​︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ︾ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/5/21


ᠮᠠᠨ ᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠢᠨᠠᠨ ᠬᠡᠮᠵᠢᠵᠦ ᠦᠨᠡᠯᠡᠬᠦ ᠳᠦᠷᠢᠮ ᠢ ᠲᠡᠭᠦᠯᠳᠡᠷᠵᠢᠭᠦᠯᠵᠦ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠣᠨᠣᠪᠴᠢᠲᠠᠢ ᠦᠨᠡᠯᠡᠬᠦ ᠶᠢᠨ ᠲᠤᠰᠠᠳᠠ᠂ 3 ᠰᠠᠷ᠎ᠠ ᠶᠢᠨ 12 ᠤᠨ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ﹀ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ﹀ ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ︾ ︵ᠳᠣᠷᠣᠭᠰᠢ ᠬᠢᠨᠠᠨ ᠬᠡᠮᠵᠢᠵᠦ ᠦᠨᠡᠯᠡᠬᠦ ᠠᠷᠭ᠎ᠠ ᠭᠡᠵᠦ ᠲᠣᠪᠴᠢᠯᠠᠨ᠎ᠠ︶ ᠶᠢᠨ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄

ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ

2022 ᠣᠨ ᠳᠤ᠂ ᠮᠠᠨ ᠤ ᠲᠢᠩᠬᠢᠮ ︽ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠤᠭᠰᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠤᠭᠤᠷᠪᠢᠨ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃ ᠣᠶᠢᠷ᠎ᠠ ᠶᠢᠨ ᠵᠢᠯ ᠤᠳ ᠲᠤ᠂ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠭᠤᠶᠤᠴᠢᠯᠠᠨ ᠮᠡᠳᠡᠭᠦᠯᠦᠯᠳᠡ ᠶᠢᠨ  ᠭᠤᠣᠯᠳᠠᠯᠭ᠎ᠠ ᠲᠠᠢ ᠭᠦᠢᠴᠡᠳᠬᠡᠯ ᠲᠤᠭ᠎ᠠ ᠶᠢᠨ ᠲᠤᠬᠢᠷᠠᠭᠤᠯᠤᠯᠳᠠ ᠶᠢ ᠦᠨᠳᠦᠰᠦᠯᠡᠨ  ᠂ ᠮᠠᠨ ᠤ ᠣᠷᠣᠨ ᠤ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠦ ᠂ ︽ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ︾ ᠳᠤ ᠵᠠᠰᠠᠪᠤᠷᠢ ᠣᠷᠣᠭᠤᠯᠬᠤ ᠶᠢᠨ ᠬᠠᠮᠲᠤ᠂ ᠪᠠᠰᠠ ᠤᠤᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ︾ ᠳᠠᠬᠢ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢ ᠰᠢᠯᠢᠳᠡᠭᠵᠢᠭᠦᠯᠦᠨ ᠴᠣᠮᠬᠠᠳᠬᠠᠵᠤ᠂ 75 ᠵᠦᠢᠯ ᠪᠠᠶᠢᠭᠰᠠᠨ ᠠᠴᠠ ᠴᠤᠮᠬᠠᠳᠬᠠᠭᠠᠳ 49 ᠵᠦᠢᠯ ᠪᠤᠯᠭᠠᠵᠤ ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠦᠩᠭᠡᠷᠡᠭᠦᠯᠪᠡ᠃ ᠡᠭᠦᠨ ᠤ ᠲᠤᠯᠠᠳᠠ᠂ ᠮᠠᠨ ᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ︾ ᠳᠤ ᠲᠠᠬᠢᠨᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃

ᠬᠤᠶᠠᠷ ᠂ ᠭᠤᠣᠯ ᠪᠣᠷᠣ ᠲᠥᠯᠥᠪ

︽ᠬᠢᠨᠠᠨ ᠬᠡᠮᠵᠢᠵᠦ ᠦᠨᠡᠯᠡᠬᠦ ᠠᠷᠭ᠎ᠠ︾ ᠳᠤ ᠶᠡᠷᠦᠩᠬᠡᠢ ᠳᠦᠷᠢᠮ᠂ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠤᠭ᠎ᠠ᠂ ᠬᠥᠳᠡᠯᠦᠩᠭᠦᠢ ᠬᠠᠮᠢᠶᠠᠷᠤᠯᠲᠠ᠂ ᠬᠢᠨᠠᠨ ᠰᠢᠯᠭᠠᠵᠤ ᠮᠠᠭᠠᠳᠯᠠᠨ ᠲᠣᠭᠲᠠᠭᠠᠬᠤ ᠵᠢᠷᠤᠮ ᠪᠠ ᠳᠠᠭᠠᠯᠳ᠋ᠨ ᠳᠦᠷᠢᠮ ᠵᠡᠷᠭᠡ 5 ᠬᠡᠰᠡᠭ ᠠᠭᠤᠯᠭ᠎ᠠ ᠪᠠᠭᠲᠠᠨ᠎ᠠ᠃

ᠭᠤᠷᠪᠠ ᠂ ᠭᠤᠣᠯ ᠠᠭᠤᠯᠭ᠎ᠠ

ᠨᠢᠭᠡᠳᠦᠭᠡᠷ ᠬᠡᠰᠡᠭ ᠄ ᠶᠡᠷᠦᠩᠬᠡᠢ ᠳᠦᠷᠢᠮ ᠃ ︽ ᠬᠢᠨᠠᠨ ᠬᠡᠮᠵᠢᠵᠦ ᠦᠨᠡᠯᠡᠬᠦ ᠠᠷᠭ᠎ᠠ︾ ᠶᠢ ᠨᠡᠶᠢᠲᠡᠯᠡᠭᠰᠡᠨ ᠵᠣᠷᠢᠯᠭ᠎ᠠ᠂ ᠦᠨᠳᠦᠰᠦᠯᠡᠯ ᠵᠢᠴᠢ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠴᠢᠭᠯᠡᠯ ᠪᠠ ᠦᠨᠳᠦᠰᠦᠨ ᠱᠠᠭᠠᠷᠳᠠᠯᠭ᠎ᠠ ᠶᠢ ᠲᠣᠳᠣᠷᠬᠠᠶᠢᠯᠠᠨ ᠲᠠᠶᠢᠯᠪᠤᠷᠢᠯᠠᠪᠠ ᠃

ᠬᠤᠶᠠᠳᠤᠭᠠᠷ ᠬᠡᠰᠡᠭ᠄ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠤᠭ᠎ᠠ᠃ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠯᠲᠡ ᠳᠤ ᠦᠨᠳᠦᠰᠦᠨ ᠪᠠᠶᠢᠳᠠᠯ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ᠂ ᠪᠣᠬᠢᠷᠲᠤᠯ ᠦᠭᠡᠢ ᠬᠥᠭᠵᠢᠯᠲᠡ᠂ ᠵᠢᠵᠢᠭ ᠲᠠᠷᠢᠶᠠᠴᠢᠨ ᠡᠷᠦᠬᠡ ᠬᠢᠭᠡᠳ ᠰᠢᠨ᠎ᠡ ᠬᠡᠯᠪᠡᠷᠢ ᠶᠢᠨ ᠲᠠᠷᠢᠶᠠᠯᠠᠩ   ᠤᠨ ᠡᠵᠡᠩᠨᠡᠯᠳᠡ ᠶᠢᠨ ᠭᠤᠤᠯ ᠴᠤᠬᠴᠠ ᠶᠢᠨ ᠬᠤᠯᠪᠤᠭᠠᠯᠠᠯ ᠢ ᠳᠠᠶᠢᠴᠢᠯᠠᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠡᠷᠭᠡ 6 ᠲᠠᠯ᠎ᠠ ᠶᠢ ᠪᠠᠭᠲᠠᠭᠠᠵᠤ᠂ 49 ᠵᠦᠢᠯ ᠤᠨ ᠪᠣᠳᠠᠲᠠᠢ ᠬᠢᠨᠠᠨ ᠬᠡᠮᠵᠢᠯᠲᠡ ᠶᠢᠨ ᠭᠦᠢᠴᠡᠳᠬᠡᠯ ᠲᠤᠭ᠎ᠠ ᠶᠢ ᠲᠣᠬᠢᠷᠠᠭᠤᠯᠵᠤ᠂ ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠳᠤ ᠬᠢᠨᠠᠨ ᠬᠡᠮᠵᠢᠯᠲᠡ ᠶᠢᠨ ᠭᠦᠢᠴᠡᠳᠬᠡᠯ ᠲᠤᠭ᠎ᠠ ᠶᠢᠨ ᠰᠠᠭᠤᠷᠢᠨ ᠳᠡᠭᠡᠷ᠎ᠡ 18 ᠭᠦᠢᠴᠡᠳᠬᠡᠯ ᠲᠤᠭ᠎ᠠ ᠶᠢᠨ ᠵᠦᠢᠯ ᠢ ᠲᠣᠭᠲᠠᠭᠠᠵᠤ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠳᠤ ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠬᠢᠨ᠎ᠠ ᠃

