︽ᠲᠡᠦᠬᠡ ᠶᠢᠨ ᠬᠠᠷᠠᠭᠠᠰᠤ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠶᠢ ᠴᠥᠮ ᠪᠣᠳᠠᠲᠠᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ︾ — ᠶᠡᠷᠦᠩᠬᠡᠢ ᠱᠦᠵᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠭᠰᠠᠨ ᠲᠤᠬᠠᠢ ᠪᠣᠳᠠᠲᠤ ᠲᠡᠮᠳᠡᠭᠯᠡᠯ ︵ᠨᠢᠭᠡ︶
ᠨᠡᠶᠢᠲᠡᠯᠡᠭᠰᠡᠨ ᠴᠠᠭ᠄
2025/5/22

  ᠳᠠᠯᠠ ᠭᠠᠷᠤᠢ ᠵᠢᠯ ᠤᠨ ᠠᠶᠠᠨ

  ︽ᠡᠨᠡ ᠵᠠᠮ ᠢᠶᠠᠷ ᠵᠠᠮᠨᠠᠭᠰᠠᠨ ᠨᠢ ᠵᠥᠪ ᠪᠠᠶᠢᠨ᠎ᠠ︾

  5 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠯᠥᠸᠧᠶᠠᠩ ᠤᠨ ᠬᠤᠯᠬᠤᠪᠴᠢ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠰᠢᠨᠵᠢᠯᠡᠨ ᠪᠠᠶᠢᠴᠠᠭᠠᠯᠲᠠ ᠬᠢᠪᠡ᠃

  ᠲᠤᠰ ᠺᠣᠮᠫᠠᠨᠢ ᠪᠣᠯ ︽ᠠᠩᠬᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠠᠶᠢᠭᠤᠯᠤᠭᠳᠠᠭᠰᠠᠨ ᠤᠤᠯ ᠤᠨ ᠯᠥᠸᠧᠶᠠᠩ ᠤᠨ ᠬᠤᠯᠬᠤᠪᠴᠢ ᠶᠢᠨ ᠦᠢᠯᠡᠳᠪᠦᠷᠢ ᠪᠠᠶᠢᠵᠠᠢ᠃ 1954 ᠣᠨ ᠳᠤ᠂ ᠲᠠᠷᠢᠶᠠᠨ ᠭᠠᠵᠠᠷ ᠲᠤ᠂ ᠯᠦᠸᠧᠶᠠᠩ ᠤᠨ ᠬᠤᠯᠬᠤᠪᠴᠢ ᠶᠢᠨ ᠦᠢᠯᠡᠳᠪᠦᠷᠢ ᠨᠢ ᠠᠩᠬᠠᠨ ᠤ ᠰᠢᠨᠵᠢᠯᠲᠡ ᠶᠢᠨ ᠲᠡᠮᠳᠡᠭ ᠢᠶᠠᠨ ᠪᠣᠰᠬᠠᠪᠠ᠃ ᠲᠡᠷᠡ ᠨᠢ ᠰᠢᠨ᠎ᠡ ᠳᠤᠮᠳᠠᠳᠤ ᠤᠯᠤᠰ ᠤᠨ ᠠᠵᠤ ᠦᠢᠯᠡᠳᠪᠦᠷᠢᠵᠢᠯᠲᠡ ᠶᠢᠨ ᠬᠦᠰᠡᠯ ᠲᠡᠶᠢᠰᠢ ᠤᠷᠤᠭᠰᠢᠯᠠᠭᠰᠠᠨ ᠤ ᠬᠠᠮᠤᠭ ᠤᠨ ᠠᠩᠬᠠᠨ ᠤ ᠦᠶ᠎ᠡ ᠭᠡᠵᠦ ᠬᠡᠯᠡᠵᠦ ᠪᠣᠯᠣᠨ᠎ᠠ᠃ ︽ᠠᠩᠬᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠤᠯᠤᠰ ᠤᠨ ᠭᠤᠣᠯᠳᠠᠯᠭ᠎ᠠ ᠪᠣᠯᠬᠤ 156 ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ 7 ᠨᠢ ᠯᠥᠸᠧᠶᠠᠩ ᠳᠤ ᠪᠠᠶᠢᠷᠢᠯᠠᠵᠤ᠂ ᠯᠥᠸᠧᠶᠠᠩ ᠤᠨ ᠬᠤᠯᠬᠤᠪᠴᠢ ᠶᠢᠨ ᠦᠢᠯᠡᠳᠪᠦᠷᠢ ᠠᠴᠠ ᠭᠠᠳᠠᠨ᠎ᠠ ᠪᠠᠰᠠ ᠠᠭᠤᠷᠬᠠᠢ ᠶᠢᠨ ᠮᠧᠬᠠᠨᠢᠭ ᠤᠨ ᠦᠢᠯᠡᠳᠪᠦᠷᠢ᠂ ᠭᠠᠯ ᠳᠤ ᠳᠠᠭᠠᠭᠠᠮᠠᠭᠠᠢ ᠮᠠᠲ᠋ᠧᠷᠢᠶᠠᠯ ᠤᠨ ᠦᠢᠯᠡᠳᠪᠦᠷᠢ᠂ ᠲᠷᠠᠺᠲ᠋ᠣᠷ ᠤᠨ ᠦᠢᠯᠡᠳᠪᠦᠷᠢ ᠵᠡᠷᠭᠡ ᠪᠠᠶᠢᠪᠠ᠃ ᠶᠡᠷᠦᠩᠬᠡᠢ ᠱᠦᠵᠢ ᠡᠳᠡᠭᠡᠷ ᠢ ᠲᠣᠪ ᠲᠣᠳᠣᠷᠬᠠᠢ ᠮᠡᠳᠡᠵᠦ ᠪᠠᠶᠢᠨ᠎ᠠ᠃

