2025 ᠣᠷᠳᠣᠰ ᠤᠨ ᠭᠤᠴᠢᠳᠤᠭᠠᠷ ᠬᠤᠭᠤᠴᠠᠭᠠᠨ ᠤ ᠣᠯᠠᠨ ᠤᠯᠤᠰ ᠤᠨ ᠮᠠᠰᠢᠨ ᠲᠡᠷᠭᠡᠨ ᠤ ᠦᠵᠡᠭᠦᠯᠭᠡ 5 ᠳ᠋ᠦᠩᠰᠢᠭᠤᠷ ᠲᠦᠭᠦᠷᠢᠭ ᠤᠨ ᠬᠡᠷᠡᠭᠯᠡᠭᠡ ᠪᠠᠷ ᠣᠷᠣᠨ ᠪᠦᠰᠡ ᠶᠢᠨ ᠠᠵᠤ ᠠᠬᠤᠶ ᠶᠢᠨ ᠰᠢᠨ᠎ᠡ ᠨᠡᠮᠡᠭᠳᠡᠯ ᠤᠨ ᠲᠦᠢᠯ ᠢ ᠬᠥᠭᠵᠢᠭᠡᠪᠡ
ᠨᠡᠶᠢᠲᠡᠯᠡᠭᠰᠡᠨ ᠴᠠᠭ᠄
2025/5/22

      5 ᠳ᠋ᠤᠭᠠᠷ ᠰᠠᠷ᠎ᠠ ᠶᠢᠨ 15 ᠤ ᠡᠳᠦᠷ ᠠᠴᠠ 19 ᠤ ᠡᠳᠦᠷ ᠪᠣᠯᠲᠠᠯ᠎ᠠ᠂ ᠣᠷᠳᠣᠰ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ 2025 ᠣᠷᠳᠣᠰ ᠤᠨ ᠭᠤᠴᠢᠳᠤᠭᠠᠷ ᠬᠤᠭᠤᠴᠠᠭᠠᠨ ᠤ ᠣᠯᠠᠨ ᠤᠯᠤᠰ ᠤᠨ ᠮᠠᠰᠢᠨ ᠲᠡᠷᠭᠡᠨ ᠤ ᠦᠵᠡᠭᠦᠯᠭᠡ ᠠᠮᠵᠢᠯᠲᠠ ᠲᠠᠢ ᠶᠠᠪᠤᠭᠳᠠᠪᠠ᠃ ᠦᠵᠡᠰᠬᠦᠯᠡᠩ ᠢᠶᠠᠷ ᠮᠠᠰᠢᠨ ᠲᠡᠷᠭᠡᠨ ᠤ ᠦᠵᠡᠭᠦᠯᠭᠡ ᠶᠢ ᠰᠣᠨᠢᠷᠬᠠᠵᠤ ᠦᠵᠡᠭᠰᠡᠳ ᠨᠡᠶᠢᠲᠡ 7 ᠲᠦᠮᠡᠨ ᠬᠥᠮᠦᠨ ᠤᠳᠠᠭ᠎ᠠ ᠪᠠᠶᠢᠵᠤ᠂ ᠭᠠᠷᠠᠭ ᠤᠨ ᠰᠡᠭᠦᠯᠴᠢ ᠶᠢᠨ ᠠᠮᠠᠷᠠᠯᠲᠠ ᠪᠠᠷ ᠰᠣᠨᠢᠷᠬᠠᠵᠤ ᠦᠵᠡᠭᠰᠡᠳ ᠤᠯᠠᠮ ᠴᠤ ᠣᠷᠭᠢᠯ ᠳᠤ ᠬᠦᠷᠦᠭᠰᠡᠨ ᠪᠠᠶᠢᠨ᠎ᠠ᠂ ᠲᠤᠰ ᠤᠳᠠᠭᠠᠨ ᠤ ᠦᠵᠡᠭᠦᠯᠭᠡ ᠪᠠᠷ ᠨᠡᠶᠢᠲᠡ 2620 ᠰᠢᠨ᠎ᠡ ᠮᠠᠰᠢᠨ ᠲᠡᠷᠭᠡ ᠪᠣᠷᠣᠯᠠᠭᠤᠯᠵᠤ᠂ ᠪᠣᠷᠤᠯᠠᠭᠤᠯᠭ᠎ᠠ ᠶᠢᠨ ᠬᠡᠮᠵᠢᠶ᠎ᠡ ᠨᠢ 5 ᠳ᠋ᠦᠩᠰᠢᠭᠤᠷ ᠲᠥᠭᠦᠷᠢᠭ ᠢ ᠳᠠᠪᠠᠪᠠ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠯᠡᠬᠦ ᠬᠠᠷᠢᠴᠠᠯ ᠨᠢ 70% ᠳᠤ ᠬᠦᠷᠴᠦ᠂ ᠪᠣᠷᠤᠯᠠᠭᠤᠯᠤᠭᠰᠠᠨ ᠵᠣᠭᠤᠰ ᠤᠨ ᠲᠤᠭ᠎ᠠ 4 ᠳ᠋ᠦᠩᠰᠢᠭᠤᠷ ᠲᠥᠭᠦᠷᠢᠭ ᠰᠢᠬᠠᠮ ᠳᠤ ᠬᠦᠷᠪᠡ᠃

