︵2025 ᠣᠨ ᠤ 5 ᠰᠠᠷ᠎ᠠ ᠶᠢᠨ 2 ᠤᠨ ᠡᠳᠦᠷ︶
ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠬᠦ ᠪᠣᠯ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠴᠢᠬᠤᠯᠠ ᠠᠷᠭ᠎ᠠ ᠬᠡᠮᠵᠢᠶ᠎ᠡ ᠮᠥᠨ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠶᠢᠨ ᠲᠤᠰᠠᠳᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠰᠠᠨᠠᠯ ᠢ ᠳᠤᠷᠠᠳᠪᠠ᠃
ᠨᠢᠭᠡ᠂ ᠶᠡᠷᠦᠩᠬᠡᠢ ᠱᠠᠭᠠᠷᠳᠠᠯᠭ᠎ᠠ
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠲᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠬᠤᠲᠠ ᠶᠢᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠷᠭ᠎ᠠ ᠭᠡᠯᠪᠡᠷᠢ ᠶᠢ ᠬᠤᠪᠢᠷᠠᠭᠤᠯᠵᠤ᠂ ᠦᠷᠭᠦᠯᠵᠢᠯᠡᠬᠦᠶᠢᠴᠡ ᠬᠤᠲᠠ ᠶᠢ ᠰᠢᠨᠡᠳᠬᠡᠬᠦ ᠵᠠᠭᠪᠤᠷ ᠪᠣᠯᠣᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠪᠠᠶᠢᠭᠤᠯᠵᠤ᠂ ᠬᠤᠲᠠ ᠶᠢ ᠰᠢᠨᠡᠳᠬᠡᠬᠦ ᠶᠢ ᠶᠡᠭᠡ ᠪᠠᠷ ᠬᠡᠷᠡᠭᠵᠢᠭᠦᠯᠵᠦ᠂ ᠬᠤᠲᠠ ᠶᠢᠨ ᠪᠦᠲᠦᠴᠡ ᠶᠢ ᠰᠢᠯᠢᠳᠡᠭᠵᠢᠭᠦᠯᠬᠦ᠂ ᠴᠢᠳᠠᠮᠵᠢ ᠶᠢ ᠲᠡᠭᠦᠯᠳᠡᠷᠵᠢᠭᠦᠯᠬᠦ᠂ ᠰᠣᠶᠣᠯ ᠤᠨ ᠤᠯᠠᠮᠵᠢᠯᠠᠯ ᠢ ᠦᠷᠭᠦᠯᠵᠢᠯᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠲᠠᠨ ᠴᠢᠨᠠᠷ ᠲᠠᠢ᠂ ᠣᠶᠤᠨᠲᠤ ᠬᠤᠲᠠ ᠶᠢ ᠴᠣᠭᠴᠠᠯᠠᠨ ᠪᠠᠶᠢᠭᠤᠯᠤᠨ᠎ᠠ᠃
ᠠᠵᠢᠯ ᠤᠨ ᠳᠤᠮᠳᠠ ᠪᠠᠨ ᠳᠣᠣᠷᠠᠬᠢ ᠶᠠᠪᠤᠳᠠᠯ ᠢ ᠪᠡᠶᠡᠯᠡᠭᠦᠯᠬᠦ ᠬᠡᠷᠡᠭᠲᠡᠢ᠄ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠬᠤᠲᠠ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ ᠦᠢᠯᠡᠳᠦᠯᠭᠡᠵᠢᠭᠦᠯᠵᠦ᠂ ᠰᠠᠶᠢᠨ ᠭᠡᠷ ᠪᠠᠶᠢᠰᠢᠩ᠂ ᠰᠠᠶᠢᠨ ᠰᠠᠭᠤᠭᠠᠯᠢ ᠠᠷᠠᠳ ᠤᠨ ᠲᠣᠭᠤᠷᠢᠭ᠂ ᠰᠠᠶᠢᠨ ᠨᠡᠶᠢᠭᠡᠮ ᠲᠣᠭᠤᠷᠢᠭ᠂ ᠰᠠᠶᠢᠨ ᠬᠤᠲᠠ ᠶᠢᠨ ᠲᠣᠭᠤᠷᠢᠭ ᠢ ᠪᠦᠲᠦᠭᠡᠨ ᠪᠠᠶᠢᠭᠤᠯᠤᠨ᠎ᠠ︔ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠬᠤᠲᠠ ᠶᠢᠨ ᠬᠥᠭᠵᠢᠯᠲᠡ ᠶᠢᠨ ᠵᠢᠮ᠎ᠡ ᠶᠣᠰᠣ ᠶᠢ ᠭᠦᠨᠳᠦᠳᠭᠡᠵᠦ᠂ ᠪᠦᠭᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠦᠵᠡᠯ ᠤᠬᠠᠮᠰᠠᠷ ᠢ ᠪᠤᠶ ᠪᠤᠯᠭᠠᠵᠤ᠂ ᠬᠤᠲᠠ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠵᠣᠬᠢᠴᠠᠩᠭᠤᠢ ᠴᠢᠨᠠᠷ ᠢ ᠲᠠᠰᠤᠷᠠᠯᠲᠠ ᠦᠭᠡᠢ ᠨᠡᠮᠡᠭᠳᠡᠭᠦᠯᠦᠨ᠎ᠡ︔ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠲᠥᠯᠦᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠠᠭᠤᠷᠢ ᠦᠢᠯᠡᠳᠦᠯ ᠢ ᠴᠢᠩᠭᠠᠳᠬᠠᠵᠤ᠂ ᠲᠤᠰᠬᠠᠢ ᠲᠥᠯᠦᠪᠵᠢᠭᠦᠯᠭᠡ ᠶᠢ ᠬᠡᠷᠡᠭᠵᠢᠭᠦᠯᠬᠦ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠨ᠎ᠠ︔ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠬᠤᠲᠠ ᠶᠢᠨ ᠠᠵᠢᠯᠯᠠᠭᠠᠨ ᠳᠤᠮᠳᠠᠬᠢ ᠠᠶᠤᠯ ᠲᠦᠭᠰᠢᠭᠦᠷᠢ ᠥᠷᠢᠰᠦᠯᠳᠦᠭᠡᠨ ᠢ ᠰᠡᠷᠭᠡᠶᠢᠯᠡᠨ ᠠᠷᠭᠠᠴᠠᠭᠠᠵᠤ᠂ ᠬᠤᠲᠠ ᠶᠢᠨ ᠤᠶᠠᠨ ᠬᠠᠲᠠᠨ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ︔ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠣᠰᠣᠲᠠᠢ ᠶᠢ ᠨᠢ ᠪᠦᠭᠦᠨ ᠢ ᠬᠠᠮᠠᠭᠠᠯᠠᠬᠤ᠂ ᠬᠡᠷᠡᠭᠯᠡᠬᠦ ᠪᠠᠷ ᠬᠠᠮᠠᠭᠠᠯᠠᠬᠤ ᠶᠢ ᠠᠬᠢᠭᠤᠯᠬᠤ ᠶᠢ ᠪᠠᠷᠢᠮᠲᠠᠯᠠᠵᠤ᠂ ᠬᠤᠳᠠ ᠶᠢ ᠰᠢᠨᠡᠳᠬᠡᠬᠦ ᠪᠦᠭᠦ ᠶᠠᠪᠤᠴᠠ᠂ ᠡᠯ᠎ᠡ ᠭᠤᠭᠴᠤᠭ᠎ᠠ ᠳᠤ ᠬᠤᠳᠠ ᠶᠢᠨ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠨ᠎ᠠ︔ ᠦᠨᠡᠨ ᠠᠴᠠ ᠵᠥᠪ ᠢ ᠡᠷᠢᠬᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠠᠷᠠᠳ ᠢ ᠵᠦᠳᠡᠭᠡᠵᠦ ᠡᠳ᠋ ᠢ ᠰᠦᠢᠳᠬᠡᠬᠦ ︽ᠨᠢᠭᠤᠷ ᠲᠠᠯ᠎ᠠ ᠶᠢᠨ ᠢᠨᠵᠧᠨᠧᠷᠢᠩ︾᠂ ︽ᠳᠦᠷᠢ ᠲᠥᠷᠬᠦ ᠶᠢᠨ ᠢᠨᠵᠧᠨᠧᠷᠢᠩ︾ ᠢ ᠬᠢᠬᠦ ᠦᠭᠡᠢ ᠪᠠᠶᠢᠬᠤ ᠬᠡᠷᠡᠭᠲᠡᠢ᠃
ᠭᠤᠣᠯ ᠬᠠᠷᠠᠯᠲᠠ ᠪᠣᠯ᠄ 2030 ᠣᠨ ᠪᠤᠯᠬᠤ ᠳᠤ᠂ ᠬᠤᠲᠠ ᠶᠢ ᠰᠢᠨᠡᠳᠬᠡᠬᠦ ᠠᠵᠢᠯᠯᠠᠭ᠎ᠠ ᠶᠢᠨ ᠬᠡᠷᠡᠭᠵᠢᠭᠦᠯᠦᠯᠲᠡ ᠶᠢ ᠴᠢᠬᠤᠯᠠ ᠠᠬᠢᠴᠠ ᠲᠠᠢ ᠪᠤᠯᠭᠠᠵᠤ᠂ ᠬᠤᠲᠠ ᠶᠢ ᠰᠢᠨᠡᠳᠬᠡᠬᠦ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ ᠶᠢᠨ ᠨᠡᠭᠡᠭᠡᠨ ᠬᠥᠭᠵᠢᠭᠦᠯᠦᠯᠲᠡ ᠶᠢᠨ ᠪᠦᠲᠦᠭᠡᠨ ᠪᠠᠶᠢᠭᠤᠯᠤᠯᠲᠠ ᠶᠢᠨ ᠠᠷᠭ᠎ᠠ ᠭᠡᠯᠪᠡᠷᠢ ᠶᠢ ᠬᠤᠪᠢᠷᠠᠭᠤᠯᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠨᠡᠩ ᠪᠠᠬᠢᠵᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠠᠵᠤ ᠠᠬᠤᠢ ᠶᠢᠨ ᠡᠵᠡᠩᠨᠡᠯᠲᠡ ᠶᠢᠨ ᠭᠡᠯᠪᠡᠷᠢ ᠶᠢ ᠨᠡᠩ ᠪᠠᠶᠠᠯᠢᠭᠵᠢᠭᠤᠯᠵᠤ᠂ ᠰᠣᠶᠣᠯ ᠤᠨ ᠥᠪ ᠢ ᠪᠦᠲᠦᠮᠵᠢᠲᠡᠢ ᠬᠠᠮᠠᠭᠠᠯᠠᠵᠤ᠂ ᠬᠡᠪ ᠨᠠᠮᠪᠠᠭ᠎ᠠ ᠣᠨᠴᠠᠯᠢᠭ ᠢ ᠨᠡᠩ ᠢᠯᠡᠷᠡᠭᠦᠯᠵᠦ᠂ ᠬᠤᠲᠠ ᠶᠢ ᠠᠷᠠᠳ ᠤᠯᠠᠨ ᠤ ᠴᠢᠨᠠᠷ ᠰᠠᠶᠢᠲᠠᠢ ᠠᠮᠢᠳᠤᠷᠠᠯ ᠤᠨ ᠣᠷᠣᠨ ᠵᠠᠢ ᠪᠣᠯᠭᠠᠨ᠎ᠠ᠃
ᠬᠤᠶᠠᠷ᠂ ᠭᠤᠣᠯ ᠡᠭᠦᠷᠭᠡ
