|
106 ᠳ᠋ᠦᠩᠰᠢᠭᠤᠷ ᠲᠥᠭᠦᠷᠢᠭ ᠤᠨ ᠵᠥᠪᠯᠡᠯᠴᠡᠭᠡᠷ ᠲᠣᠬᠢᠷᠠᠯᠴᠠᠪᠠ︕ ᠮᠠᠨ ᠤ ᠣᠷᠣᠨ ᠤ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠳᠠᠬᠢᠨᠲᠠ ᠲᠠᠰ ᠳᠡᠪᠰᠢᠭᠦᠯᠪᠡ |
|
|
ᠨᠡᠶᠢᠲᠡᠯᠡᠭᠰᠡᠨ ᠴᠠᠭ᠄
2025/5/22
|
|
ᠥᠪᠡᠷᠲᠡᠭᠡᠨ ᠵᠠᠰᠠᠬᠤ ᠣᠷᠣᠨ ᠤ ︽ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ︾ ᠤ ᠠᠵᠢᠯ ᠤᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠬᠢᠭᠡᠳ ᠠᠷᠠᠳ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠨᠢ ᠬᠥᠬᠡᠬᠤᠲᠠ ᠳᠤ ︽ᠮᠥᠩᠭᠦᠨ ᠭᠦᠢᠯᠭᠡᠭᠡᠨ ᠢᠶᠠᠷ ᠠᠵᠤ ᠠᠬᠤᠶᠢᠯᠠᠯ ᠢ ᠲᠤᠰᠠᠯᠠᠵᠤ ᠬᠦᠴᠦ ᠪᠠᠨ ᠬᠠᠮᠲᠤᠳᠬᠠᠨ ᠬᠠᠮᠲᠤ ᠪᠠᠷ ᠤᠷᠤᠭᠰᠢᠯᠠᠬᠤ︾ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠬᠠᠮᠲᠤᠷᠠᠨ ᠡᠷᠭᠢᠯᠡᠪᠡ᠃ ᠬᠤᠷᠠᠯ ᠢᠶᠠᠷ ︽ ᠪᠠᠩᠬᠢ ᠶᠢᠨ ᠦᠢᠯᠡᠰ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠠᠴᠠ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠭᠠᠴᠢᠯᠠᠭ᠎ᠠ ᠶᠢᠨ ᠪᠢᠴᠢᠭ︾ ᠢ ᠨᠡᠶᠢᠲᠡᠯᠡᠨ ᠤᠩᠰᠢᠪᠠ᠃ ᠢᠯᠢ ᠪᠦᠯᠦᠭᠯᠡᠯ ᠠᠵᠤ ᠠᠬᠤᠶᠢᠯᠠᠯ ᠢ ᠲᠥᠯᠥᠭᠡᠯᠡᠨ ᠦᠭᠡ ᠶᠠᠷᠢᠵᠤ᠂ ᠪᠦᠬᠦ ᠣᠷᠣᠨ ᠤ ᠮᠥᠩᠭᠦᠨ ᠭᠦᠢᠯᠭᠡᠭᠡᠨ ᠤ 25 ᠪᠠᠶᠢᠭᠤᠯᠤᠮᠵᠢ ᠬᠢᠭᠡᠳ ᠠᠷᠠᠳ ᠠᠴᠠ ᠡᠵᠡᠩᠨᠡᠭᠰᠡᠨ ᠬᠡᠰᠡᠭ ᠠᠵᠤ ᠠᠬᠤᠶᠢᠯᠠᠯ ᠵᠢᠴᠢ ᠬᠤᠳᠠᠯᠳᠤᠭᠠᠴᠢᠨ ᠤ ᠡᠪᠯᠡᠯ ᠵᠢᠴᠢ ᠨᠡᠶᠢᠭᠡᠮᠯᠢᠭ ᠤᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ ᠂ ᠨᠣᠭᠤᠭᠠᠨ ᠮᠥᠩᠭᠦᠨ ᠭᠦᠢᠯᠭᠡᠭᠡ ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠂ ᠳ᠋ᠢᠭᠢᠲ ᠮᠥᠩᠭᠦᠨ ᠭᠦᠢᠯᠭᠡᠭᠡ ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡᠨ ᠤ ᠲᠣᠭᠤᠷᠢᠨ ᠳᠤ ᠪᠡᠯᠡ ᠲᠣᠬᠢᠷᠠᠭᠤᠯᠬᠤ ᠲᠤᠬᠠᠢ ᠬᠡᠯᠡᠯᠴᠡᠭᠡ ᠬᠢᠵᠡᠢ ᠃ ᠲᠤᠬᠠᠢ ᠶᠢᠨ ᠲᠠᠯᠠᠪᠤᠷ ᠲᠤ ᠵᠥᠪᠯᠡᠯᠴᠡᠭᠡᠷ ᠢᠶᠠᠷ ᠲᠣᠬᠢᠷᠠᠯᠴᠠᠭᠰᠠᠨ ᠵᠢᠭᠡᠯᠡᠯᠭᠡ ᠶᠢᠨ ᠬᠡᠷᠡᠭᠴᠡᠭᠡ ᠨᠡᠶᠢᠲᠡ 106 ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠪᠠ ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|