ᠢᠲᠡᠭᠡᠯ ᠵᠣᠷᠢᠭ ᠢᠶᠠᠨ ᠪᠠᠲᠤᠳᠬᠠᠵᠤ ᠴᠢᠨᠠᠷ ᠰᠠᠶᠢᠲᠠᠢ ᠬᠥᠭᠵᠢᠯᠲᠡ ᠥᠨᠳᠥᠷ ᠪᠦᠲᠦᠮᠵᠢᠲᠡᠢ ᠵᠠᠰᠠᠯᠲᠠ ᠶᠢ ᠠᠬᠢᠭᠤᠯᠤᠨ᠎ᠠ — ᠶᠡᠷᠦᠩᠬᠡᠢ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠳᠤ ᠪᠠᠨ ᠲᠠᠯᠪᠢᠭᠰᠠᠨ ᠴᠢᠬᠤᠯᠠ ᠶᠠᠷᠢᠶ᠎ᠠ ᠨᠢ ᠥᠷᠭᠡᠨ ᠣᠯᠠᠨ ᠺᠠᠳ᠋ᠷ ᠣᠯᠠᠨ ᠲᠦᠮᠡᠨ ᠤ ᠲᠡᠷᠢᠭᠦᠨ ᠢ ᠡᠷᠡᠯᠬᠡᠭᠯᠡᠨ ᠲᠡᠮᠡᠴᠡᠬᠦ᠂ ᠵᠠᠮ ᠨᠡᠭᠡᠭᠡᠨ ᠤᠷᠤᠭᠰᠢᠯᠠᠬᠤ ᠶᠢ ᠨᠢ ᠵᠣᠷᠢᠭᠵᠢᠭᠤᠯᠪᠠ
ᠨᠡᠶᠢᠲᠡᠯᠡᠭᠰᠡᠨ ᠴᠠᠭ᠄
2025/5/22

  5 ᠳ᠋ᠤᠭᠠᠷ ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠶᠡᠷᠦᠩᠬᠡᠢ ᠱᠦᠵᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠬᠥᠮᠥᠰ ᠤᠨ ᠰᠡᠳᠬᠢᠯ ᠢ ᠨᠢ ᠵᠣᠷᠢᠭᠵᠢᠭᠤᠯᠤᠨ᠂ ᠬᠦᠴᠦᠨ ᠢ ᠨᠢ ᠨᠢᠭᠲᠠᠷᠠᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠲᠡᠷᠢᠭᠦᠨ ᠢ ᠡᠷᠡᠯᠬᠡᠭᠯᠡᠨ ᠲᠡᠮᠡᠴᠡᠬᠦ᠂ ᠵᠠᠮ ᠨᠡᠭᠡᠭᠡᠨ ᠤᠷᠤᠭᠰᠢᠯᠠᠬᠤ ᠶᠢ ᠨᠢ ᠵᠣᠷᠢᠭᠵᠢᠭᠤᠯᠪᠠ᠃

  ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠨ᠎ᠠ

  ︽ᠪᠢᠳᠡ ᠣᠳᠣ ᠶᠠᠭ ᠳᠡᠯᠡᠬᠡᠢ ᠶᠢᠨ ᠳᠡᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠰᠢᠮᠳᠠᠭᠤᠯᠤᠨ ᠪᠠᠶᠢᠭᠤᠯᠵᠤ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠲᠡ ᠶᠢ ᠦᠷᠭᠦᠯᠵᠢᠯᠡᠨ ᠠᠬᠢᠭᠤᠯᠵᠤ ᠪᠠᠶᠢᠨ᠎ᠠ︾᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠬᠢᠨᠠᠮᠠᠭᠠᠢ ᠰᠣᠷᠣᠯᠴᠠᠭᠠᠳ᠂ ᠾᠧᠨᠠᠨ ᠤ ᠵᠧᠩᠵᠧᠦ ᠶᠢᠨ ᠠᠭᠠᠷ ᠠᠶᠠᠯᠠᠯ ᠤᠨ ᠭᠠᠷᠠᠮ ᠤᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠲᠢᠶᠠᠨ ᠬᠠᠢ ᠲᠤᠤ ᠶᠢᠨ ᠢᠲᠡᠭᠡᠯ ᠵᠣᠷᠢᠭ ᠤᠯᠠᠮ ᠨᠡᠮᠡᠭᠳᠡᠵᠦ᠂ ︽ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ︾ ᠭᠡᠪᠡ᠃