︵ᠨᠢᠭᠡ︶ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠨ᠎ᠠ᠃ ᠠᠶᠤᠯᠲᠠᠢ ᠣᠷᠣᠨ ᠰᠠᠭᠤᠴᠠ ᠶᠢ ᠥᠭᠡᠷᠡᠴᠢᠯᠡᠨ ᠰᠢᠨᠡᠳᠬᠡᠬᠦ ᠶᠢ ᠯᠠᠪᠳᠠᠭᠤᠨ ᠢᠶᠠᠷ ᠠᠬᠢᠭᠤᠯᠵᠤ᠂ D ᠲᠠᠰ ᠤᠨ ᠠᠶᠤᠯᠲᠠᠢ ᠣᠷᠣᠨ ᠰᠠᠭᠤᠴᠠ ᠶᠢ ᠨᠤᠷᠠᠭᠠᠵᠤ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠵᠦ᠂ ᠪᠠᠬᠢᠵᠢᠭᠦᠯᠬᠦ᠂ ᠥᠭᠡᠷᠡᠴᠢᠯᠡᠨ ᠪᠠᠶᠢᠭᠤᠯᠬᠤ᠂ ᠳᠠᠭᠢᠨ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ C ᠲᠠᠰ ᠤᠨ ᠠᠶᠤᠯᠲᠠᠢ ᠣᠷᠣᠨ ᠰᠠᠭᠤᠴᠠ ᠪᠣᠯᠣᠨ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠢᠵᠢ ᠪᠦᠷᠢᠳᠦᠭᠦᠯᠬᠦ ᠪᠤᠰᠤ ᠣᠷᠣᠨ ᠰᠠᠭᠤᠴᠠ ᠶᠢ ᠥᠭᠡᠷᠡᠴᠢᠯᠡᠨ ᠰᠢᠨᠡᠳᠬᠡᠬᠦ ᠶᠢ ᠢᠳᠡᠪᠬᠢᠲᠡᠢ ᠯᠠᠪᠳᠠᠭᠤᠨ ᠢᠶᠠᠷ ᠬᠡᠷᠡᠭᠵᠢᠭᠦᠯᠦᠨ᠎ᠡ᠃ ᠲᠥᠷᠥᠯ ᠪᠦᠯᠦᠭ ᠬᠤᠪᠢᠶᠠᠵᠤ ᠪᠠᠶᠢᠭᠠᠳ ᠭᠠᠵᠠᠷ ᠬᠥᠳᠡᠯᠦᠯᠲᠡ ᠶᠢ ᠳᠠᠭᠠᠭᠠᠬᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠮᠥᠷᠲᠡᠭᠡᠨ ᠪᠠᠬᠢᠵᠢᠭᠦᠯᠬᠦ ᠦᠨ᠎ᠡ ᠥᠷᠲᠡᠭ ᠲᠠᠢ ᠬᠤᠲᠠ ᠪᠠᠯᠭᠠᠰᠤ ᠶᠢᠨ ᠭᠡᠷ ᠪᠠᠶᠢᠰᠢᠩ ᠳᠤ ᠭᠠᠵᠠᠷ ᠬᠥᠳᠡᠯᠦᠯᠲᠡ ᠶᠢ ᠳᠠᠭᠠᠭᠠᠬᠤ ᠪᠠᠬᠢᠵᠢᠭᠦᠯᠦᠯᠲᠡ ᠬᠢᠨ᠎ᠡ᠃ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ᠂ ᠲᠡᠦᠬᠡ ᠶᠢᠨ ᠪᠠᠷᠢᠯᠭ᠎ᠠ ᠵᠡᠷᠭᠡ ᠬᠠᠮᠠᠭᠠᠯᠠᠬᠤ ᠡᠲᠡᠭᠡᠳ ᠲᠤ ᠬᠤᠯᠪᠣᠭᠳᠠᠭᠰᠠᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠠᠮᠠᠭᠠᠯᠠᠬᠤ ᠪᠠ ᠬᠡᠷᠡᠭᠯᠡᠵᠦ᠂ ︽ᠨᠢᠭᠡ ᠪᠠᠶᠢᠰᠢᠩ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠥᠭᠡᠷᠡᠴᠢᠯᠡᠨ ᠰᠢᠨᠡᠳᠬᠡᠬᠦ ᠲᠥᠰᠥᠯ ᠳᠤᠷᠠᠳᠴᠤ᠂ ᠠᠶᠤᠯᠲᠠᠢ ᠣᠷᠣᠨ ᠰᠠᠭᠤᠴᠠ ᠶᠢᠨ ᠨᠡᠷ᠎ᠡ ᠪᠠᠷ ᠬᠠᠤᠯᠢ ᠲᠣᠭᠲᠠᠭᠠᠯ ᠠᠴᠠ ᠵᠥᠷᠢᠴᠡᠨ ᠲᠡᠦᠬᠡ ᠰᠣᠶᠣᠯ ᠤᠨ ᠵᠡᠭᠡᠯᠢ ᠲᠣᠭᠤᠷᠢᠭ᠂ ᠤᠯᠠᠮᠵᠢᠯᠠᠯᠲᠤ ᠠᠶᠢᠯ ᠲᠣᠰᠬᠤᠨ᠂ ᠲᠡᠦᠬᠡ ᠶᠢᠨ ᠳᠤᠷᠠᠰᠬᠠᠯᠲᠤ ᠵᠦᠢᠯᠡᠰ᠂ ᠲᠡᠦᠬᠡ ᠶᠢᠨ ᠪᠠᠷᠢᠯᠭ᠎ᠠ ᠶᠢ ᠨᠤᠷᠠᠭᠠᠵᠤ ᠥᠭᠡᠷᠡᠴᠢᠯᠡᠨ ᠰᠢᠨᠡᠳᠬᠡᠬᠦ ᠶᠢ ᠴᠢᠩᠭ᠎ᠠ ᠴᠠᠭᠠᠵᠠᠯᠠᠨ᠎ᠠ᠃
ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠪᠠ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠪᠠᠷᠢᠯᠭ᠎ᠠ ᠶᠢᠨ ᠳᠤᠯᠠᠭᠠᠨ ᠢ ᠪᠠᠲᠤᠯᠠᠬᠤ ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠨ᠂ ᠰᠠᠭᠤᠭᠠᠯᠢ ᠠᠷᠠᠳ ᠤᠨ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠭᠡᠷ ᠳᠣᠲᠣᠷᠠᠬᠢ ᠵᠠᠰᠠᠵᠤ ᠴᠢᠮᠡᠭᠯᠡᠬᠦ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ᠃ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ᠂ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ᠂ ᠤᠯᠠᠮᠵᠢᠯᠠᠯᠲᠤ ᠬᠤᠳᠠᠯᠳᠤᠭᠠᠨ ᠤ ᠲᠥᠬᠦᠭᠡᠷᠦᠮᠵᠢ ᠵᠡᠷᠭᠡ ᠦᠯᠡᠳᠡᠭᠡᠯ ᠭᠡᠷ ᠪᠠᠶᠢᠰᠢᠩ ᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠵᠤ᠂ ᠪᠠᠷᠢᠯᠭ᠎ᠠ ᠶᠢᠨ ᠴᠢᠳᠠᠮᠵᠢ ᠶᠢ ᠬᠤᠪᠢᠷᠠᠭᠤᠯᠬᠤ ᠪᠠ ᠬᠤᠯᠢᠯᠳᠤᠭᠤᠯᠤᠨ ᠠᠰᠢᠭᠯᠠᠬᠤ ᠶᠢ ᠠᠬᠢᠭᠤᠯᠤᠨ᠂ ᠪᠠᠷᠢᠯᠭ᠎ᠠ ᠶᠢᠨ ᠭᠤᠣᠯᠯᠠᠬᠤ ᠴᠢᠳᠠᠮᠵᠢ ᠶᠢ ᠦᠨᠳᠦᠰᠦᠯᠡᠨ ᠭᠠᠵᠠᠷ ᠰᠢᠷᠣᠢ ᠶᠢᠨ ᠬᠡᠷᠡᠭᠴᠡᠭᠡ ᠶᠢ ᠬᠠᠤᠯᠢ ᠲᠣᠭᠲᠠᠭᠠᠯ ᠶᠣᠰᠣᠭᠠᠷ ᠵᠦᠢ ᠵᠣᠬᠢᠰᠲᠠᠢ ᠬᠤᠪᠢᠷᠠᠭᠤᠯᠤᠨ᠎ᠠ᠃
︵ᠬᠤᠶᠠᠷ︶ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠵᠠᠰᠠᠬᠤ ᠶᠢ ᠠᠬᠢᠭᠤᠯᠤᠨ᠎ᠠ᠃ ᠰᠠᠭᠤᠭᠠᠯᠢ ᠠᠷᠠᠳ ᠤᠨ ᠲᠣᠭᠤᠷᠢᠭ ᠤᠨ ᠰᠢᠲᠠᠮᠠᠬᠠᠢ ᠬᠡᠢ ᠵᠡᠷᠭᠡ ᠬᠠᠭᠤᠴᠢᠷᠠᠭᠰᠠᠨ ᠬᠤᠭᠤᠯᠠᠢ ᠭᠤᠤᠷᠰᠤ ᠶᠢ ᠰᠢᠨᠡᠳᠬᠡᠨ ᠥᠭᠡᠷᠡᠴᠢᠯᠡᠵᠦ᠂ ᠠᠰᠠᠷ ᠤᠨ ᠳᠣᠲᠣᠷᠠᠬᠢ ᠶᠠᠪᠠᠭᠠᠨ ᠬᠥᠮᠥᠨ ᠤ ᠶᠠᠪᠤᠬᠤ ᠵᠠᠮ᠂ ᠰᠠᠯᠬᠢ ᠨᠡᠪᠲᠡᠷᠡᠬᠦ ᠣᠲᠤᠭ᠎ᠠ ᠭᠠᠷᠭᠠᠬᠤ ᠵᠠᠮ᠂ ᠰᠠᠯᠬᠢ ᠨᠡᠪᠲᠡᠷᠡᠭᠦᠯᠬᠦ ᠬᠤᠳᠳᠤᠭ ᠵᠡᠷᠭᠡ ᠶᠢ ᠴᠡᠭᠴᠡᠯᠡᠨ ᠵᠠᠰᠠᠵᠤ᠂ ᠠᠮᠤᠷ ᠲᠦᠪᠰᠢᠨ ᠤ ᠭᠡᠮ ᠰᠣᠭᠤᠭ ᠢ ᠪᠦᠭᠦ ᠬᠦᠴᠦᠨ ᠢᠶᠠᠷ ᠠᠷᠢᠯᠭᠠᠨ᠂ ᠨᠥᠬᠦᠴᠡᠯ ᠲᠠᠢ ᠠᠰᠠᠷ ᠲᠤ ᠴᠠᠭᠢᠯᠭᠠᠨ ᠱᠠᠲᠤ ᠨᠡᠮᠡᠵᠦ ᠤᠭᠰᠠᠷᠠᠬᠤ ᠶᠢ ᠳᠡᠮᠵᠢᠨ᠎ᠡ᠃ ᠰᠠᠭᠤᠭᠠᠯᠢ ᠠᠷᠠᠳ ᠤᠨ ᠲᠣᠭᠤᠷᠢᠭ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠲᠡᠷᠭᠡ ᠵᠣᠬᠰᠣᠬᠤ᠂ ᠴᠠᠭᠢᠯᠭᠠᠨ ᠴᠡᠨᠡᠭᠯᠡᠬᠦ᠂ ᠭᠠᠯ ᠰᠡᠷᠭᠡᠶᠢᠯᠡᠬᠦ ᠭᠠᠯ ᠤᠨᠲᠠᠷᠠᠭᠠᠬᠤ᠂ ᠴᠢᠮᠡᠭᠡ ᠬᠤᠯᠪᠤᠭ᠎ᠠ ᠵᠡᠷᠭᠡ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠬᠤᠭᠤᠯᠠ ᠤᠮᠳᠠ ᠳᠤ ᠲᠤᠰᠠᠯᠠᠬᠤ᠂ ᠭᠡᠷ ᠤᠨ ᠶᠠᠪᠤᠳᠠᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠨᠡᠮᠡᠵᠦ ᠪᠠᠶᠢᠷᠢᠯᠠᠭᠤᠯᠤᠨ᠎ᠠ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠪᠦᠲᠦᠭᠡᠨ ᠪᠠᠶᠢᠭᠤᠯᠤᠯᠲᠠ ᠳᠤ ᠣᠷᠣᠯᠴᠠᠬᠰᠠᠨ ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠥᠭᠡᠷᠡᠴᠢᠯᠡᠨ ᠰᠢᠨᠡᠳᠬᠡᠬᠦ ᠲᠠᠢ ᠤᠶᠠᠯᠳᠤᠭᠤᠯᠤᠨ ᠰᠠᠭᠤᠭᠠᠯᠢ ᠠᠷᠠᠳ ᠤᠨ ᠲᠣᠭᠤᠷᠢᠭ ᠤᠨ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠣᠷᠤᠯᠴᠠᠬᠤ ᠪᠠ ᠬᠢᠨᠠᠯᠲᠠ ᠲᠠᠯᠪᠢᠬᠤ ᠶᠢ ᠬᠥᠲᠥᠯᠥᠨ ᠵᠢᠯᠤᠭᠤᠳᠬᠤ ᠶᠢ ᠴᠢᠬᠤᠯᠠᠴᠢᠯᠠᠵᠤ᠂ ᠥᠭᠡᠷᠡᠴᠢᠯᠡᠨ ᠰᠢᠨᠡᠳᠬᠡᠬᠦ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠨ᠎ᠠ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ ᠨᠤᠷᠠᠬᠤ ᠠᠶᠤᠯᠲᠠᠢ ᠣᠷᠣᠨ ᠰᠠᠭᠤᠴᠠ ᠶᠢ ᠥᠭᠡᠷᠡᠴᠢᠯᠡᠬᠦ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠰᠣᠶᠣᠯ ᠤᠨ ᠥᠪ ᠤᠨ ᠥᠷᠲᠡᠭ ᠢ ᠠᠭᠤᠳᠠᠯᠬᠤ᠂ ᠤᠯᠠᠮᠵᠢᠯᠠᠯᠲᠤ ᠬᠡᠪ ᠨᠠᠮᠪᠠ ᠶᠢ ᠬᠠᠮᠠᠭᠠᠯᠠᠭᠰᠠᠨ ᠰᠠᠭᠤᠷᠢᠨ ᠳᠡᠭᠡᠷ᠎ᠡ ᠶᠡᠷᠦᠩᠬᠡᠶᠢᠯᠡᠭᠰᠡᠨ ᠴᠢᠨᠠᠷᠲᠠᠢ ᠬᠠᠮᠠᠭᠠᠯᠠᠬᠤ᠂ ᠰᠡᠯᠪᠢᠨ ᠵᠠᠰᠠᠬᠤ᠂ ᠥᠭᠡᠷᠡᠴᠢᠯᠡᠬᠦ ᠲᠥᠰᠥᠯ ᠢ ᠲᠣᠭᠲᠠᠭᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ᠂ ᠲᠥᠬᠦᠭᠡᠷᠦᠮᠵᠢ ᠨᠥᠬᠦᠴᠡᠯ᠂ ᠦᠢᠯᠡᠴᠢᠯᠡᠭᠡᠨ ᠤ ᠴᠢᠳᠠᠮᠵᠢ ᠪᠠ ᠰᠣᠶᠣᠯ ᠤᠨ ᠥᠷᠲᠡᠭ ᠢ ᠦᠷᠭᠦᠯᠵᠢᠯᠡᠨ ᠳᠡᠭᠡᠭᠰᠢᠯᠡᠭᠦᠯᠦᠨ᠎ᠡ᠃