  ᠡᠳᠡᠭᠡᠷ ᠠᠵᠤ ᠠᠬᠤᠶᠢᠯᠠᠯ ᠤᠳ ᠨᠢ ᠪᠦᠬᠦᠳᠡ ᠨᠠᠶᠢᠷᠠᠮᠳᠠᠬᠤ ᠤᠯᠤᠰ ᠤᠨ ᠬᠥᠭᠵᠢᠯᠲᠡ ᠶᠢᠨ ᠵᠠᠮ ᠢ ᠲᠠᠭᠠᠨ ᠤᠷᠤᠭᠰᠢᠯᠠᠵᠤ᠂ ᠬᠡᠷᠡᠯ ᠰᠠᠴᠤᠷᠠᠩᠭᠤᠢ ᠠᠮᠵᠢᠯᠲᠠ ᠶᠢ ᠴᠤ ᠣᠯᠵᠤ ᠥᠩᠭᠡᠷᠡᠪᠡ᠂ ᠪᠦᠳᠦᠷᠢᠵᠦ ᠴᠦ ᠥᠩᠭᠡᠷᠡᠪᠡ᠂ ᠪᠠᠰᠠ ᠬᠡᠳᠦᠨᠲᠡ ᠬᠠᠶᠢᠨ ᠰᠦᠪᠡᠭᠴᠢᠯᠡᠯ ᠬᠢᠵᠦ ᠴᠦ ᠥᠩᠭᠡᠷᠡᠯ᠎ᠡ᠃ ᠬᠤᠯᠬᠤᠪᠴᠢ ᠪᠣᠯ ᠠᠵᠤ ᠦᠢᠯᠡᠳᠪᠦᠷᠢ ᠶᠢᠨ ︽ᠦᠶ᠎ᠡ ᠭᠡᠰᠢᠭᠦᠦ︾ ᠮᠥᠨ᠃ ︽ᠦᠨᠳᠦᠰᠦᠲᠡᠨ ᠤ ᠠᠵᠤ ᠦᠢᠯᠡᠳᠪᠦᠷᠢ ᠳᠠᠬᠢ ᠬᠤᠯᠬᠤᠪᠴᠢ ᠶᠢᠨ ᠠᠵᠤ ᠦᠢᠯᠡᠳᠪᠦᠷᠢ ᠶᠢᠨ ᠨᠢᠷᠤᠭᠤ ᠶᠢ ᠭᠡᠳᠡᠶᠢᠯᠭᠡᠨ᠎ᠡ︾ ᠭᠡᠰᠡᠨ ᠯᠥᠸᠧᠶᠠᠩ ᠤᠨ ᠬᠤᠯᠬᠤᠪᠴᠢ ᠶᠢᠨ ᠦᠢᠯᠡᠳᠪᠦᠷᠢ ᠶᠢᠨ ᠲᠠᠩᠭᠠᠷᠢᠭ ᠲᠤ ᠡᠷᠡᠯᠬᠡᠭᠯᠡᠨ ᠲᠡᠮᠡᠴᠡᠬᠦ ᠪᠠ ᠠᠤᠭ᠎ᠠ ᠵᠣᠷᠢᠭ ᠰᠡᠶᠢᠯᠦᠭᠡᠰᠦᠲᠡᠢ᠃

