠯᠡᠳᠪᠦᠷᠢᠯᠡᠯ ᠤᠨ ᠬᠦᠴᠦᠨ ᠵᠦᠢᠯ ᠤᠨ ᠴᠤᠭᠯᠠᠷᠠᠯ ᠢ ᠠᠬᠢᠭᠤᠯᠬᠤ ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠠᠬᠢᠭᠤᠯᠬᠤ ᠂ ᠡᠵᠡᠩᠨᠡᠯᠲᠡ ᠶᠢᠨ ᠭᠤᠣᠯ ᠴᠣᠭᠴᠠ ᠶᠢᠨ ᠬᠦᠷᠢᠶᠡᠯᠡᠩ ᠳᠤ ᠣᠷᠣᠵᠤ ᠡᠵᠡᠩᠨᠡᠬᠦ ᠶᠢ ᠵᠣᠷᠢᠭᠵᠢᠭᠤᠯᠬᠤ ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠵᠡᠷᠭᠡ 5 ᠲᠠᠯ᠎ᠠ ᠠᠴᠠ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠲᠤᠬᠠᠢ ᠲᠣᠳᠤᠷᠬᠠᠶᠢᠯᠠᠨ ᠲᠠᠶᠢᠯᠪᠤᠷᠢᠯᠠᠪᠠ ᠃
ᠭᠤᠷᠪᠠᠳᠤᠭᠠᠷ ᠬᠡᠰᠡᠭ ᠄ ᠦᠨᠳᠦᠰᠦᠨ ᠨᠥᠬᠦᠴᠡᠯ᠃ ᠲᠣᠰ ᠪᠦᠷᠢ ᠲᠦᠯᠦᠪᠵᠢᠭᠦᠯᠭᠡ ᠪᠠᠶᠢᠷᠢᠯᠠᠭᠤᠯᠤᠯᠳᠠ᠂ ᠭᠤᠣᠯᠯᠠᠬᠤ ᠠᠵᠤ ᠦᠢᠯᠡᠰ ᠂ ᠦᠢᠯᠡᠳᠪᠦᠷᠢᠯᠡᠯ ᠤᠨ ᠬᠦᠴᠦᠨ ᠵᠦᠢᠯ ᠂ ᠪᠣᠬᠢᠷᠲᠤᠯ ᠦᠭᠡᠢ ᠬᠥᠭᠵᠢᠯᠲᠡ ᠂ ᠵᠢᠵᠢᠭ ᠲᠠᠷᠢᠶᠠᠴᠢᠨ ᠡᠷᠦᠬᠡ ᠬᠢᠭᠡᠳ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠬᠴᠠ ᠶᠢᠨ ᠬᠤᠯᠪᠤᠭᠠᠯᠠᠯ ᠦᠨ ᠲᠠᠶᠢᠴᠢᠯᠠᠯᠳᠠ ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ 7 ᠲᠠᠯ᠎ᠠ ᠪᠠᠷ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠲᠣᠳᠣᠷᠬᠠᠶᠢᠯᠠᠭᠰᠠᠨ ᠪᠥᠭᠡᠳ ᠪᠣᠯᠪᠠᠰᠤᠷᠠᠭᠤᠯᠬᠤ ᠦᠢᠯᠡᠰ ᠢᠶᠠᠷ ᠭᠤᠣᠯ ᠪᠣᠯᠭᠠᠭᠰᠠᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠨᠥᠬᠦᠴᠡᠯ ᠢ ᠰᠢᠨ᠎ᠡ ᠪᠠᠷ ᠨᠡᠮᠡᠪᠡ᠃
ᠳᠥᠷᠪᠡᠳᠦᠭᠡᠷ ᠬᠡᠰᠡᠭ ᠄ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ᠃ ᠣᠳᠣᠬᠠᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠂ ᠰᠢᠨᠵᠢᠯᠡᠬᠦ ᠤᠬᠠᠭᠠᠨᠴᠢ ᠪᠠᠷ ᠲᠥᠰᠥᠯ ᠲᠣᠭᠲᠠᠭᠠᠬᠤ ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠬᠦ ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠂ ᠠᠵᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ 5 ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠥᠭᠡᠳ ᠪᠠᠰᠠ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠴᠢᠳᠠᠪᠬᠢ ᠪᠠ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃
ᠲᠠᠪᠤᠳᠤᠭᠠᠷ ᠬᠡᠰᠡᠭ ᠄ ᠪᠡᠯᠡ ᠮᠥᠩᠭᠦ ᠶᠢᠨ ᠬᠡᠷᠡᠭᠯᠡᠯᠲᠡ ᠃ ᠣᠶᠢᠷ᠎ᠠ ᠶᠢᠨ ᠵᠢᠯ ᠤᠨ ᠲᠤᠷᠰᠢᠬᠢ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ ᠂ ᠬᠠᠮᠢᠶᠠᠷᠤᠯᠲᠠ ᠶᠢᠨ ᠵᠢᠷᠤᠮᠵᠢᠭᠤᠯᠤᠯᠳᠠ ᠂ ᠳᠡᠮᠵᠢᠬᠦ ᠠᠷᠭ᠎ᠠ ᠮᠠᠶ᠋ᠢᠭ ᠂ ᠬᠡᠷᠡᠭᠯᠡᠬᠦ ᠬᠡᠪᠴᠢᠶ᠎ᠡ ᠵᠡᠷᠭᠡ 3 ᠲᠠᠯ᠎ᠠ ᠠᠴᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ ᠪᠡᠯᠡ ᠮᠥᠩᠭᠦ ᠶᠢ ᠬᠡᠷᠡᠭᠯᠡᠬᠦ ᠬᠡᠪᠴᠢᠶ᠎ᠡ ᠪᠣᠯᠣᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