︵ᠭᠤᠷᠪᠠ︶ ᠪᠦᠷᠢᠨ ᠪᠦᠲᠦᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠥᠷᠨᠢᠭᠦᠯᠦᠨ᠎ᠡ᠃ ᠨᠡᠶᠢᠭᠡᠮ ᠲᠣᠭᠤᠷᠢᠭ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ᠂ ᠠᠷᠠᠳ ᠲᠤ ᠳᠥᠭᠦᠮ ᠦᠵᠡᠭᠦᠯᠭᠦ ᠬᠤᠳᠠᠯᠳᠤᠭᠠᠨ ᠤ ᠦᠢᠯᠡᠴᠢᠯᠡᠭᠡᠨ ᠤ ᠲᠥᠬᠦᠭᠡᠷᠦᠮᠵᠢ᠂ ᠣᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠵᠡᠷᠭᠡ ᠶᠢ ᠲᠡᠭᠦᠯᠳᠡᠷᠵᠢᠭᠦᠯᠵᠦ᠂ ᠠᠮᠤᠷ ᠲᠦᠪᠰᠢᠨ ᠡᠷᠡᠭᠦᠯ ᠮᠡᠨᠳᠦ᠂ ᠲᠥᠬᠦᠭᠡᠷᠦᠮᠵᠢ ᠪᠦᠷᠢᠨ ᠲᠡᠭᠦᠯᠳᠡᠷ᠂ ᠬᠠᠮᠢᠶᠠᠷᠤᠯᠲᠠ ᠡᠮᠬᠢ ᠵᠢᠷᠤᠮ ᠲᠠᠢ ᠪᠦᠷᠢᠨ ᠪᠦᠲᠦᠨ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠵᠤ᠂ ᠬᠤᠲᠠ ᠶᠢᠨ ᠨᠢᠭᠡ ᠮᠥᠴᠡ ᠶᠢᠨ ᠠᠷᠠᠳ ᠲᠤ ᠳᠥᠭᠦᠮ ᠦᠵᠡᠭᠦᠯᠭᠦ ᠠᠮᠢᠳᠤᠷᠠᠯ ᠤᠨ ᠲᠣᠭᠤᠷᠢᠭ ᠢ ᠴᠣᠭᠴᠠᠯᠠᠨ ᠪᠠᠶᠢᠭᠤᠯᠤᠨ᠎ᠠ᠃ ᠬᠤᠲᠠ ᠶᠢᠨ ᠨᠡᠶᠢᠭᠡᠮ ᠲᠣᠭᠤᠷᠢᠭ ᠤᠨ ᠰᠢᠭᠢᠳᠭᠡᠯᠳᠦ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠨ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ᠃ ᠰᠠᠭᠤᠭᠠᠯᠢ ᠠᠷᠠᠳ᠂ ᠲᠥᠯᠥᠪᠵᠢᠭᠦᠯᠦᠭᠴᠢ᠂ ᠵᠢᠷᠤᠭ ᠲᠥᠯᠥᠪᠯᠡᠭᠴᠢ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃
︵ᠳᠥᠷᠪᠡ︶ ᠬᠠᠭᠤᠴᠢᠨ ᠵᠡᠭᠡᠯᠢ ᠲᠣᠭᠤᠷᠢᠭ᠂ ᠬᠠᠭᠤᠴᠢᠨ ᠦᠢᠯᠡᠳᠪᠦᠷᠢ ᠶᠢᠨ ᠲᠣᠭᠤᠷᠢᠭ᠂ ᠬᠤᠲᠠᠨ ᠳᠤᠮᠳᠠᠬᠢ ᠲᠣᠰᠬᠤᠨ ᠵᠡᠷᠭᠡ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠤᠨ᠎ᠠ᠃ ᠬᠠᠭᠤᠴᠢᠨ ᠵᠡᠭᠡᠯᠢ ᠲᠣᠭᠤᠷᠢᠭ ᠤᠨ ᠴᠢᠳᠠᠪᠬᠢ ᠶᠢ ᠬᠤᠪᠢᠷᠠᠭᠤᠯᠬᠤ᠂ ᠡᠵᠡᠩᠨᠡᠯᠲᠡ ᠶᠢᠨ ᠭᠡᠯᠪᠡᠷᠢ ᠶᠢ ᠲᠡᠰ ᠳᠡᠪᠰᠢᠭᠦᠯᠬᠦ᠂ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠭᠦ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠢᠭᠡ ᠪᠦᠯᠦᠭ ᠠᠮᠢᠵᠢᠷᠠᠯ ᠤᠨ ᠬᠦᠴᠦᠨ ᠲᠠᠢ ᠵᠡᠭᠡᠯᠢ ᠲᠣᠭᠤᠷᠢᠭ ᠢ ᠪᠠᠶᠢᠭᠤᠯᠤᠨ᠎ᠠ᠃ ᠬᠤᠳᠠᠯᠳᠤᠭᠠᠨ ᠤ ᠶᠠᠪᠠᠭᠠᠨ ᠵᠡᠭᠡᠯᠢ ᠪᠠ ᠬᠠᠭᠤᠴᠢᠨ ᠬᠤᠳᠠᠯᠳᠤᠭᠠᠨ ᠤ ᠵᠡᠭᠡᠯᠢ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠵᠦ᠂ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠣᠯᠠᠨ ᠨᠡᠶᠢᠲᠡ ᠶᠢᠨ ᠣᠷᠣᠨ ᠵᠠᠢ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠬᠤᠳᠠᠯᠳᠤᠭᠠᠨ ᠤ ᠡᠵᠡᠩᠨᠡᠯᠲᠡ ᠶᠢᠨ ᠭᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠬᠡᠷᠡᠭᠯᠡᠭᠡ ᠶᠢᠨ ᠠᠬᠤᠢ ᠪᠠᠶᠢᠳᠠᠯ ᠢ ᠰᠢᠨᠡᠴᠢᠯᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠬᠤᠲᠠ ᠶᠢᠨ ᠰᠢᠨᠡᠴᠢᠯᠡᠯᠲᠡ ᠳᠤ ᠬᠦᠴᠦᠨ ᠨᠡᠮᠡᠷᠢᠯᠡᠬᠦ ᠶᠢ ᠠᠬᠢᠭᠤᠯᠤᠨ᠎ᠠ᠃ ᠬᠠᠭᠤᠴᠢᠨ ᠦᠢᠯᠡᠳᠪᠦᠷᠢ ᠶᠢᠨ ᠲᠣᠭᠤᠷᠢᠭ ᠢ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠰᠢᠨᠡᠳᠬᠡᠨ ᠥᠭᠡᠷᠡᠴᠢᠯᠡᠬᠦ ᠶᠢ ᠠᠬᠢᠭᠤᠯᠬᠤ ᠶᠢ ᠵᠣᠷᠢᠭᠵᠢᠭᠤᠯᠵᠤ᠂ ᠠᠵᠤ ᠦᠢᠯᠡᠳᠪᠦᠷᠢ ᠶᠢᠨ ᠥᠪ ᠬᠥᠷᠥᠩᠭᠡ ᠶᠢ ᠬᠠᠮᠠᠭᠠᠯᠠᠨ ᠠᠰᠢᠭᠯᠠᠬᠤ ᠶᠢ ᠴᠢᠩᠭᠠᠳᠬᠠᠨ᠂ ᠰᠤᠯᠠ ᠲᠠᠯᠪᠢᠭᠳᠠᠵᠤ ᠪᠠᠶᠢᠭ᠎ᠠ ᠦᠷ᠎ᠡ ᠠᠰᠢᠭ ᠢᠶᠠᠷ ᠳᠣᠣᠷ᠎ᠠ ᠦᠢᠯᠡᠳᠪᠦᠷᠢ ᠶᠢᠨ ᠲᠣᠭᠤᠷᠢᠭ᠂ ᠦᠢᠯᠡᠳᠪᠦᠷᠢ ᠶᠢᠨ ᠭᠡᠷ ᠪᠠᠶᠢᠰᠢᠩ ᠪᠠ ᠲᠥᠬᠦᠭᠡᠷᠦᠮᠵᠢ ᠶᠢ ᠠᠮᠢᠳᠤᠯᠢᠭᠵᠢᠭᠤᠯᠤᠨ ᠠᠰᠢᠭᠯᠠᠵᠤ᠂ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠴᠢᠳᠠᠮᠵᠢ ᠳᠤ ᠣᠷᠣᠭᠤᠯᠤᠨ᠎ᠠ᠃ ᠬᠤᠲᠠᠨ ᠳᠤᠮᠳᠠᠬᠢ ᠲᠣᠰᠬᠤᠨ ᠤ ᠥᠭᠡᠷᠡᠴᠢᠯᠡᠯᠲᠡ ᠶᠢ ᠢᠳᠡᠪᠬᠢᠲᠡᠢ ᠪᠠᠷ ᠠᠬᠢᠭᠤᠯᠵᠤ᠂ ᠲᠡᠦᠬᠡ ᠰᠣᠶᠣᠯ ᠤᠨ ᠳᠦᠷᠰᠦ ᠪᠠᠶᠢᠳᠠᠯ ᠢ ᠬᠠᠮᠠᠭᠠᠯᠠᠬᠤ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠦᠭᠡᠢ᠂ ︽ᠨᠢᠭᠡ ᠲᠣᠰᠬᠤᠨ ᠳᠤ ᠨᠢᠭᠡ ᠲᠥᠷᠥ ᠶᠢᠨ ᠪᠣᠳᠣᠯᠭ᠎ᠠ︾ ᠠᠪᠤᠨ ᠨᠤᠷᠠᠭᠠᠵᠤ ᠰᠢᠨ᠎ᠡ ᠪᠠᠷ ᠪᠠᠶᠢᠭᠤᠯᠬᠤ᠂ ᠴᠡᠭᠴᠡᠯᠡᠨ ᠵᠠᠰᠠᠵᠤ ᠳᠡᠭᠡᠭᠰᠢᠯᠡᠭᠦᠯᠭᠦ᠂ ᠨᠤᠷᠠᠭᠠᠵᠤ ᠴᠡᠭᠴᠡᠯᠡᠬᠦ ᠶᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠥᠭᠡᠷᠡᠴᠢᠯᠡᠨ ᠪᠠᠶᠢᠭᠤᠯᠵᠤ᠂ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ ᠦᠨᠡᠨ ᠬᠦ ᠠᠷᠢᠯᠭᠠᠨ᠂ ᠣᠷᠣᠰᠢᠨ ᠰᠠᠭᠤᠬᠤ ᠨᠥᠬᠦᠴᠡᠯ ᠪᠣᠯᠣᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠣᠯᠠᠨ ᠲᠦᠮᠡᠨ ᠤ ᠥᠭᠡᠷᠡᠴᠢᠯᠡᠨ ᠰᠢᠨᠡᠳᠬᠡᠬᠦ ᠬᠦᠰᠡᠯ ᠡᠷᠡᠮᠡᠯᠵᠡᠯ ᠢᠶᠠᠷ ᠴᠢᠩᠭ᠎ᠠ᠂ ᠬᠤᠲᠠ ᠶᠢᠨ ᠪᠡᠯᠡ ᠮᠥᠩᠭᠦ ᠶᠢᠨ ᠴᠢᠳᠠᠪᠤᠷᠢ ᠲᠡᠩᠴᠡᠭᠦᠷᠢᠲᠡᠢ᠂ ᠲᠠᠲᠠᠪᠤᠷᠢᠯᠠᠬᠤ ᠨᠥᠬᠦᠪᠦᠷᠢᠯᠡᠬᠦ ᠲᠥᠰᠥᠯ ᠪᠣᠯᠪᠠᠰᠤᠷᠠᠩᠭᠤᠢ ᠪᠠᠶᠢᠳᠠᠭ ᠬᠤᠲᠠᠨ ᠳᠤᠮᠳᠠᠬᠢ ᠲᠣᠰᠬᠤᠨ ᠤ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠲᠦᠷᠭᠡᠨ ᠬᠡᠷᠡᠭᠵᠢᠭᠦᠯᠦᠨ᠎ᠡ᠃ ᠬᠠᠭᠤᠴᠢᠨ ᠭᠠᠯᠲᠤ ᠲᠡᠷᠭᠡᠨ ᠥᠷᠲᠡᠭᠡ ᠪᠣᠯᠣᠨ ᠡᠷᠭᠢᠨ ᠲᠣᠭᠤᠷᠢᠨ ᠤ ᠬᠠᠭᠤᠴᠢᠨ ᠵᠡᠭᠡᠯᠢ ᠲᠣᠭᠤᠷᠢᠭ ᠢ ᠨᠢᠭᠡᠳᠦᠯᠲᠡᠢ ᠲᠥᠯᠥᠪᠵᠢᠭᠦᠯᠦᠨ ᠰᠢᠨᠡᠳᠬᠡᠨ ᠥᠭᠡᠷᠡᠴᠢᠯᠡᠬᠦ ᠶᠢ ᠠᠬᠢᠭᠤᠯᠤᠨ᠎ᠠ᠃