ᠭᠤᠷᠪᠠᠳᠤᠭᠠᠷ ᠬᠡᠰᠡᠭ᠄ ᠬᠥᠳᠡᠯᠦᠩᠭᠦᠢ ᠬᠠᠮᠢᠶᠠᠷᠤᠯᠲᠠ᠃ ᠨᠢᠭᠡᠨᠲᠡ ᠵᠥᠪᠰᠢᠶᠡᠷᠡᠨ ᠪᠠᠶᠢᠭᠤᠯᠤᠭᠰᠠᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠬᠥᠳᠡᠯᠦᠩᠭᠦᠢ ᠬᠢᠨᠠᠨ ᠬᠡᠮᠵᠢᠬᠦ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ 2 ᠰᠠᠷ᠎ᠠ ᠪᠦᠷᠢ ᠨᠢᠭᠡ ᠤᠳᠠᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠲᠣᠬᠢᠷᠠᠭᠤᠯᠤᠯᠲᠠ ᠬᠢᠵᠦ ᠂ ᠵᠢᠯ ᠪᠦᠷᠢ ᠶᠢᠨ 6 ᠰᠠᠷ᠎ᠠ ᠳᠤ ᠨᠢᠭᠡ ᠤᠳᠠᠭ᠎ᠠ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠲᠣᠬᠢᠷᠠᠭᠤᠯᠤᠯᠲᠠ ᠶᠢᠨ ᠪᠦᠷᠢᠳᠬᠡᠯ ᠬᠢᠵᠦ ᠂ ᠵᠢᠯ ᠪᠦᠷᠢ ᠶᠢᠨ 1 ᠰᠠᠷ᠎ᠠ ᠳᠤ ᠣᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠬᠢᠨ᠎ᠡ ᠃

ᠳᠥᠷᠪᠡᠳᠦᠭᠡᠷ ᠬᠡᠰᠡᠭ᠄ ᠬᠢᠨᠠᠨ ᠰᠢᠯᠭᠠᠵᠤ ᠮᠠᠭᠠᠳᠯᠠᠨ ᠲᠣᠭᠲᠠᠭᠠᠬᠤ ᠵᠢᠷᠤᠮ᠃ ᠬᠢᠨᠠᠨ ᠰᠢᠯᠭᠠᠵᠤ ᠮᠠᠭᠠᠳᠯᠠᠨ ᠲᠣᠭᠲᠠᠭᠠᠬᠤ ᠠᠷᠭ᠎ᠠ ᠮᠠᠶ᠋ᠢᠭ ᠂ ᠵᠢᠷᠤᠮ ᠢ ᠲᠣᠭᠲᠠᠭᠠᠪᠠ ︔ ᠬᠢᠨᠠᠨ ᠰᠢᠯᠭᠠᠵᠤ ᠦᠨᠡᠯᠡᠬᠦ ᠦᠷ᠎ᠡ ᠳ᠋ᠦᠩ ᠤᠨ ᠵᠡᠷᠭᠡ ᠳᠡᠰ ᠢ ᠲᠣᠳᠣᠷᠬᠠᠶᠢᠯᠠᠪᠠ︔ ᠬᠢᠨᠠᠨ ᠰᠢᠯᠭᠠᠯᠳᠠ ᠶᠢᠨ ᠦᠷ᠎ᠡ ᠳ᠋ᠦᠩ ᠤᠨ ᠬᠡᠷᠡᠭᠯᠡᠯᠲᠡ ᠶᠢ ᠳᠤᠷᠠᠳᠤᠭᠰᠠᠨ ᠪᠥᠭᠡᠳ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ ᠃

ᠲᠠᠪᠤᠳᠤᠭᠠᠷ ᠬᠡᠰᠡᠭ ᠄ ᠲᠠᠭᠠᠯᠳᠠ ᠳᠦᠷᠢᠮ ᠃ ︽ᠬᠢᠨᠠᠨ ᠬᠡᠮᠵᠢᠵᠦ ᠦᠨᠡᠯᠡᠬᠦ ᠠᠷᠭ᠎ᠠ︾ ᠶᠢ ᠲᠤᠷᠰᠢᠨ ᠬᠡᠷᠡᠭᠵᠢᠭᠦᠯᠬᠦ ᠴᠠᠭ ᠬᠤᠭᠤᠴᠠᠭ᠎ᠠ ᠶᠢ ᠲᠣᠳᠣᠷᠬᠠᠶᠢᠯᠠᠪᠠ᠃



ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