  ᠲᠡᠦᠬᠡ ᠶᠢᠨ ᠬᠤᠪᠢᠰᠤᠯᠲᠠ᠂ ᠣᠯᠠᠨ ᠤᠯᠤᠰ ᠤᠨ ᠬᠤᠭᠤᠷᠣᠨᠳᠣᠬᠢ ᠬᠠᠷᠢᠴᠠᠭᠤᠯᠤᠯ ᠨᠢ ᠨᠢᠭᠡᠨ ᠳ᠋ᠦᠩᠨᠡᠯᠲᠡ ᠶᠢ ᠮᠠᠰᠢ ᠲᠣᠳᠣᠷᠬᠠᠢ ᠪᠣᠯᠭᠠᠵᠠᠢ᠃ ᠶᠡᠷᠦᠩᠬᠡᠢ ᠱᠦᠵᠢ᠄ ︽ᠪᠢᠳᠡ ᠪᠡᠶ᠎ᠡ ᠪᠠᠨ ᠳᠠᠭᠠᠭᠠᠵᠤ ᠠᠵᠤ ᠦᠢᠯᠡᠰ ᠢ ᠬᠥᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠥᠪᠡᠷ ᠤᠨ ᠬᠦᠴᠦᠨ ᠳᠤ ᠪᠠᠨ ᠲᠦᠰᠢᠭᠯᠡᠨ ᠠᠵᠤ ᠦᠢᠯᠡᠳᠪᠦᠷᠢ᠂ ᠦᠢᠯᠡᠳᠬᠦ ᠦᠢᠯᠡᠰ ᠢ ᠬᠥᠭᠵᠢᠭᠦᠯᠪᠡ᠂ ᠡᠨᠡ ᠵᠠᠮ ᠢᠶᠠᠷ ᠵᠠᠮᠨᠠᠭᠰᠠᠨ ᠨᠢ ᠵᠥᠪ ᠪᠠᠶᠢᠨ᠎ᠠ︕︾ ᠭᠡᠵᠦ ᠡᠷᠡᠰ ᠪᠠᠲᠤ ᠬᠡᠯᠡᠪᠡ᠃