︵ᠲᠠᠪᠤ︶ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠣᠯᠠᠨ ᠱᠠᠲᠤ ᠳᠠᠪᠬᠤᠷᠭ᠎ᠠ ᠲᠠᠢ᠂ ᠪᠦᠭᠦᠨ ᠢ ᠬᠠᠮᠤᠷᠤᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠢ ᠪᠠᠶᠢᠭᠤᠯᠤᠨ ᠪᠦᠷᠢᠨᠰᠢᠭᠦᠯᠵᠦ᠂ ᠦᠯᠡᠳᠡᠭᠡᠯ ᠰᠤᠯᠠ ᠲᠠᠯᠪᠢᠭᠳᠠᠵᠤ ᠪᠠᠶᠢᠭ᠎ᠠ ᠭᠡᠷ ᠪᠠᠶᠢᠰᠢᠩ ᠪᠠ ᠦᠷ᠎ᠡ ᠠᠰᠢᠭ ᠢᠶᠠᠷ ᠳᠣᠣᠷ᠎ᠠ ᠬᠡᠷᠡᠭᠯᠡᠬᠦ ᠭᠠᠵᠠᠷ ᠢ ᠭᠦᠢᠴᠡᠳ ᠠᠰᠢᠭᠯᠠᠨ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠤᠷᠢᠳ ᠢᠶᠠᠷ ᠨᠥᠬᠦᠪᠦᠷᠢᠯᠡᠵᠦ᠂ ᠠᠷᠠᠳ ᠣᠯᠠᠨ ᠤ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠲᠠᠢ ᠬᠠᠩᠭᠠᠨ᠎ᠠ᠃ ︽ᠡᠩ ᠤᠨ ᠦᠶ᠎ᠡ ᠪᠠ ᠪᠠᠴᠢᠮ ᠦᠶ᠎ᠡ ᠶᠢᠨ ᠬᠤᠶᠠᠷ ᠬᠡᠷᠡᠭᠴᠡᠭᠡᠲᠦ︾ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠯᠠᠪᠳᠠᠭᠤᠨ ᠠᠬᠢᠭᠤᠯᠤᠨ᠎ᠠ᠃ ᠬᠤᠲᠠ ᠶᠢᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠲᠦᠷ ᠴᠠᠭ ᠲᠥᠪᠬᠢᠨᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠨᠠᠰᠤᠲᠠᠶᠢᠴᠤᠳ ᠲᠤ ᠲᠣᠬᠢᠷᠠᠬᠤ᠂ ᠬᠡᠦᠬᠡᠳ ᠤᠳ ᠲᠤ ᠲᠣᠬᠢᠷᠠᠬᠤ ᠥᠭᠡᠷᠡᠴᠢᠯᠡᠯᠲᠡ ᠶᠢ ᠠᠬᠢᠭᠤᠯᠵᠤ᠂ ᠣᠯᠠᠨ ᠨᠡᠶᠢᠲᠡ ᠶᠢᠨ ᠲᠠᠯᠠᠪᠤᠷ ᠤᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠨ᠎ᠡ᠃ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ᠂ ᠲᠦᠭᠡᠮᠡᠯ ᠬᠠᠷᠠᠭᠠᠯᠵᠠᠯᠲᠤ ᠭᠡᠯᠪᠡᠷᠢ ᠶᠢᠨ᠂ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠥᠭᠵᠢᠭᠦᠯᠦᠨ᠎ᠡ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠯᠠᠨ ᠲᠦᠮᠡᠨ ᠤ ᠳᠡᠷᠭᠡᠳᠡᠬᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠭᠠᠵᠠᠷ ᠲᠠᠯᠠᠪᠠᠶ ᠶᠢᠨ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ ᠥᠭᠡᠷᠡᠴᠢᠯᠡᠨ᠎ᠡ᠃ ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠬᠤᠳᠠ ᠶᠢᠨ ᠤᠯᠠᠨ ᠨᠡᠶᠢᠲᠡ ᠶᠢᠨ ᠣᠷᠣᠨ ᠵᠠᠢ ᠶᠢ ᠢᠳᠡᠪᠬᠢᠲᠡᠢ ᠥᠷᠭᠡᠳᠬᠡᠵᠦ᠂ ᠰᠢᠨ᠎ᠡ ᠮᠠᠶ᠋ᠢᠭ ᠤᠨ ᠤᠯᠠᠨ ᠨᠡᠶᠢᠲᠡ ᠶᠢᠨ ᠰᠣᠶᠣᠯ ᠤᠨ ᠣᠷᠣᠨ ᠵᠠᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠎ᠠ᠃
︵ᠵᠢᠷᠭᠤᠭ᠎ᠠ︶ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠴᠢᠩᠭᠠᠳᠬᠠᠨ᠎ᠠ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ ᠲᠦᠭᠰᠢᠭᠦᠷᠢ ᠳᠠᠯᠳᠠ ᠭᠡᠮ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ ᠭᠠᠵᠠᠷ ᠳᠣᠣᠷᠠᠬᠢ ᠣᠷᠣᠨ ᠵᠠᠢ ᠶᠢ ᠨᠢᠭᠡᠳᠦᠯᠲᠡᠢ ᠲᠥᠯᠥᠪᠵᠢᠭᠦᠯᠦᠨ ᠨᠡᠭᠡᠭᠡᠨ ᠬᠥᠭᠵᠢᠭᠦᠯᠬᠦ ᠪᠠ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ᠃ ᠬᠤᠲᠠ ᠶᠢᠨ ᠰᠢᠲᠠᠮᠠᠬᠠᠢ ᠬᠡᠢ᠂ ᠤᠰᠤ ᠬᠠᠩᠭᠠᠬᠤ᠂ ᠤᠰᠤ ᠭᠠᠳᠠᠭᠰᠢᠯᠠᠭᠤᠯᠬᠤ᠂ ᠪᠣᠬᠢᠷ ᠤᠰᠤ᠂ ᠢᠯᠴᠢ ᠬᠠᠩᠭᠠᠬᠤ ᠵᠡᠷᠭᠡ ᠭᠠᠵᠠᠷ ᠳᠣᠣᠷᠠᠬᠢ ᠬᠤᠭᠤᠯᠠᠢ ᠤᠲᠠᠰᠤ ᠬᠤᠭᠤᠯᠠᠢ ᠲᠣᠣᠷ ᠪᠣᠯᠣᠨ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠲᠦᠷᠭᠡᠳᠬᠡᠵᠦ᠂ ᠪᠦᠲᠦᠭᠡᠨ ᠪᠠᠶᠢᠭᠤᠯᠵᠤ ᠠᠵᠢᠯᠯᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠬᠤᠲᠠ ᠶᠢᠨ ᠤᠰᠤ ᠬᠠᠩᠭᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠭᠦ ᠶᠢ ᠠᠬᠢᠭᠤᠯᠵᠤ᠂ ᠬᠤᠲᠠ ᠶᠢᠨ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠬᠤ᠂ ᠰᠢᠢᠳᠪᠦᠷᠢᠯᠡᠬᠦ ᠪᠠ ᠳᠠᠭᠢᠨ ᠠᠰᠢᠭᠯᠠᠬᠤ ᠵᠢᠴᠢ ᠪᠣᠬᠢᠷ ᠰᠢᠪᠠᠷ ᠢ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠴᠢᠩᠭᠠᠳᠬᠠᠨ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠣᠣᠷ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠵᠤ ᠠᠵᠢᠯᠯᠠᠭᠤᠯᠬᠤ ᠲᠣᠭᠲᠠᠴᠠ ᠶᠢ ᠲᠦᠷᠭᠡᠨ ᠪᠠᠶᠢᠭᠤᠯᠤᠨ᠎ᠠ᠃ ᠬᠤᠳᠠ ᠶᠢᠨ ᠦᠶᠡᠷ ᠢ ᠰᠡᠷᠭᠡᠶᠢᠯᠡᠬᠦ ᠪᠠ ᠤᠰᠤᠲᠤᠯ ᠢ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠬᠤᠳᠠ ᠶᠢᠨ ᠲᠣᠭᠤᠷᠢᠭ ᠤᠨ ᠤᠰᠤᠨ ᠰᠢᠰᠲ᠋ᠧᠮ᠂ ᠤᠰᠤ ᠭᠠᠳᠠᠭᠰᠢᠯᠠᠭᠤᠯᠬᠤ ᠬᠤᠭᠤᠯᠠᠢ ᠶᠢᠨ ᠲᠣᠣᠷ ᠬᠢᠭᠡᠳ ᠡᠷᠭᠢᠨ ᠲᠣᠭᠤᠷᠢᠨ ᠤ ᠭᠤᠣᠯ ᠮᠥᠷᠡᠨ ᠨᠠᠭᠤᠷ ᠲᠠᠩᠭᠢᠰ᠂ ᠤᠰᠤᠨ ᠴᠥᠭᠦᠷᠥᠮ ᠵᠡᠷᠭᠡ ᠶᠢ ᠬᠤᠯᠪᠤᠭᠠᠯᠠᠨ ᠵᠠᠯᠠᠵᠤ ᠬᠤᠯᠪᠤᠭᠠᠯᠠᠨ ᠲᠣᠬᠢᠷᠠᠭᠤᠯᠬᠤ ᠠᠵᠢᠯᠯᠠᠭᠠᠨ ᠤ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠵᠦ᠂ ᠤᠰᠤ ᠵᠠᠯᠠᠵᠤ ᠤᠰᠤᠲᠤᠯ ᠢ ᠰᠡᠷᠭᠡᠶᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠲᠦᠷᠭᠡᠳᠬᠡᠵᠦ᠂ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠪᠦᠷᠢᠨ ᠲᠡᠭᠦᠯᠳᠡᠷ ᠰᠢᠰᠲ᠋ᠧᠮ ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠣᠯᠠᠨ ᠨᠡᠶᠢᠲᠡ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠢᠨᠵᠧᠨᠧᠷᠢᠩ ᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠦᠲᠦᠭᠡᠨ ᠪᠠᠶᠢᠭᠤᠯᠤᠨ᠎ᠠ᠃ ᠬᠤᠲᠠ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠲᠦᠷᠭᠡᠨ ᠬᠤᠷᠳᠤᠴᠠᠲᠤ ᠭᠤᠣᠯ ᠵᠠᠮ ᠱᠤᠭᠤᠮ ᠤᠨ ᠵᠠᠮ ᠬᠠᠷᠢᠯᠴᠠᠭ᠎ᠠ᠂ ᠠᠮᠢᠳᠤᠷᠠᠯ ᠤᠨ ᠴᠢᠨᠠᠷᠲᠠᠢ ᠲᠥᠪᠯᠡᠷᠡᠭᠦᠯᠵᠦ ᠲᠠᠷᠬᠠᠭᠠᠬᠤ ᠵᠠᠮ ᠬᠠᠷᠢᠯᠴᠠᠭ᠎ᠠ ᠪᠣᠯᠣᠨ ᠪᠣᠬᠢᠷᠳᠤᠯ ᠦᠭᠡᠢ ᠤᠳᠠᠭᠠᠨ ᠶᠠᠪᠤᠬᠤ ᠵᠠᠮ ᠬᠠᠷᠢᠯᠴᠠᠭ᠎ᠠ ᠶᠢ ᠬᠥᠭᠵᠢᠭᠦᠯᠵᠦ᠂ ᠲᠡᠷᠭᠡ ᠵᠣᠭᠰᠤᠭᠠᠬᠤ ᠲᠥᠬᠦᠭᠡᠷᠦᠮᠵᠢ ᠶᠢ ᠲᠦᠷᠭᠡᠨ ᠪᠦᠲᠦᠭᠡᠨ ᠪᠠᠶᠢᠭᠤᠯᠤᠨ᠎ᠠ᠃ ᠬᠤᠲᠠ ᠶᠢᠨ ᠪᠠᠷᠠᠭ᠎ᠠ ᠲᠡᠭᠡᠭᠡᠪᠦᠷᠢᠯᠡᠬᠦ ᠲᠣᠣᠷ ᠤᠨ ᠲᠥᠯᠦᠪᠵᠢᠭᠦᠯᠭᠡ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠱᠠᠲᠤ ᠬᠤᠪᠢᠶᠠᠨ ᠲᠣᠬᠢᠷᠠᠭᠤᠯᠤᠨ ᠬᠦᠷᠭᠡᠬᠦ ᠲᠥᠬᠦᠭᠡᠷᠦᠮᠵᠢ ᠶᠢᠨ ᠰᠢᠰᠲ᠋ᠧᠮ ᠢ ᠪᠦᠷᠢᠨᠰᠢᠭᠦᠯᠦᠨ᠎ᠡ᠃ ᠰᠢᠨ᠎ᠡ ᠭᠡᠯᠪᠡᠷᠢ ᠶᠢᠨ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠤᠨ ᠮᠡᠷᠭᠡᠵᠢᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠦᠨ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃
