|
1 - 4 ᠳ᠋ᠦ᠋ᠭᠡᠷ ᠰᠠᠷ᠎ᠠ ᠳᠤ ᠥᠪᠥᠷ ᠮᠣᠩᠭᠤᠯ ᠤᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠪᠠᠶᠢᠬᠤ ᠪᠠᠨ ᠪᠠᠲᠤᠯᠠᠪᠠ |
|
|
ᠨᠡᠶᠢᠲᠡᠯᠡᠭᠰᠡᠨ ᠴᠠᠭ᠄
2025/5/22
|
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ 21 ᠤ ᠡᠳᠦᠷ ᠤᠨ ᠮᠡᠳᠡᠭᠡ ᠶᠢ ᠦᠨᠳᠦᠰᠦᠯᠡᠪᠡᠯ᠂ 1 - 4 ᠳ᠋ᠦ᠋ᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠪᠠᠨ 6.1% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠦᠭᠡᠢ︶ ᠠᠳᠠᠯᠢ ᠬᠤᠭᠤᠴᠠᠭᠠᠨ ᠤ ᠬᠢ ᠠᠴᠠ ᠪᠠᠨ 18.8% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡ ᠶᠢᠨ ᠵᠦᠢᠯᠡᠰ ᠢ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠵᠡᠢ᠃ ᠶᠡᠷᠦᠩᠬᠡᠢ ᠳᠤ ᠨᠢ ᠠᠪᠴᠤ ᠦᠵᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠲᠣᠭᠲᠠᠭᠤᠨ ᠪᠥᠭᠡᠳ ᠰᠠᠶᠢᠨ ᠬᠥᠭᠵᠢᠯᠲᠡ ᠶᠢᠨ ᠬᠠᠨᠳᠤᠰᠢ ᠪᠠᠨ ᠦᠷᠭᠦᠯᠵᠢᠯᠡᠨ ᠪᠠᠲᠤᠯᠠᠵᠤ ᠪᠠᠶᠢᠨ᠎ᠠ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|