  ᠨᠡᠶᠢᠭᠡᠮ ᠤᠨ ᠵᠠᠰᠠᠯᠲᠠ ᠶᠢ ᠯᠠᠪᠳᠠᠭᠤᠨ ᠪᠠᠲᠤᠲᠠᠢ ᠪᠠᠷ ᠴᠢᠩᠭᠠᠳᠬᠠᠨ᠎ᠠ

  ︽ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠪᠠᠷ ᠬᠥᠭᠵᠢᠵᠦ ᠪᠠᠶᠢᠭ᠎ᠠ ᠬᠦᠷᠢᠶᠡᠨ ᠳᠠᠬᠢ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠢᠨ᠎ᠡ ᠶᠢ ᠡᠭᠦᠳᠬᠦ ᠠᠵᠢᠯᠯᠠᠭ᠎ᠠ᠂ ᠦᠢᠯᠡᠴᠢᠯᠡᠭᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠳᠤ ᠬᠠᠨᠳᠤᠭᠤᠯᠤᠨ ᠬᠦᠴᠦᠯᠡᠵᠦ᠂ ᠰᠢᠨ᠎ᠡ ᠪᠠᠷ ᠬᠥᠭᠵᠢᠵᠦ ᠪᠠᠶᠢᠭ᠎ᠠ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︾᠃ ᠰᠧᠴᠤᠸᠠᠨ ᠤ ᠮᠸᠢᠢᠱᠠᠨ ᠬᠤᠳᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ ᠴᠢᠦᠢ ᠪᠥᠸᠧ ᠬᠡᠯᠡᠬᠦ ᠳᠤ ᠪᠠᠨ᠂ ᠳᠠᠷᠠᠭᠠᠴᠢ ᠶᠢᠨ ᠠᠯᠬᠤᠮ ᠳᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠪᠠᠷ ᠬᠥᠭᠵᠢᠵᠦ ᠪᠠᠶᠢᠭ᠎ᠠ ᠬᠦᠷᠢᠶᠡᠨ ᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠬᠤ ᠳᠤ ᠨᠢ ᠠᠷᠭ᠎ᠠ ᠵᠠᠮ ᠢ ᠨᠢ ᠥᠷᠭᠡᠳᠬᠡᠵᠦ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠣᠨᠣᠯᠵᠢᠬᠤᠨ ᠢ ᠦᠢᠯᠡᠳᠦᠯᠭᠡᠵᠢᠭᠦᠯᠵᠦ᠂ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠤᠨ ᠵᠠᠰᠠᠯᠲᠠ ᠳᠤ ᠢᠳᠡᠪᠬᠢᠲᠡᠢ ᠣᠷᠣᠯᠴᠠᠭᠤᠯᠤᠨ᠎ᠠ ᠭᠡᠪᠡ᠃

  ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ

  ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ  ᠤ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠠᠨ ᠪᠣᠯᠭᠠᠵᠤ᠂ ᠪᠢᠳᠡ ᠡᠭᠦᠷᠭᠡ ᠬᠠᠷᠢᠭᠤᠴᠠᠯᠭ᠎ᠠ ᠪᠠᠨ ᠨᠡᠩ ᠬᠢᠨᠠᠮᠠᠭᠠᠢ ᠭᠦᠢᠴᠡᠳᠬᠡᠵᠦ᠂ ᠠᠵᠢᠯ ᠤᠨ ᠭᠤᠣᠯᠳᠠᠯᠭ᠎ᠠ ᠪᠠᠨ ᠠᠰᠠᠭᠤᠳᠠᠯ ᠰᠢᠢᠳᠪᠦᠷᠢᠯᠡᠬᠦ ᠶᠢ ᠠᠬᠢᠭᠤᠯᠬᠤ ᠳᠤ ᠲᠠᠯᠪᠢᠵᠤ᠂ ᠰᠤᠷᠤᠯᠴᠠᠬᠤ ᠳᠤ ᠪᠠᠨ ᠤᠬᠠᠮᠵᠢ ᠰᠠᠶᠢᠲᠠᠢ᠂ ᠪᠠᠶᠢᠴᠠᠭᠠᠬᠤ ᠳᠤ ᠪᠠᠨ ᠬᠦᠴᠦᠯᠡᠴᠡ ᠲᠠᠢ᠂ ᠥᠭᠡᠷᠡᠴᠢᠯᠡᠬᠦ ᠳᠤ ᠪᠠᠨ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠨ᠎ᠠ︾᠃ ᠴᠧᠩᠳᠦ᠋ ᠬᠤᠲᠠ ᠶᠢᠨ ᠨᠠᠮ ᠤᠨ ᠬᠤᠷᠢᠶᠠᠨ ᠤ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠳᠠᠷᠤᠭ᠎ᠠ ᠭᠠᠨ ᠯᠢ ᠵᠢᠶᠦ᠋ᠨ ᠢᠩᠭᠢᠵᠦ ᠢᠯᠡᠷᠬᠡᠶᠢᠯᠡᠪᠡ᠃

ᠢᠷᠡᠯᠲᠡ᠄ ᠠᠷᠠᠳ ᠤᠨ ᠡᠳᠦᠷ ᠤᠨ ᠰᠣᠨᠢᠨ