︵ᠳᠣᠯᠤᠭ᠎ᠠ︶ ᠬᠤᠲᠠ ᠶᠢᠨ ᠠᠮᠢ ᠠᠬᠤᠢ ᠶᠢᠨ ᠰᠢᠰᠲ᠋ᠧᠮ ᠢ ᠰᠡᠷᠭᠦᠭᠡᠨ᠎ᠡ᠃ ᠠᠭᠤᠯᠠ ᠶᠢ ᠵᠠᠰᠠᠬᠤ᠂ ᠤᠰᠤ ᠶᠢ ᠵᠠᠰᠠᠬᠤ᠂ ᠬᠤᠲᠠ ᠶᠢ ᠵᠠᠰᠠᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠬᠤᠲᠠ ᠶᠢᠨ ᠠᠮᠢ ᠠᠬᠤᠢ ᠶᠢᠨ ᠰᠠᠭᠤᠷᠢ ᠲᠥᠬᠦᠭᠡᠷᠦᠮᠵᠢ ᠶᠢᠨ ᠦᠷᠭᠦᠯᠵᠢᠯᠡᠭᠰᠡᠨ ᠪᠦᠷᠢᠨ ᠪᠦᠲᠦᠨ ᠰᠢᠰᠲ᠋ᠧᠮ ᠢ ᠪᠠᠶᠢᠭᠤᠯᠤᠨ᠎ᠠ᠃ ᠡᠪᠳᠡᠭᠳᠡᠭᠰᠡᠨ ᠠᠭᠤᠯᠠᠨ ᠴᠣᠭᠴᠠ ᠪᠣᠯᠣᠨ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠢ ᠲᠦᠷᠭᠡᠳᠬᠡᠨ ᠰᠡᠷᠭᠦᠭᠡᠨ ᠵᠠᠰᠠᠵᠤ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠬᠡᠷᠡᠭᠲᠡᠢ᠃ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠨᠤᠭᠤ ᠭᠠᠵᠠᠷ ᠢ ᠬᠠᠮᠠᠭᠠᠯᠠᠨ ᠰᠡᠷᠭᠦᠭᠡᠵᠦ᠂ ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠵᠦ᠂ ᠬᠤᠲᠠ ᠶᠢᠨ ᠤᠰᠤ ᠰᠢᠷᠣᠢ ᠶᠢᠨ ᠢᠳᠡᠭᠳᠡᠯ ᠢ ᠵᠠᠰᠠᠬᠤ ᠪᠠ ᠠᠮᠢ ᠠᠬᠤᠢ ᠶᠢ ᠴᠡᠪᠡᠷᠰᠢᠭᠦᠯᠬᠦ ᠵᠢᠵᠢᠭ ᠰᠠᠪᠠ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠳᠤᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠰᠡᠷᠭᠦᠭᠡᠬᠦ ᠶᠢ ᠴᠢᠩᠭᠠᠳᠬᠠᠵᠤ᠂ ᠪᠣᠬᠢᠷᠲᠤᠭᠰᠠᠨ ᠭᠠᠵᠠᠷ ᠢ ᠠᠮᠤᠷ ᠲᠦᠪᠰᠢᠨ ᠢᠶᠠᠷ ᠳᠠᠭᠢᠨ ᠠᠰᠢᠭᠯᠠᠬᠤ ᠶᠢ ᠦᠨᠡᠨ ᠬᠦ ᠪᠠᠲᠤᠯᠠᠨ᠎ᠠ᠃ ᠬᠤᠲᠠ ᠶᠢᠨ ᠨᠣᠭᠤᠭᠠᠨ ᠬᠦᠷᠢᠶ᠎ᠡ ᠨᠣᠭᠤᠭᠠᠨ ᠬᠤᠩᠭᠢᠯ ᠨᠣᠭᠤᠭᠠᠨ ᠰᠢᠭᠠᠨᠲᠠᠭ ᠨᠣᠭᠤᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠤᠲᠤᠭ ᠤᠨ ᠤᠷᠭᠤᠮᠠᠯ ᠬᠡᠷᠡᠭᠯᠡᠬᠦ ᠲᠦᠪᠰᠢᠨ ᠢ ᠳᠡᠭᠡᠭᠰᠢᠯᠡᠭᠦᠯᠦᠨ᠂ ᠬᠤᠲᠠ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠵᠤ᠂ ᠣᠯᠠᠨ ᠲᠦᠮᠡᠨ ᠤ ᠳᠡᠷᠭᠡᠳᠡᠬᠢ ᠨᠡᠶᠢᠭᠡᠮ ᠲᠣᠭᠤᠷᠢᠭ ᠤᠨ ᠴᠡᠴᠡᠷᠯᠢᠭ ᠪᠠ ᠬᠠᠷᠮᠠᠨ ᠴᠡᠴᠡᠷᠯᠢᠭ ᠢ ᠨᠡᠮᠡᠭᠳᠡᠭᠦᠯᠦᠨ᠂ ᠴᠡᠴᠡᠷᠯᠢᠭ ᠤᠨ ᠵᠦᠯᠭᠡ ᠶᠢ ᠨᠡᠭᠡᠭᠡᠨ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃
︵ᠨᠠᠢᠮᠠ︶ ᠬᠤᠲᠠ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠨ᠎ᠠ᠃ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠵᠣᠯᠭᠠᠭᠤᠯᠵᠤ᠂ ᠬᠤᠲᠠ ᠶᠢᠨ ᠰᠣᠶᠣᠯ ᠤᠨ ᠥᠪ ᠬᠥᠷᠥᠩᠭᠡ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ ︽ᠬᠠᠭᠤᠴᠢᠨ ᠬᠤᠲᠠ ᠶᠢ ᠳᠠᠭᠢᠨ ᠨᠤᠷᠠᠭᠠᠵᠤ ᠪᠤᠯᠬᠤ ᠦᠭᠡᠢ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠠᠭᠤᠴᠢᠨ ᠬᠤᠲᠠ ᠵᠢᠴᠢ ᠲᠡᠦᠬᠡ ᠰᠣᠶᠣᠯ ᠤᠨ ᠵᠡᠭᠡᠯᠢ ᠲᠣᠭᠤᠷᠢᠭ ᠢ ᠪᠦᠭᠦ ᠲᠠᠯ᠎ᠠ ᠪᠠᠷ ᠪᠠᠶᠢᠴᠠᠭᠠᠵᠤ᠂ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ᠂ ᠬᠠᠭᠤᠴᠢᠨ ᠵᠡᠭᠡᠯᠢ ᠲᠣᠭᠤᠷᠢᠭ᠂ ᠬᠠᠭᠤᠴᠢᠨ ᠦᠢᠯᠡᠳᠪᠦᠷᠢ ᠶᠢᠨ ᠲᠣᠭᠤᠷᠢᠭ ᠤᠨ ᠰᠣᠶᠣᠯ ᠤᠨ ᠥᠪ ᠬᠥᠷᠥᠩᠭᠡ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠬᠠᠮᠤᠭ ᠤᠨ ᠴᠢᠩᠭ᠎ᠠ ᠬᠠᠮᠠᠭᠠᠯᠠᠬᠤ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠨ᠎ᠠ᠃ ᠰᠣᠶᠣᠯ ᠤᠨ ᠥᠪ ᠬᠥᠷᠥᠩᠭᠡ ᠶᠢᠨ ᠨᠥᠯᠥᠭᠡ ᠳᠤ ᠦᠨᠡᠯᠡᠯᠲᠡ ᠬᠢᠬᠦ ᠶᠢ ᠥᠷᠨᠢᠭᠦᠯᠵᠦ᠂ ︽ᠤᠷᠢᠳ ᠢᠶᠠᠷ ᠪᠠᠶᠢᠴᠠᠭᠠᠵᠤ ᠳᠠᠷᠠᠭ᠎ᠠ ᠨᠢ ᠪᠦᠲᠦᠭᠡᠨ ᠪᠠᠶᠢᠭᠤᠯᠬᠤ︾᠂ ︽ᠤᠷᠢᠳ ᠢᠶᠠᠷ ᠬᠠᠭᠤᠴᠢ ᠰᠤᠳᠤᠯᠵᠤ ᠳᠠᠷᠠᠭ᠎ᠠ ᠨᠢ ᠰᠢᠯᠵᠢᠭᠦᠯᠦᠨ ᠥᠭᠬᠦ︾ ᠬᠠᠮᠠᠭᠠᠯᠠᠯᠲᠠ ᠶᠢᠨ ᠤᠷᠢᠳᠠᠴᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠠᠭᠤᠴᠢᠨ ᠭᠡᠷ ᠪᠠᠶᠢᠰᠢᠩ ᠢ ᠨᠤᠷᠠᠭᠠᠬᠤ ᠬᠠᠮᠢᠶᠠᠷᠤᠯᠲᠠ ᠶᠢ ᠴᠢᠩᠭᠠᠳᠬᠠᠨ᠂ ᠬᠠᠮᠠᠭᠠᠯᠠᠬᠤ ᠦᠨ᠎ᠡ ᠥᠷᠲᠡᠭ ᠲᠠᠢ ᠬᠠᠭᠤᠴᠢᠨ ᠪᠠᠷᠢᠯᠭ᠎ᠠ᠂ ᠡᠷᠲᠡᠨ ᠤ ᠠᠷᠠᠳ ᠤᠨ ᠣᠷᠣᠨ ᠰᠠᠭᠤᠴᠠ ᠶᠢ ᠳᠤᠷ᠎ᠠ ᠪᠠᠷ ᠢᠶᠠᠨ ᠨᠤᠷᠠᠭᠠᠬᠤ ᠦᠭᠡᠢ ᠪᠠᠶᠢᠵᠤ᠂ ᠦᠨᠡᠨ ᠨᠤᠷᠠᠭᠠᠵᠤ ᠬᠠᠭᠤᠷᠮᠠᠭ ᠢᠶᠠᠷ ᠪᠠᠶᠢᠭᠤᠯᠬᠤ ᠶᠢ ᠴᠠᠭᠠᠵᠠᠯᠠᠨ᠎ᠠ᠃ ᠰᠠᠭᠤᠭᠠᠯᠢ ᠠᠷᠠᠳ ᠢᠶᠠᠷ ᠭᠤᠣᠯ ᠴᠣᠭᠴᠠ ᠪᠤᠯᠭᠠᠬᠰᠠᠨ ᠬᠠᠮᠠᠭᠠᠯᠠᠵᠤ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ᠂ ᠲᠡᠦᠬᠡ ᠰᠣᠶᠣᠯ ᠤᠨ ᠵᠡᠭᠡᠯᠢ ᠲᠣᠭᠤᠷᠢᠭ ᠢ ᠰᠡᠷᠭᠦᠭᠡᠬᠦ ᠪᠠ ᠰᠢᠯᠵᠢᠭᠦᠯᠵᠦ ᠪᠤᠯᠬᠤ ᠦᠭᠡᠢ ᠲᠡᠦᠬᠡ ᠶᠢᠨ ᠳᠤᠷᠠᠰᠬᠠᠯᠲᠤ ᠵᠦᠢᠯᠡᠰ᠂ ᠲᠡᠦᠬᠡ ᠶᠢᠨ ᠪᠠᠷᠢᠯᠭ᠎ᠠ ᠶᠢ ᠰᠡᠯᠪᠢᠨ ᠵᠠᠰᠠᠬᠤ ᠶᠢ ᠠᠬᠢᠭᠤᠯᠵᠤ᠂ ᠰᠣᠶᠣᠯ ᠤᠨ ᠥᠪ ᠢ ᠵᠦᠢ ᠵᠣᠬᠢᠰᠲᠠᠢ ᠠᠰᠢᠭᠯᠠᠬᠤ ᠠᠷᠭ᠎ᠠ ᠵᠠᠮ ᠢ ᠰᠦᠪᠡᠭᠴᠢᠯᠡᠨ᠎ᠡ᠃ ᠴᠢᠬᠤᠯᠠ ᠲᠡᠦᠬᠡ ᠰᠣᠶᠣᠯ ᠤᠨ ᠦᠨ᠎ᠡ ᠥᠷᠲᠡᠭ ᠲᠠᠢ᠂ ᠳᠤᠮᠳᠠᠳᠤ ᠶᠢᠨ ᠲᠡᠦᠬᠡ ᠰᠣᠶᠣᠯ ᠤᠨ ᠰᠤᠳᠠᠰᠤ ᠶᠢ ᠢᠯᠡᠷᠡᠭᠦᠯᠦᠭᠰᠡᠨ ᠭᠠᠵᠠᠷ ᠤᠨ ᠨᠡᠷ᠎ᠡ ᠶᠢ ᠬᠠᠮᠠᠭᠠᠯᠠᠵᠤ᠂ ᠵᠢᠷᠤᠮᠵᠢᠯ ᠦᠭᠡᠢ ᠭᠠᠵᠠᠷ ᠤᠨ ᠨᠡᠷ᠎ᠡ ᠶᠢ ᠵᠣᠬᠢᠰᠲᠠᠢ ᠪᠠᠷ ᠴᠡᠭᠴᠡᠯᠡᠨ᠎ᠡ᠃ ᠬᠤᠲᠠ ᠶᠢᠨ ᠰᠢᠨᠡᠳᠬᠡᠭᠰᠡᠨ ᠭᠤᠣᠯᠳᠠᠯᠭ᠎ᠠ ᠲᠠᠢ ᠭᠠᠵᠠᠷ ᠣᠷᠣᠨ᠂ ᠴᠢᠬᠤᠯᠠ ᠭᠠᠵᠠᠷ ᠣᠷᠣᠨ ᠤ ᠳᠦᠷᠰᠦ ᠪᠠᠶᠢᠳᠠᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠡᠲᠦ ᠶᠡᠭᠡ ᠬᠡᠮᠵᠢᠶᠡᠨ ᠤ ᠣᠯᠠᠨ ᠨᠡᠶᠢᠲᠡ ᠶᠢᠨ ᠪᠠᠷᠢᠯᠭ᠎ᠠ᠂ ᠭᠡᠲᠦ ᠥᠨᠳᠥᠷ ᠳᠠᠪᠬᠤᠷᠭᠠᠲᠤ ᠪᠠᠷᠢᠯᠭ᠎ᠠ ᠶᠢ ᠴᠢᠩᠭ᠎ᠠ ᠬᠠᠮᠢᠶᠠᠷᠤᠨ᠎ᠠ᠃