   ᠡᠨᠡ ᠬᠦ ᠵᠠᠮ ᠶᠠᠪᠤᠬᠤ ᠲᠤᠳᠤᠮ ᠢᠶᠠᠨ ᠥᠷᠭᠡᠵᠢᠵᠦ᠂ ᠶᠠᠪᠤᠬᠤ ᠲᠤᠳᠤᠮ ᠢᠶᠠᠨ ᠪᠠᠲᠤᠵᠢᠪᠠ᠃

  ᠳᠤᠮᠳᠠᠳᠤ ᠤᠯᠤᠰ ᠦᠢᠯᠡᠳᠬᠦ ᠦᠢᠯᠡᠰ ᠢ ᠬᠥᠭᠵᠢᠭᠦᠯᠬᠦ ᠶᠢ ᠪᠠᠷᠢᠮᠲᠠᠯᠠᠬᠤ ᠡᠰᠡᠬᠦ ᠭᠡᠬᠦ ᠡᠨᠡ ᠬᠦ ᠠᠰᠠᠭᠤᠳᠠᠯ ᠳᠤ᠂ ᠨᠠᠮ ᠤᠨ ᠲᠥᠪ ᠬᠤᠷᠢᠶᠠᠨ ᠤ ᠣᠪᠣᠷ ᠡᠷᠡᠰ ᠪᠠᠲᠤ ᠪᠠᠶᠢᠵᠤ᠂ ︽ᠳᠤᠮᠳᠠᠳᠤ ᠤᠯᠤᠰ ᠲᠤ ᠬᠡᠵᠢᠶ᠎ᠡ ᠴᠦ ᠭᠡᠰᠡᠨ ᠦᠢᠯᠡᠳᠬᠦ ᠦᠢᠯᠡᠰ ᠳᠤᠲᠠᠭᠳᠠᠵᠤ ᠪᠣᠯᠬᠤ ᠦᠭᠡᠢ︾᠃ ᠪᠠᠶᠢᠯᠳᠤᠬᠤ ᠪᠣᠳᠣᠯᠭ᠎ᠠ ᠶᠢᠨ ᠭᠠᠷᠮᠠᠭᠠᠢ ᠬᠠᠷᠠᠴᠠ ᠨᠢ 14 ᠳ᠋ᠦᠩᠰᠢᠭᠤᠷ ᠭᠠᠷᠤᠢ ᠬᠥᠮᠥᠨ ᠠᠮᠠ ᠲᠠᠢ ᠲᠣᠮᠣ ᠤᠯᠤᠰ ᠢ ᠬᠥᠲᠥᠯᠥᠨ ᠳᠠᠭᠠᠭᠤᠯᠵᠤ ᠤᠷᠳᠤ ᠬᠤᠭᠤᠴᠠᠭ᠎ᠠ ᠪᠠᠷ ᠪᠠᠶᠢᠷᠢᠰᠢᠭᠤᠯᠤᠨ ᠬᠦᠴᠦᠯᠡᠭᠰᠡᠨ ᠤ ᠡᠷᠴᠢᠮ ᠳᠡᠭᠡᠷ᠎ᠡ ︽ᠤᠯᠤᠰ ᠢᠶᠠᠨ ᠲᠣᠭᠲᠠᠨᠢᠭᠤᠯᠬᠤ ᠶᠢᠨ ᠦᠨᠳᠦᠰᠦ᠂ ᠤᠯᠤᠰ ᠢᠶᠠᠨ ᠬᠦᠴᠦᠷᠬᠡᠭᠵᠢᠭᠦᠯᠬᠦ ᠶᠢᠨ ᠰᠠᠭᠤᠷᠢ︾ ᠶᠢ ᠠᠯᠬᠤᠮ ᠠᠯᠬᠤᠮ ᠢᠶᠠᠷ ᠪᠠᠬᠢᠵᠢᠭᠦᠯᠪᠡ᠃

