ᠬᠥᠬᠡᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠨᠤᠭᠤᠳ ᠤᠨ ᠵᠤᠨ ᠤ ᠠᠮᠠᠷᠠᠯᠲᠠ ᠶᠢᠨ ᠴᠢᠯᠦᠭᠡ ᠲᠠᠯᠪᠢᠬᠤ ᠴᠠᠭ ᠨᠢᠭᠡᠨᠲᠡ ᠳᠣᠭᠲᠠᠪᠠ︕
ᠨᠡᠶᠢᠲᠡᠯᠡᠭᠰᠡᠨ ᠴᠠᠭ᠄
2025/5/22

5 ᠳ᠋ᠤᠭᠠᠷ ᠰᠠᠷ᠎ᠠ ᠶᠢᠨ 21 ᠤ ᠡᠳᠦᠷ᠂ ᠬᠥᠬᠡᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠨᠤᠭᠤᠳ ᠤᠨ ᠵᠣᠨ ᠤ ᠠᠮᠠᠷᠠᠯᠲᠠ ᠶᠢᠨ ᠴᠢᠯᠦᠭᠡ ᠲᠠᠯᠪᠢᠬᠤ ᠴᠠᠭ ᠢ ᠨᠡᠶᠢᠲᠡᠯᠡᠪᠡ᠃ ᠡᠭᠦᠨ ᠳᠤ᠂ ᠬᠡᠦᠬᠡᠳ ᠤᠨ ᠴᠡᠴᠡᠷᠯᠢᠭ ᠵᠢᠴᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠴᠢᠯᠦᠭᠡ ᠲᠠᠯᠪᠢᠬᠤ ᠴᠠᠭ ᠨᠢ 2025 ᠣᠨ ᠤ 7 ᠳ᠋ᠤᠭᠠᠷ ᠰᠠᠷ᠎ᠠ ᠶᠢᠨ 13 ᠤ ᠡᠳᠦᠷ ᠠᠴᠠ 8 ᠳ᠋ᠤᠭᠠᠷ ᠰᠠᠷ᠎ᠠ ᠶᠢᠨ 31 ᠤ ᠡᠳᠦᠷ︔ ᠥᠨᠳᠥᠷ ᠳᠤᠮᠳᠠᠳᠤ ᠶᠢᠨ ᠨᠢᠭᠡᠳᠦᠭᠡᠷ ᠣᠨ ᠤ ᠴᠢᠯᠦᠭᠡ ᠲᠠᠯᠪᠢᠬᠤ ᠴᠠᠭ ᠨᠢ 2025 ᠣᠨ ᠤ 7 ᠳ᠋ᠤᠭᠠᠷ ᠰᠠᠷ᠎ᠠ ᠶᠢᠨ 20 ᠤ ᠡᠳᠦᠷ ᠠᠴᠠ 8 ᠳ᠋ᠤᠭᠠᠷ ᠰᠠᠷ᠎ᠠ ᠶᠢᠨ 31 ᠤ ᠡᠳᠦᠷ︔ ᠥᠨᠳᠥᠷ ᠳᠤᠮᠳᠠᠳᠤ ᠶᠢᠨ ᠬᠤᠶᠠᠳᠤᠭᠠᠷ ᠣᠨ ᠤ ᠴᠢᠯᠦᠭᠡ ᠲᠠᠯᠪᠢᠬᠤ ᠴᠠᠭ ᠨᠢ 2025 ᠣᠨ ᠤ 7 ᠳ᠋ᠤᠭᠠᠷ ᠰᠠᠷ᠎ᠠ ᠶᠢᠨ 20 ᠤ ᠡᠳᠦᠷ ᠠᠴᠠ 8 ᠳ᠋ᠤᠭᠠᠷ ᠰᠠᠷ᠎ᠠ ᠶᠢᠨ 10 ᠤ ᠡᠳᠦᠷ ᠪᠣᠯᠣᠨ᠎ᠠ᠃

 


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