ᠭᠤᠷᠪᠠ᠂ ᠲᠤᠯᠭᠠᠭᠤᠷᠢᠯᠠᠯ ᠪᠠᠲᠤᠯᠠᠭ᠎ᠠ ᠶᠢ ᠴᠢᠩᠭᠠᠳᠬᠠᠨ᠎ᠠ
︵ᠨᠢᠭᠡ︶ ᠬᠤᠲᠠ ᠶᠢ ᠰᠢᠨᠡᠳᠬᠡᠬᠦ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠡᠷᠡᠭᠴᠡᠭᠡ ᠪᠠᠷ ᠤᠳᠤᠷᠢᠳᠤᠮᠵᠢ ᠪᠤᠯᠭᠠᠬᠰᠠᠨ᠂ ᠲᠥᠷᠥᠯ ᠵᠦᠢᠯ ᠢᠶᠠᠷ ᠬᠥᠲᠥᠯᠥᠮᠵᠢ ᠪᠤᠯᠭᠠᠬᠰᠠᠨ ᠬᠤᠲᠠ ᠶᠢ ᠰᠢᠨᠡᠳᠬᠡᠬᠦ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠪᠠ ᠲᠡᠭᠦᠯᠳᠡᠷᠵᠢᠭᠦᠯᠦᠨ᠎ᠡ᠃ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢ ᠦᠨᠡᠯᠡᠨ ᠵᠢᠱᠢᠬᠦ ᠶᠢ ᠪᠦᠭᠦ ᠲᠠᠯ᠎ᠠ ᠪᠠᠷ ᠥᠷᠨᠢᠭᠦᠯᠵᠦ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ᠂ ᠦᠷ᠎ᠡ ᠪᠦᠲᠦᠮᠵᠢ ᠶᠢ ᠦᠨᠡᠯᠡᠨ ᠵᠢᠱᠢᠬᠦ᠂ ᠪᠠᠬᠢᠵᠢᠭᠦᠯᠦᠨ ᠳᠡᠭᠡᠭᠰᠢᠯᠡᠭᠦᠯᠭᠦ ᠠᠵᠢᠯ ᠤᠨ ᠠᠷᠭ᠎ᠠ ᠵᠠᠮ ᠢ ᠪᠠᠶᠢᠭᠤᠯᠤᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠦᠨᠳᠦᠰᠦᠯᠡᠨ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠦᠨᠡᠯᠡᠨ ᠵᠢᠱᠢᠭᠰᠡᠨ ᠦᠷ᠎ᠡ ᠳ᠋ᠦᠩ ᠲᠠᠢ ᠤᠶᠠᠯᠳᠤᠭᠤᠯᠵᠤ᠂ ᠬᠤᠲᠠ ᠶᠢᠨ ᠰᠢᠨᠡᠳᠬᠡᠬᠦ ᠲᠤᠰᠬᠠᠢ ᠲᠦᠷᠦᠯ ᠤᠨ ᠲᠥᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠬᠤᠲᠠ ᠶᠢᠨ ᠰᠢᠨᠡᠳᠬᠡᠬᠦ ᠠᠵᠢᠯᠯᠠᠭᠠᠨ ᠤ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ ᠬᠡᠷᠡᠭᠵᠢᠭᠦᠯᠬᠦ ᠴᠠᠭ ᠤᠨ ᠳᠠᠷᠠᠭᠠᠯᠠᠯ ᠢ ᠲᠣᠭᠲᠠᠭᠠᠨ᠂ ︽ᠲᠤᠰᠬᠠᠢ ᠲᠦᠷᠦᠯ ᠤᠨ ᠲᠥᠯᠦᠪᠵᠢᠭᠦᠯᠭᠡ— ᠬᠡᠰᠡᠭ ᠣᠷᠣᠨ ᠤ ᠤᠬᠠᠭᠠᠯᠠᠯ ᠲᠥᠰᠥᠪᠯᠡᠯ — ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠤᠨ ᠲᠥᠯᠥᠪᠵᠢᠭᠦᠯᠦᠨ ᠬᠡᠷᠡᠭᠵᠢᠭᠦᠯᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠤᠲᠠ ᠶᠢᠨ ᠵᠢᠷᠤᠭ ᠲᠥᠯᠥᠪᠯᠡᠭᠡ ᠶᠢᠨ ᠬᠤᠲᠠ ᠶᠢᠨ ᠰᠢᠨᠡᠳᠬᠡᠬᠦ ᠲᠥᠷᠥᠯ ᠵᠦᠢᠯ ᠤᠨ ᠬᠡᠷᠡᠭᠵᠢᠭᠦᠯᠦᠯᠲᠡ ᠳᠠᠬᠢ ᠬᠥᠲᠥᠯᠥᠨ ᠵᠢᠯᠤᠭᠤᠳᠬᠤ ᠦᠢᠯᠡᠳᠦᠯ ᠢ ᠴᠢᠩᠭᠠᠷᠠᠭᠤᠯᠵᠤ᠂ ᠭᠡᠷ ᠪᠠᠶᠢᠰᠢᠩ᠂ ᠰᠠᠭᠤᠭᠠᠯᠢ ᠠᠷᠠᠳ ᠤᠨ ᠲᠣᠭᠤᠷᠢᠭ᠂ ᠨᠡᠶᠢᠭᠡᠮ ᠲᠣᠭᠤᠷᠢᠭ᠂ ᠬᠤᠲᠠ ᠶᠢᠨ ᠲᠣᠭᠤᠷᠢᠭ᠂ ᠬᠤᠲᠠ ᠵᠡᠷᠭᠡ ᠠᠳᠠᠯᠢ ᠪᠤᠰᠤ ᠭᠡᠮᠵᠢᠶᠡᠷᠢᠯᠡᠯ ᠤᠨ ᠵᠢᠷᠤᠭ ᠲᠥᠯᠥᠪᠯᠡᠭᠡ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠬᠤᠲᠠ ᠶᠢᠨ ᠰᠢᠨᠡᠳᠬᠡᠬᠦ ᠳᠤ ᠵᠣᠬᠢᠴᠠᠭᠰᠠᠨ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠬᠠᠮᠢᠶᠠᠷᠤᠯᠲᠠ ᠶᠢᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃
︵ᠬᠤᠶᠠᠷ︶ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ︽ᠲᠥᠷᠥᠯ ᠵᠦᠢᠯ ᠨᠢ ᠲᠥᠯᠦᠪᠵᠢᠭᠦᠯᠭᠡ ᠶᠢ ᠳᠠᠭᠠᠬᠤ᠂ ᠭᠠᠵᠠᠷ ᠰᠢᠷᠣᠢ ᠶᠢᠨ ᠬᠦᠴᠦᠨ ᠵᠦᠢᠯ ᠨᠢ ᠲᠥᠷᠥᠯ ᠵᠦᠢᠯ ᠢ ᠳᠠᠭᠠᠬᠤ︾ ᠶᠢ ᠪᠠᠷᠢᠮᠲᠠᠯᠠᠵᠤ᠂ ᠭᠠᠵᠠᠷ ᠰᠢᠷᠣᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠂ ᠪᠦᠭᠦ ᠣᠷᠣᠨ ᠪᠦᠰᠡ ᠪᠦᠭᠦ ᠲᠥᠷᠥᠯ ᠭᠡᠯᠪᠡᠷᠢ ᠶᠢ ᠬᠠᠮᠤᠷᠤᠭᠰᠠᠨ᠂ ᠨᠢᠭᠡᠳᠦᠯᠲᠡᠢ ᠵᠣᠯᠭᠠᠭᠤᠯᠤᠭᠰᠠᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠪᠠ ᠲᠥᠯᠦᠪᠵᠢᠭᠦᠯᠭᠡ ᠶᠢᠨ ᠵᠥᠪᠰᠢᠶᠡᠷᠡᠯ ᠤᠨ ᠳᠦᠷᠢᠮ ᠢ ᠲᠣᠭᠲᠠᠭᠠᠨ ᠪᠦᠷᠢᠨᠰᠢᠭᠦᠯᠵᠦ᠂ ᠰᠢᠨ᠎ᠡ ᠪᠠᠷ ᠨᠡᠮᠡᠭᠳᠡᠭᠰᠡᠨ ᠪᠠ ᠬᠠᠳᠠᠭᠠᠯᠠᠭᠳᠠᠵᠤ ᠪᠠᠶᠢᠭ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠲᠣᠬᠢᠷᠠᠭᠤᠯᠤᠯᠲᠠ ᠳᠤ ᠬᠤᠯᠪᠣᠭᠳᠠᠭᠰᠠᠨ ᠪᠠᠶᠢᠪᠠᠯ᠂ ᠲᠠᠰ ᠳᠠᠷᠠᠭᠠᠯᠠᠯ ᠶᠣᠰᠣᠭᠠᠷ ᠬᠠᠤᠯᠢ ᠶᠣᠰᠣᠭᠠᠷ ᠭᠦᠢᠴᠡᠳᠬᠡᠨ᠎ᠡ᠃ ᠭᠠᠵᠠᠷ ᠰᠢᠷᠣᠢ ᠶᠢ ᠤᠯᠠᠨ ᠵᠦᠢᠯ ᠤᠨ ᠭᠡᠯᠪᠡᠷᠢ ᠪᠠᠷ ᠨᠡᠭᠡᠭᠡᠨ ᠠᠰᠢᠭᠯᠠᠬᠤ ᠪᠠ ᠬᠡᠷᠡᠭᠴᠡᠭᠡ ᠶᠢ ᠬᠠᠤᠯᠢ ᠶᠣᠰᠣᠭᠠᠷ ᠵᠦᠢ ᠵᠣᠬᠢᠰᠲᠠᠢ ᠬᠤᠪᠢᠷᠠᠭᠤᠯᠬᠤ ᠶᠢ ᠠᠬᠢᠭᠤᠯᠵᠤ᠂ ᠬᠡᠷᠡᠭᠴᠡᠭᠡ ᠶᠢ ᠬᠤᠪᠢᠷᠠᠭᠤᠯᠬᠤ ᠪᠠ ᠵᠣᠬᠢᠴᠠᠩᠭᠤᠢ ᠪᠠᠷ ᠬᠡᠷᠡᠭᠯᠡᠬᠦ ᠵᠥᠪ ᠲᠠᠯ᠎ᠠ ᠶᠢᠨ ᠨᠠᠷᠢᠨ ᠲᠠᠩᠰᠠ᠂ ᠨᠠᠵᠠᠭᠠᠢ ᠲᠠᠯ᠎ᠠ ᠶᠢᠨ ᠨᠠᠷᠢᠨ ᠲᠠᠩᠰᠠ ᠪᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠡᠷᠡᠭᠴᠡᠭᠡ ᠶᠢ ᠬᠤᠪᠢᠷᠠᠭᠤᠯᠬᠤ ᠰᠢᠯᠵᠢᠯᠲᠡ ᠶᠢᠨ ᠬᠤᠭᠤᠴᠠᠭᠠᠨ ᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠦᠷ᠎ᠡ ᠠᠰᠢᠭ ᠢᠶᠠᠷ ᠳᠣᠣᠷ᠎ᠠ ᠦᠯᠡᠳᠡᠭᠡᠯ ᠭᠠᠵᠠᠷ ᠰᠢᠷᠣᠢ ᠶᠢ ᠠᠮᠢᠳᠤᠯᠢᠭᠵᠢᠭᠤᠯᠤᠨ ᠠᠰᠢᠭᠯᠠᠵᠤ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠡᠭᠡᠭᠦᠯᠦᠨ ᠬᠤᠷᠢᠶᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠡᠰᠡᠭ ᠪᠤᠰᠠᠭ ᠭᠠᠵᠠᠷ ᠰᠢᠷᠣᠢ ᠶᠢ ᠲᠥᠪᠯᠡᠷᠡᠭᠦᠯᠦᠨ ᠥᠭᠡᠷᠡᠴᠢᠯᠡᠬᠦ᠂ ᠡᠵᠡᠯᠡᠬᠦᠨ ᠤ ᠨᠣᠷᠮ᠎ᠠ ᠶᠢ ᠰᠢᠯᠵᠢᠭᠦᠯᠬᠦ ᠪᠤᠶᠤ ᠱᠠᠩᠨᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ᠃ ᠦᠷ᠎ᠡ ᠠᠰᠢᠭ ᠳᠣᠣᠷ᠎ᠠ ᠦᠯᠡᠳᠡᠭᠡᠯ ᠭᠠᠵᠠᠷ ᠢ ᠠᠰᠢᠭᠯᠠᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠦᠲᠦᠭᠡᠨ ᠪᠠᠶᠢᠭᠤᠯᠬᠤ᠂ ᠠᠵᠤ ᠦᠢᠯᠡᠰ ᠢ ᠬᠥᠭᠵᠢᠭᠦᠯᠬᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠲᠡᠮᠵᠢᠨ᠎ᠡ᠃ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠨᠠᠶᠢᠳᠠᠨ ᠰᠢᠯᠵᠢᠭᠦᠯᠬᠦ ᠭᠡᠷ᠎ᠡ ᠳᠤ ᠪᠣᠯᠵᠣᠨ ᠲᠣᠭᠲᠠᠭᠠᠭᠰᠠᠨ ᠪᠤᠶᠤ ᠭᠠᠵᠠᠷ ᠰᠢᠷᠣᠢ ᠶᠢ ᠰᠠᠯᠭᠠᠨ ᠥᠭᠬᠦ ᠲᠣᠭᠲᠠᠭᠠᠯ ᠤᠨ ᠪᠢᠴᠢᠭ ᠲᠤ ᠲᠣᠭᠲᠠᠭᠠᠭᠰᠠᠨ ᠵᠠᠰᠠᠭ ᠤᠨ ᠣᠷᠳᠣᠨ ᠠᠴᠠ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠤᠷᠢᠶᠠᠨ ᠠᠪᠬᠤ ᠵᠢᠴᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠳᠤᠷ᠎ᠠ ᠪᠠᠷ ᠢᠶᠠᠨ ᠰᠢᠯᠵᠢᠭᠦᠯᠦᠨ ᠥᠭᠬᠦ ᠶᠢ ᠴᠠᠭᠠᠵᠠᠯᠠᠭᠰᠠᠨ ᠪᠠᠶᠢᠳᠠᠯ ᠠᠴᠠ ᠭᠠᠳᠠᠨ᠎ᠠ᠂ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡᠲᠦ ᠬᠥᠮᠥᠨ ᠤ ᠲᠡᠰ ᠳᠠᠷᠠᠭᠠᠯᠠᠯ ᠶᠣᠰᠣᠭᠠᠷ ᠥᠪᠡᠰᠦᠪᠡᠨ ᠬᠡᠷᠡᠭᠯᠡᠬᠦ ᠪᠤᠶᠤ ᠰᠢᠯᠵᠢᠭᠦᠯᠦᠨ ᠥᠭᠬᠦ᠂ ᠬᠤᠪᠢ ᠣᠷᠣᠬᠤ᠂ ᠬᠤᠯᠪᠤᠭᠠᠯᠠᠨ ᠡᠵᠡᠩᠨᠡᠬᠦ ᠵᠡᠷᠭᠡ ᠠᠷᠭ᠎ᠠ ᠮᠠᠶ᠋ᠢᠭ ᠢᠶᠠᠷ ᠦᠷ᠎ᠡ ᠠᠰᠢᠭ ᠢᠶᠠᠷ ᠳᠣᠣᠷ᠎ᠠ ᠭᠠᠵᠠᠷ ᠰᠢᠷᠣᠢ ᠶᠢ ᠰᠢᠨᠡᠳᠬᠡᠨ ᠥᠭᠡᠷᠡᠴᠢᠯᠡᠬᠦ ᠶᠢ ᠵᠣᠷᠢᠭᠵᠢᠭᠤᠯᠤᠨ᠎ᠠ᠃ ᠭᠠᠵᠠᠷ ᠤᠨ ᠦᠨ᠎ᠡ ᠶᠢ ᠪᠤᠳᠤᠵᠤ ᠬᠤᠷᠢᠶᠠᠬᠤ ᠳᠦᠷᠢᠮ ᠢ ᠰᠢᠯᠢᠳᠡᠭᠵᠢᠭᠦᠯᠦᠨ᠎ᠡ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠭᠠᠵᠠᠷ ᠰᠢᠷᠣᠢ ᠶᠢᠨ ᠭᠠᠵᠠᠷ ᠤᠨ ᠭᠠᠳᠠᠷᠭᠤ᠂ ᠭᠠᠵᠠᠷ ᠳᠡᠭᠡᠷ᠎ᠡ ᠪᠤᠶᠤ ᠭᠠᠵᠠᠷ ᠳᠣᠣᠷ᠎ᠠ ᠲᠤᠰ ᠲᠤᠰ ᠪᠠᠶᠢᠭᠤᠯᠬᠤ ᠶᠢ ᠠᠬᠢᠭᠤᠯᠤᠨ᠎ᠠ᠃ ᠬᠤᠳᠠ ᠶᠢ ᠰᠢᠨᠡᠳᠬᠡᠬᠦ ᠲᠠᠢ ᠬᠤᠯᠪᠣᠭᠳᠠᠬᠤ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠳᠦᠷᠢᠮ ᠢ ᠲᠡᠭᠦᠯᠳᠡᠷᠵᠢᠭᠦᠯᠦᠨ᠎ᠡ᠃
︵ᠭᠤᠷᠪᠠ︶ ᠭᠡᠷ ᠪᠠᠶᠢᠰᠢᠩ ᠬᠡᠷᠡᠭᠯᠡᠬᠦ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ᠃ ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠡᠷ ᠪᠠᠶᠢᠰᠢᠩ ᠤᠨ ᠠᠮᠤᠷ ᠲᠦᠪᠰᠢᠨ ᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠠᠮᠤᠷ ᠲᠦᠪᠰᠢᠨ ᠤ ᠪᠡᠶ᠎ᠡ ᠶᠢᠨ ᠪᠠᠶᠢᠴᠠᠭᠠᠯᠲᠠ ᠶᠢ ᠴᠢᠩᠭᠠᠳᠬᠠᠨ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠬᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠲᠣᠭᠲᠠᠴᠠ ᠳᠤ ᠰᠢᠨ᠎ᠡ ᠶᠢ ᠡᠭᠦᠳᠬᠦ ᠶᠢ ᠰᠦᠪᠡᠭᠴᠢᠯᠡᠬᠦ ᠬᠡᠷᠡᠭᠲᠡᠢ᠃ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠢᠭᠡᠨᠲᠡ ᠪᠠᠶᠢᠭ᠎ᠠ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠣᠯᠠᠨ ᠨᠡᠶᠢᠲᠡ ᠶᠢᠨ ᠪᠡᠯᠡ ᠮᠥᠩᠭᠦ ᠴᠤᠭᠯᠠᠭᠤᠯᠬᠤ᠂ ᠬᠠᠮᠢᠶᠠᠷᠬᠤ᠂ ᠬᠡᠷᠡᠭᠯᠡᠬᠦ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠤᠨ᠎ᠠ᠃
︵ᠳᠥᠷᠪᠡ︶ ᠣᠯᠠᠨ ᠡᠰᠢᠵᠢᠭᠰᠡᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠠᠷᠭ᠎ᠠ ᠮᠠᠶ᠋ᠢᠭ ᠢ ᠪᠦᠷᠢᠨᠰᠢᠭᠦᠯᠦᠨ᠎ᠡ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠤᠷᠳᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠪᠠᠷ ᠳᠠᠮᠵᠢᠭᠤᠯᠤᠨ ᠨᠥᠬᠦᠴᠡᠯ ᠳᠤ ᠨᠡᠶᠢᠴᠡᠬᠦ ᠲᠦᠷᠦᠯ ᠵᠦᠢᠯ ᠳᠤ ᠳᠡᠮᠵᠢᠯᠭᠡ ᠦᠵᠡᠭᠦᠯᠦᠨ᠎ᠡ᠃ ᠲᠥᠪ ᠤᠨ ᠡᠳ᠋ ᠤᠨ ᠵᠠᠰᠠᠭ ᠠᠴᠠ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠬᠦ ᠶᠢ ᠳᠡᠮᠵᠢᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠨᠤᠭᠤᠳ ᠡᠳ᠋ ᠤᠨ ᠵᠠᠰᠠᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠬᠠᠮᠢᠶ᠎ᠠ ᠪᠦᠬᠦᠢ ᠪᠡᠯᠡ ᠮᠥᠩᠭᠦ ᠶᠢ ᠨᠡᠶᠢᠳᠬᠡᠬᠦ ᠪᠠ ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ ᠶᠢ ᠠᠬᠢᠭᠤᠯᠵᠤ᠂ ᠥᠷᠢ ᠥᠭᠴᠡᠭᠡ ᠶᠢᠨ ᠲᠦᠭᠰᠢᠭᠦᠷᠢ ᠶᠢ ᠡᠵᠡᠮᠳᠡᠵᠦ ᠳᠡᠶᠢᠯᠭᠦ ᠤᠷᠢᠲᠠᠯ ᠳᠣᠣᠷ᠎ᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠠᠷ ᠳᠠᠮᠵᠢᠭᠤᠯᠤᠨ ᠨᠥᠬᠦᠴᠡᠯ ᠳᠤ ᠨᠡᠶᠢᠴᠡᠬᠦ ᠬᠤᠲᠠ ᠶᠢ ᠰᠢᠨᠡᠳᠬᠡᠬᠦ ᠲᠥᠷᠥᠯ ᠵᠦᠢᠯ ᠳᠤ ᠳᠡᠮᠵᠢᠯᠭᠡ ᠦᠵᠡᠭᠦᠯᠵᠦ᠂ ᠬᠠᠤᠯᠢ ᠲᠣᠭᠲᠠᠭᠠᠯ ᠠᠴᠠ ᠵᠥᠷᠢᠴᠡᠨ ᠵᠢᠭᠡᠯᠡᠯᠭᠡ ᠠᠪᠴᠤ ᠪᠡᠯᠡ ᠨᠡᠶᠢᠯᠡᠭᠦᠯᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠬᠤᠲᠠ ᠶᠢᠨ ᠭᠠᠶᠢᠯᠢ ᠰᠦᠢᠳᠬᠡᠯ ᠢ ᠪᠠᠭᠠᠰᠬᠠᠵᠤ ᠬᠡᠯᠲᠦᠷᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠬᠦ᠂ ᠲᠦᠭᠰᠢᠭᠦᠷᠢ ᠶᠢ ᠡᠵᠡᠮᠳᠡᠵᠦ ᠪᠤᠯᠬᠤ᠂ ᠬᠤᠳᠠᠯᠳᠤᠭ᠎ᠠ ᠶᠢ ᠦᠷᠭᠦᠯᠵᠢᠯᠡᠭᠦᠯᠬᠦ ᠤᠷᠢᠲᠠᠯ ᠳᠣᠣᠷ᠎ᠠ ᠬᠤᠲᠠ ᠶᠢ ᠰᠢᠨᠡᠳᠬᠡᠬᠦ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠵᠤ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠴᠢᠩᠭᠠᠷᠠᠭᠤᠯᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠵᠠᠭᠪᠤᠷ ᠢ ᠲᠡᠭᠦᠯᠳᠡᠷᠵᠢᠭᠦᠯᠵᠦ᠂ ᠨᠡᠶᠢᠭᠡᠮ ᠤᠨ ᠬᠥᠷᠥᠩᠭᠡ ᠶᠢ ᠲᠡᠳᠡᠨ ᠬᠤᠲᠠ ᠶᠢ ᠰᠢᠨᠡᠳᠬᠡᠬᠦ ᠳᠤ ᠣᠷᠣᠯᠴᠠᠭᠤᠯᠵᠤ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠳᠤ ᠰᠠᠭᠤᠷᠢ ᠲᠥᠬᠦᠭᠡᠷᠦᠮᠵᠢ ᠶᠢᠨ ᠬᠦᠷᠢᠶ᠎ᠡ ᠶᠢᠨ ᠥᠯᠥ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠰᠠᠭᠤᠷᠢ ᠮᠥᠩᠭᠦ ︵REITs︶᠂ ᠡᠳ᠋ ᠬᠥᠷᠥᠩᠭᠡ ᠶᠢᠨ ᠦᠨᠡᠲᠦ ᠲᠡᠮᠳᠡᠭᠴᠢᠯᠡᠭᠰᠡᠨ ᠦᠢᠯᠡᠳᠬᠦᠨ᠂ ᠺᠤᠮᠫᠠᠨᠢ ᠶᠢᠨ ᠢᠲᠡᠭᠡᠮᠵᠢ ᠶᠢᠨ ᠲᠥᠷᠥᠯ ᠤᠨ ᠵᠢᠭᠡᠯᠡᠯᠭᠡ ᠶᠢᠨ ᠲᠡᠮᠳᠡᠭᠲᠦ ᠵᠡᠷᠭᠡ ᠶᠢ ᠲᠠᠷᠬᠠᠭᠠᠬᠤ ᠶᠢ ᠠᠬᠢᠭᠤᠯᠤᠨ᠎ᠠ᠃