  ᠤᠯᠤᠰ ᠠᠷᠠᠳ ᠤᠨ ᠠᠵᠤ ᠠᠬᠤᠢ ᠶᠢᠨ ᠴᠢᠬᠤᠯᠠ ᠲᠤᠯᠭᠠᠭᠤᠷᠢ ᠪᠣᠯᠤᠭᠰᠠᠨ ᠤ ᠬᠤᠪᠢ ᠳᠤ᠂ ᠦᠢᠯᠡᠳᠬᠦ ᠦᠢᠯᠡᠰ ᠤᠨ ᠦᠰᠦᠷᠦᠯᠲᠡ ᠨᠢ ᠶᠠᠭᠤᠨ ᠳᠤ ᠲᠦᠰᠢᠭᠯᠡᠳᠡᠭ ᠪᠤᠢ︖

  ᠨᠢᠭᠡ ᠬᠠᠷᠢᠭᠤᠯᠲᠠ ᠨᠢ ᠭᠡᠪᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠷᠴᠢᠮᠵᠢᠭᠦᠯᠬᠦ ᠶᠠᠪᠤᠳᠠᠯ ᠪᠣᠯᠣᠨ᠎ᠠ᠃

  ᠠᠶᠠᠨ ᠵᠠᠮ ᠳᠠᠭᠤᠰᠤᠰᠢ ᠦᠭᠡᠢ᠃ ᠰᠢᠨ᠎ᠡ ᠶᠢ ᠡᠭᠦᠳᠬᠦ ᠬᠡᠯᠬᠢᠶ᠎ᠡ ᠪᠠ ᠠᠵᠤ ᠦᠢᠯᠡᠰ ᠤᠨ ᠬᠡᠯᠬᠢᠶ᠎ᠡ ᠶᠢ ᠵᠣᠯᠭᠠᠭᠤᠯᠬᠤ ᠳᠤ᠂ ︽ᠦᠢᠯᠡᠳᠴᠦ ᠳᠡᠶᠢᠯᠬᠦ︾ ᠠᠴᠠ ︽ᠨᠠᠷᠢᠯᠢᠭ ᠦᠢᠯᠡᠳᠬᠦ︾ ᠬᠦᠷᠲᠡᠯ᠎ᠡ᠂ ︽ᠶᠡᠭᠡ︾ ᠪᠠᠶᠢᠭᠰᠠᠨ ᠠᠴᠠ ᠨᠢ ︽ᠬᠦᠴᠦᠷᠬᠡᠭ︾ ᠪᠣᠯᠭᠠᠨ ᠬᠤᠪᠢᠷᠠᠭᠤᠯᠬᠤ ᠬᠦᠷᠲᠡᠯ᠎ᠡ᠂ ᠠᠯᠬᠤᠮ ᠪᠦᠷᠢ ᠳᠤ ᠴᠥᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠠᠶᠢᠬᠤ ᠶᠤᠮ᠃

  ᠡᠭᠦᠨ ᠤ ᠲᠤᠬᠠᠢ ᠶᠡᠷᠦᠩᠬᠡᠢ ᠱᠦᠵᠢ ᠰᠢ ᠶᠢᠨ ᠫᠢᠩ ᠮᠠᠰᠢ ᠭᠦᠨ ᠲᠥᠷᠥᠭᠳᠡᠯ ᠲᠠᠢ ᠪᠢᠯᠡ᠃

  ︽ᠣᠳᠣ ᠦᠶ᠎ᠡ ᠶᠢᠨ ᠦᠢᠯᠡᠳᠬᠦ ᠦᠢᠯᠡᠰ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠷᠴᠢᠮᠵᠢᠭᠦᠯᠬᠦ ᠠᠴᠠ ᠰᠠᠯᠵᠤ ᠴᠢᠳᠠᠬᠤ ᠦᠭᠡᠢ᠂ ᠮᠡᠷᠭᠡᠵᠢᠯ ᠤᠨ ᠰᠢᠪᠲᠤᠯᠤᠯᠲᠠ ᠶᠢ ᠶᠡᠭᠡ ᠪᠠᠷ ᠴᠢᠩᠭᠠᠳᠬᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ︾ ᠭᠡᠬᠦ ᠦᠭᠡ ᠨᠢ ᠪᠢᠳᠡᠨ ᠳᠤ ᠴᠢᠭᠯᠡᠯ ᠢ ᠵᠢᠭᠠᠵᠤ ᠥᠭᠴᠦ ᠪᠠᠶᠢᠨ᠎ᠠ᠃