      ᠲᠣᠰ ᠬᠤᠭᠤᠴᠠᠭᠠᠨ ᠤ ᠮᠠᠰᠢᠨ ᠲᠡᠷᠭᠡᠨ ᠤ ᠦᠵᠡᠭᠦᠯᠭᠡ ᠨᠢ ︽ᠪᠠᠷᠢᠮᠵᠢᠶ᠎ᠠ ᠪᠠᠷ ᠥᠨᠳᠥᠷ᠂ ᠪᠡᠶᠡᠴᠢᠯᠡᠨ ᠣᠶᠢᠯᠠᠭᠠᠯᠲᠠ ᠰᠠᠶᠢᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠪᠠᠷ ᠬᠢᠯᠠᠰ ᠴᠡᠭ ᠪᠣᠯᠭᠠᠵᠤ᠂ ᠦᠵᠡᠭᠦᠯᠭᠡ ᠶᠢᠨ 5 ᠶᠡᠭᠡ ᠣᠷᠳᠣᠨ ᠳᠤ ᠵᠠᠭᠤ ᠰᠢᠬᠠᠮ ᠨᠠᠷᠠᠲᠤ ᠲᠡᠮᠳᠡᠭᠲᠦ ᠮᠠᠰᠢᠨ ᠲᠡᠷᠭᠡ᠂ ᠮᠢᠩᠭ᠎ᠠ ᠭᠠᠷᠤᠶ ᠶᠠᠩᠵᠤ ᠬᠡᠯᠪᠡᠷᠢ ᠶᠢᠨ ᠮᠠᠰᠢᠨ ᠲᠡᠷᠭᠡ ᠬᠡᠯᠪᠡᠷᠢ ᠶᠢ ᠪᠠᠶᠢᠷᠢᠯᠠᠭᠤᠯᠪᠠ᠂ ᠲᠡᠳᠡᠭᠡᠷ ᠨᠢ ᠤᠯᠤᠰ ᠲᠤ ᠪᠠᠨ ᠦᠢᠯᠡᠳᠪᠦᠷᠢᠯᠡᠭᠰᠡᠨ᠂ ᠪᠠᠯᠠ ᠨᠡᠶᠢᠯᠡᠭᠦᠯᠦᠭᠰᠡᠨ᠂ ᠭᠠᠳᠠᠭᠠᠳᠤ ᠠᠴᠠ ᠣᠷᠣᠭᠤᠯᠤᠭᠰᠠᠨ ᠪᠥᠬᠦ ᠲᠥᠷᠥᠯ ᠤᠨ ᠮᠠᠰᠢᠨ ᠲᠡᠷᠭᠡ ᠪᠠᠶᠢᠬᠤ ᠪᠥᠭᠡᠳ᠂ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠲᠡᠷᠭᠡ ᠬᠤᠳᠠᠯᠳᠤᠨ ᠠᠪᠬᠤ ᠲᠠᠪᠴᠠᠩ ᠢ ᠪᠣᠶ ᠪᠣᠯᠭᠠᠪᠠ᠃ ᠰᠢᠨ᠎ᠡ ᠡᠨᠧᠷᠭᠢ ᠵᠢᠴᠢ ᠣᠶᠣᠨᠴᠢ ᠰᠦᠯᠵᠢᠶᠡᠨ ᠬᠤᠯᠪᠣᠯᠳᠠᠲᠤ ᠰᠢᠨ᠎ᠡ ᠡᠨᠧᠷᠬᠢ ᠶᠢᠨ ᠮᠠᠰᠢᠨ ᠲᠡᠷᠭᠡ ᠨᠦᠭᠦᠳ ᠬᠦᠮᠦᠰ ᠤᠨ ᠠᠩᠬᠠᠷᠤᠯ ᠢ ᠲᠠᠲᠠᠵᠤ᠂ ᠸᠧᠨ ᠵᠢᠶᠧ M8᠂ ᠶᠠᠩ ᠸᠠᠩ U9 ᠵᠡᠷᠭᠡ ᠣᠯᠠᠨ ᠵᠦᠢᠯ ᠤᠨ ᠰᠢᠨ᠎ᠡ ᠮᠠᠰᠢᠨ ᠲᠡᠷᠭᠡ ᠨᠦᠭᠦᠳ ᠣᠷᠲᠤᠰ ᠲᠤ ᠠᠩᠬ᠎ᠠ ᠤᠳᠠᠭ᠎ᠠ ᠦᠵᠡᠭᠦᠯᠭᠡ ᠳᠤ ᠣᠷᠣᠯᠴᠠᠭᠰᠠᠨ ᠢᠶᠠᠷ ᠠᠵᠤ ᠦᠢᠯᠡᠰ ᠤᠨ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠬᠥᠭᠵᠢᠯᠲᠡ ᠶᠢᠨ ᠬᠠᠨᠲᠤᠰᠢ ᠶᠢ ᠳᠡᠯᠭᠡᠨ ᠦᠵᠡᠭᠦᠯᠦᠭᠰᠡᠨ ᠪᠠᠶᠢᠨ᠎ᠠ᠃

      ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠶᠢᠨ ᠲᠥᠯᠥᠭᠡ᠂ ᠵᠠᠰᠠᠭ ᠤᠨ ᠣᠷᠳᠣᠨ ᠠᠵᠤ ᠠᠬᠤᠶᠢᠯᠠᠯ ᠬᠠᠮᠲᠤᠷᠠᠨ ᠬᠥᠳᠡᠯᠦᠯᠴᠡᠵᠦ ᠪᠠᠶᠢᠭᠠᠳ ︽ᠤᠯᠤᠰ ᠤᠨ ᠨᠥᠬᠦᠪᠥᠷᠢ + ᠮᠤᠵᠢ ᠶᠢᠨ ᠨᠥᠬᠦᠪᠥᠷᠢ + ᠬᠤᠲᠠ ᠶᠢᠨ ᠨᠦᠬᠦᠪᠦᠷᠢ + ᠦᠢᠯᠡᠳᠪᠦᠷᠢ ᠬᠤᠳᠠᠯᠳᠤᠭᠠᠨ ᠤ ᠨᠥᠬᠦᠪᠥᠷᠢ︾ ᠳᠥᠷᠪᠡᠨ ᠳᠠᠪᠬᠤᠷ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠴᠠᠭ ᠬᠢᠵᠠᠭᠠᠷᠯᠠᠨ ᠬᠢᠮᠳᠠᠷᠠᠭᠤᠯᠬᠤ᠂ ᠰᠣᠯᠢᠬᠤ ᠳᠤ ᠨᠥᠬᠦᠪᠥᠷᠢ ᠥᠭᠬᠦ᠂ ᠮᠥᠩᠭᠦᠨ ᠭᠦᠢᠯᠭᠡᠭᠡᠨ ᠤ ᠬᠦᠦ ᠮᠥᠩᠭᠦ ᠶᠢ ᠨᠢ ᠬᠡᠯᠲᠦᠷᠢᠭᠦᠯᠬᠦ ᠵᠡᠷᠭᠡ ᠠᠰᠠᠷᠠᠮᠵᠢ ᠶᠢ ᠵᠡᠷᠭᠡ ᠪᠠᠷ ᠢᠵᠢ ᠪᠦᠷᠢᠳᠦᠭᠦᠯᠪᠡ᠃ ᠲᠣᠰ ᠤᠳᠠᠭᠠᠨ ᠤ ᠮᠠᠰᠢᠨ ᠲᠡᠷᠭᠡᠨ ᠤ ᠦᠵᠡᠭᠦᠯᠭᠡ ᠨᠢ ᠬᠤᠲᠠ ᠶᠢᠨ ᠠᠷᠠᠳ ᠤᠨ ᠴᠢᠨᠠᠷ ᠰᠠᠶᠢᠲᠠᠶ ᠮᠠᠰᠢᠨ ᠲᠡᠷᠭᠡ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠮᠥᠷᠲᠡᠭᠡᠨ ᠠᠵᠤ ᠦᠢᠯᠡᠰ ᠤᠨ ᠳᠠᠶᠢᠴᠢᠯᠠᠬᠤ ᠦᠢᠯᠡᠳᠦᠯ ᠢᠶᠠᠷ ᠳᠠᠮᠵᠢᠭᠤᠯᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠭᠰᠡᠨ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