︵ᠲᠠᠪᠤ︶ ᠵᠠᠰᠠᠭ ᠤᠨ ᠣᠷᠳᠣᠨ ᠬᠥᠲᠥᠯᠥᠨ ᠵᠢᠯᠣᠭᠤᠳᠤᠭᠰᠠᠨ᠂ ᠵᠠᠬ᠎ᠠ ᠳᠡᠯᠭᠡᠭᠦᠷ ᠢᠶᠠᠷ ᠠᠵᠢᠯᠯᠠᠭᠤᠯᠤᠭᠰᠠᠨ᠂ ᠣᠯᠠᠨ ᠨᠡᠶᠢᠲᠡ ᠪᠠᠷ ᠢᠶᠠᠨ ᠣᠷᠣᠯᠴᠠᠬᠰᠠᠨ ᠬᠤᠲᠠ ᠶᠢ ᠰᠢᠨᠡᠳᠬᠡᠬᠦ ᠦᠷᠭᠦᠯᠵᠢᠯᠡᠬᠦ ᠵᠠᠭᠪᠤᠷ ᠢ ᠪᠠᠶᠢᠭᠤᠯᠬᠤ ᠬᠡᠷᠡᠭᠲᠡᠢ᠃ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠣᠯᠠᠨ ᠤ ᠬᠤᠲᠠ ᠶᠢ ᠰᠢᠨᠡᠳᠬᠡᠬᠦ ᠳᠤ ᠣᠷᠤᠯᠴᠠᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ᠃ ᠬᠤᠲᠠ ᠶᠢᠨ ᠬᠠᠮᠢᠶᠠᠷᠤᠯᠲᠠ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠢ ᠥᠷᠨᠢᠭᠦᠯᠦᠨ᠎ᠡ᠃ ᠥᠮᠴᠢᠯᠡᠬᠦ ᠡᠷᠬᠡ ᠶᠢᠨ ᠥᠮᠴᠢᠯᠡᠭᠴᠢ ᠶᠢᠨ ᠪᠡᠶ᠎ᠡ ᠪᠠᠨ ᠳᠠᠭᠠᠭᠠᠨ ᠰᠢᠨᠡᠳᠬᠡᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠦᠷ᠎ᠡ ᠠᠰᠢᠭ ᠢᠶᠠᠷ ᠳᠣᠣᠷ᠎ᠠ ᠦᠯᠡᠳᠡᠭᠡᠯ ᠬᠥᠷᠥᠩᠭᠡ ᠶᠢ ᠴᠢᠯᠦᠭᠡᠲᠡᠢ ᠪᠤᠯᠭᠠᠵᠤ᠂ ᠤᠯᠤᠰ ᠤᠨ ᠥᠮᠴᠢᠯᠡᠯ ᠤᠨ ᠬᠥᠷᠥᠩᠭᠡ ᠶᠢᠨ ᠳᠠᠶᠢᠴᠢᠯᠠᠬᠤ ᠦᠢᠯᠡᠳᠦᠯ ᠢ ᠨᠠᠩ ᠰᠠᠶᠢᠨ ᠪᠠᠳᠠᠷᠠᠭᠤᠯᠬᠤ ᠬᠡᠷᠡᠭᠲᠡᠢ᠃ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠣᠯᠠᠨ ᠬᠦᠷᠢᠶ᠎ᠡ ᠶᠢᠨ ᠲᠤᠰᠬᠠᠢ ᠬᠦᠴᠦᠨ ᠪᠠ ᠦᠢᠯᠡᠴᠢᠯᠡᠭᠡᠨ ᠤ ᠪᠠᠶᠢᠭᠤᠯᠤᠮᠵᠢ ᠶᠢ ᠬᠤᠲᠠ ᠶᠢ ᠰᠢᠨᠡᠳᠬᠡᠬᠦ ᠳᠤ ᠣᠷᠣᠯᠴᠠᠭᠤᠯᠬᠤ ᠶᠢ ᠳᠡᠮᠵᠢᠵᠦ᠂ ᠲᠤᠰᠬᠠᠢ ᠮᠡᠷᠭᠡᠵᠢᠯᠲᠡᠨ ᠤ ᠣᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠳᠦᠷᠢᠮ ᠢ ᠪᠦᠷᠢᠨᠰᠢᠭᠦᠯᠦᠨ᠎ᠡ᠃ ᠬᠤᠲᠠ ᠶᠢ ᠰᠢᠨᠡᠳᠬᠡᠬᠦ ᠳᠤ ᠵᠣᠬᠢᠴᠠᠭᠰᠠᠨ ᠪᠦᠲᠦᠭᠡᠨ ᠪᠠᠶᠢᠭᠤᠯᠤᠯᠲᠠ᠂ ᠡᠵᠡᠩᠨᠡᠯᠲᠡ᠂ ᠵᠠᠰᠠᠯᠲᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠤᠳᠠ ᠶᠢ ᠰᠢᠨᠡᠳᠬᠡᠬᠦ ᠨᠡᠶᠢᠭᠡᠮ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠵᠥᠷᠢᠴᠡᠯ ᠢ ᠠᠷᠢᠯᠭᠠᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃
︵ᠵᠢᠷᠭᠤᠭ᠎ᠠ︶ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠪᠦᠷᠢᠨᠰᠢᠭᠦᠯᠦᠨ᠎ᠡ᠃ ᠬᠤᠲᠠ ᠶᠢ ᠰᠢᠨᠡᠳᠬᠡᠬᠦ ᠲᠠᠢ ᠬᠤᠯᠪᠣᠭᠳᠠᠬᠤ ᠬᠠᠤᠯᠢ ᠲᠣᠭᠲᠠᠭᠠᠬᠤ ᠠᠵᠢᠯ ᠢ ᠲᠦᠷᠭᠡᠳᠬᠡᠨ ᠠᠬᠢᠭᠤᠯᠵᠤ᠂ ᠬᠤᠲᠠ ᠶᠢᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠵᠠᠰᠠᠯᠲᠠ ᠪᠣᠯᠣᠨ ᠭᠡᠷ ᠪᠠᠶᠢᠰᠢᠩ ᠤᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠪᠦᠷᠢᠨᠰᠢᠭᠦᠯᠦᠨ᠎ᠡ᠃ ᠬᠤᠲᠠ ᠶᠢ ᠰᠢᠨᠡᠳᠬᠡᠬᠦ ᠳᠤ ᠲᠣᠬᠢᠷᠠᠬᠤ ᠮᠡᠷᠭᠡᠵᠢᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠲᠥᠷᠥᠯ ᠬᠤᠪᠢᠶᠠᠭᠰᠠᠨ ᠲᠣᠬᠢᠷᠠᠮᠵᠢᠲᠠᠢ ᠭᠠᠯ ᠤᠨᠲᠠᠷᠠᠭᠠᠬᠤ᠂ ᠢᠵᠢ ᠪᠦᠷᠢᠳᠦᠭᠦᠯᠬᠦ ᠣᠯᠠᠨ ᠨᠡᠶᠢᠲᠡ ᠶᠢᠨ ᠲᠥᠬᠦᠭᠡᠷᠦᠮᠵᠢ ᠵᠡᠷᠭᠡ ᠪᠠᠷᠢᠮᠵᠢᠶ᠎ᠠ ᠶᠢ ᠲᠣᠭᠲᠠᠭᠠᠨ ᠵᠠᠰᠠᠪᠤᠷᠢ ᠣᠷᠣᠭᠤᠯᠤᠨ᠎ᠠ᠃ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠮᠡᠷᠭᠡᠵᠢᠯ᠂ ᠰᠢᠨ᠎ᠡ ᠤᠷ᠎ᠠ ᠮᠡᠷᠭᠡᠰᠢᠯ ᠰᠢᠨ᠎ᠡ ᠮᠠᠲ᠋ᠧᠷᠢᠶᠠᠯ ᠢ ᠶᠡᠭᠡ ᠪᠠᠷ ᠰᠤᠳᠤᠯᠤᠨ ᠨᠡᠭᠡᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃
ᠳᠥᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠨ᠎ᠠ
ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠤᠭᠤᠳ ᠲᠤᠰ ᠭᠠᠵᠠᠷ ᠣᠷᠣᠨ ᠤ ᠪᠠᠨ ᠬᠤᠲᠠ ᠶᠢ ᠰᠢᠨᠡᠳᠬᠡᠬᠦ ᠠᠵᠢᠯᠯᠠᠭ᠎ᠠ ᠶᠢᠨ ᠬᠠᠷᠠᠯᠲᠠ ᠡᠭᠦᠷᠭᠡ ᠪᠠᠨ ᠲᠣᠭᠲᠠᠭᠠᠵᠤ᠂ ᠳᠡᠭᠡᠷ᠎ᠡ ᠳᠣᠣᠷ᠎ᠠ ᠱᠠᠲᠤ ᠪᠠᠨ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠤᠲᠠ ᠶᠢᠨ ᠱᠠᠲᠤᠨ ᠤ ᠨᠢᠭᠡᠳᠦᠯᠲᠡᠢ ᠲᠥᠯᠥᠪᠵᠢᠭᠦᠯᠬᠦ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ᠂ ᠱᠠᠲᠤ ᠬᠤᠪᠢᠶᠠᠨ ᠨᠠᠶᠢᠳᠠᠪᠤᠷᠢᠵᠢᠭᠤᠯᠬᠤ ᠠᠵᠢᠯ ᠤᠨ ᠪᠠᠶᠢᠷᠢᠰᠢᠯ ᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ ᠪᠡᠯᠡ ᠮᠥᠩᠭᠦ ᠵᠡᠷᠭᠡ ᠪᠠᠲᠤᠯᠠᠭ᠎ᠠ ᠶᠢ ᠴᠢᠩᠭᠠᠳᠬᠠᠵᠤ᠂ ᠬᠤᠲᠠ ᠶᠢ ᠰᠢᠨᠡᠳᠬᠡᠬᠦ ᠠᠵᠢᠯᠯᠠᠭ᠎ᠠ ᠶᠢ ᠯᠠᠪᠳᠠᠭᠤᠨ ᠡᠮᠬᠢ ᠵᠢᠷᠤᠮ ᠲᠠᠢ ᠬᠡᠷᠡᠭᠵᠢᠭᠦᠯᠵᠦ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ︽ᠯᠠᠷᠵᠢᠶ᠎ᠠ ᠶᠠᠩᠪᠠ ᠲᠠᠲᠠᠬᠤ︾ ᠶᠢ ᠡᠷᠡᠰ ᠬᠤᠷᠢᠭᠯᠠᠬᠤ ᠬᠡᠷᠡᠭᠲᠡᠢ᠃ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠲᠦᠷᠦᠭᠦᠯᠡᠨ ᠬᠢᠬᠦ ᠦᠢᠯᠡᠳᠦᠯ ᠢᠶᠠᠨ ᠪᠠᠳᠠᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠢᠭᠡᠳᠦᠯᠲᠡᠢ ᠲᠥᠯᠥᠪᠵᠢᠭᠦᠯᠦᠨ ᠵᠢᠯᠤᠭᠤᠳᠬᠤ ᠪᠠ ᠵᠣᠬᠢᠴᠠᠭᠤᠯᠤᠨ ᠳᠡᠮᠵᠢᠬᠦ ᠪᠠᠨ ᠴᠢᠩᠭᠠᠳᠬᠠᠵᠤ᠂ ᠳᠦᠷᠢᠮ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠣᠷᠣᠨ ᠨᠤᠲᠤᠭ ᠤᠨ ᠬᠢᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠦᠪᠡᠭᠴᠢᠯᠡᠵᠦ ᠰᠢᠨ᠎ᠡ ᠶᠢ ᠡᠭᠦᠳᠴᠦ᠂ ᠦᠷᠭᠦᠯᠵᠢᠯᠡᠬᠦ ᠴᠢᠨᠠᠷᠲᠠᠢ ᠬᠤᠳᠠ ᠶᠢ ᠰᠢᠨᠡᠳᠬᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠳᠡᠮᠵᠢᠨ᠎ᠡ᠃