  ᠰᠢᠨ᠎ᠡ ᠶᠢ ᠡᠭᠦᠳᠬᠦ ᠳᠤ ᠰᠠᠭᠠᠳ ᠲᠣᠳᠬᠠᠷ᠂ ᠲᠤᠬᠰᠢᠨ ᠤᠷᠤᠰᠬᠠᠯ᠂ ᠠᠶᠤᠯ ᠲᠦᠭᠰᠢᠭᠦᠷᠢ ᠳᠤ ᠤᠴᠠᠷᠠᠬᠤ ᠨᠢ ᠵᠠᠶᠢᠯᠠᠰᠢ ᠦᠭᠡᠢ ᠶᠤᠮ᠃ ᠭᠠᠭᠴᠠ ᠬᠦ ᠴᠢᠭᠯᠡᠯ ᠢᠶᠠᠨ ᠵᠥᠪ ᠲᠠᠨᠢᠵᠤ᠂ ᠴᠤᠴᠠᠯᠲᠠ ᠦᠭᠡᠢ ᠤᠷᠤᠭᠰᠢᠯᠠᠬᠤ ᠡᠷᠡᠯᠬᠡᠭ ᠵᠣᠷᠢᠭ᠂ ᠨᠤᠭᠤᠷᠠᠯ ᠳᠤ ᠤᠴᠠᠷᠠᠬᠤ ᠲᠤᠳᠤᠮ ᠢᠶᠠᠨ ᠵᠣᠷᠢᠭᠯᠠᠬᠤ ᠪᠠᠨ ᠪᠠᠷᠢᠮᠲᠠᠯᠠᠪᠠᠯ ᠰᠠᠶ᠋ᠢ ᠰᠠᠯᠬᠢ ᠳᠠᠪᠠᠯᠭᠠᠨ ᠢ ᠰᠥᠷᠦᠨ ᠤᠷᠤᠭᠰᠢᠯᠠᠵᠤ ᠴᠢᠳᠠᠨ᠎ᠠ᠃

  ᠡᠨᠡ ᠨᠢ ᠮᠥᠨ ᠴᠦ ᠳᠤᠮᠳᠠᠳᠤ ᠤᠯᠤᠰ ᠤᠨ ᠶᠠᠪᠤᠵᠤ ᠥᠩᠭᠡᠷᠡᠭᠰᠡᠨ ᠵᠠᠮ ᠪᠣᠯᠣᠨ᠎ᠠ᠃

  ᠪᠠᠰᠠ ᠨᠢᠭᠡ ᠬᠠᠷᠢᠭᠤᠯᠲᠠ ᠨᠢ ᠭᠡᠪᠡᠯ᠂ ᠴᠢᠳᠠᠪᠤᠷᠢᠲᠠᠨ ᠤ ᠲᠤᠯᠭᠠᠭᠤᠷᠢᠯᠠᠯ ᠪᠣᠯᠣᠨ᠎ᠠ᠃

  ᠯᠦᠸᠧᠶᠠᠩ ᠤᠨ ᠬᠤᠯᠬᠤᠪᠴᠢ ᠶᠢᠨ ᠦᠢᠯᠡᠳᠪᠦᠷᠢ ᠶᠢᠨ ᠬᠠᠷᠢᠭᠤᠴᠠᠯᠭᠠᠲᠠᠨ ᠬᠠᠷᠢᠭᠤ ᠮᠡᠳᠡᠭᠦᠯᠬᠦ ᠳᠤ ᠪᠠᠨ᠂ ᠲᠤᠬᠠᠢ ᠶᠢᠨ ᠭᠠᠵᠠᠷ ᠤᠨ ︽ᠨᠢᠭᠡ ᠦᠢᠯᠡᠳᠪᠦᠷᠢ ᠨᠢᠭᠡ ᠭᠠᠵᠠᠷ ᠨᠢᠭᠡ ᠰᠤᠷᠭᠠᠭᠤᠯᠢ ᠨᠢᠭᠡ ᠬᠦᠷᠢᠶᠡᠯᠡᠩ︾ ᠤᠨ ᠬᠡᠪ ᠵᠠᠭᠪᠤᠷ ᠨᠢ ᠬᠤᠯᠬᠤᠪᠴᠢ ᠶᠢᠨ ᠠᠵᠢᠯ ᠲᠥᠷᠥᠯ ᠤᠨ ᠬᠥᠭᠵᠢᠯᠲᠡ ᠶᠢ ᠬᠦᠴᠦᠲᠡᠢ ᠠᠬᠢᠭᠤᠯᠤᠭᠰᠠᠨ ᠪᠠᠶᠢᠨ᠎ᠠ ᠭᠡᠵᠡᠢ᠂ ᠶᠡᠷᠦᠩᠬᠡᠢ ᠱᠦᠵᠢ ᠡᠭᠦᠨ ᠤ ᠲᠤᠬᠠᠢ᠄ ︽ᠠᠳᠡ ᠬᠤᠯᠬᠤᠪᠴᠢ ᠶᠢᠨ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠬᠢ ᠠᠮᠢ ᠠᠬᠤᠢ ᠰᠠᠶᠢᠨ ᠪᠠᠶᠢᠳᠠᠭ ᠨᠢ ᠳᠠᠷᠤᠢ ᠦᠢᠯᠡᠳᠪᠦᠷᠢᠯᠡᠯ ᠵᠢᠭᠠᠯᠲᠠ ᠰᠤᠷᠭᠠᠯᠲᠠ ᠰᠤᠳᠤᠯᠤᠯ ᠢ ᠨᠢᠭᠡ ᠴᠣᠭᠴᠠᠵᠢᠭᠤᠯᠤᠭᠰᠠᠨ ᠳᠤ ᠪᠠᠶᠢᠨ᠎ᠠ︾ ᠭᠡᠵᠦ ᠨᠤᠲᠠᠯᠠᠪᠠ᠃

  ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠦᠰᠢᠭ ᠲᠤᠯᠭᠠᠭᠤᠷᠢ ᠮᠥᠨ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ︽ᠲᠣᠭᠲᠠᠭᠠᠯ︾ ᠳᠤ ︽ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ᠎ᠠ︾ ᠭᠡᠵᠦ ᠳᠤᠷᠠᠳᠪᠠ᠃ ᠰᠠᠭᠠᠳ ᠲᠣᠳᠬᠠᠷ ᠢ ᠤᠯᠠᠮ ᠨᠢᠭᠡ ᠠᠯᠬᠤᠮ ᠡᠪᠳᠡᠵᠦ᠂ ᠬᠠᠮᠵᠢᠯᠴᠠᠨ ᠬᠤᠪᠢᠰᠬᠠᠬᠤ ᠶᠢ ᠠᠬᠢᠭᠤᠯᠵᠤ᠂ ᠡᠯ᠎ᠡ ᠭᠠᠵᠠᠷ ᠤᠨ ᠬᠢᠨ ᠬᠦᠷ ᠬᠥᠭᠵᠢᠶᠡᠨ ᠲᠠᠢ ᠠᠬᠢᠭᠤᠯᠵᠤ ᠪᠣᠢ᠃

ᠢᠷᠡᠯᠲᠡ᠄ ᠠᠷᠠᠳ ᠤᠨ ᠡᠳᠦᠷ ᠤᠨ ᠰᠣᠨᠢᠨ