︽ᠬᠠᠷᠠᠴᠢᠨ ᠬᠤᠰᠢᠭᠤᠨ ᠤ ᠸᠠᠩ ᠤᠨ ᠣᠷᠳᠣᠨ ᠤ ᠲᠡᠦᠬᠡ ᠰᠣᠶᠣᠯ ᠤᠨ ᠨᠠᠷᠠᠲᠤ ᠪᠠᠯᠭᠠᠰᠤᠨ ᠤ ᠬᠠᠮᠠᠭᠠᠯᠠᠯᠲᠠ ᠶᠢᠨ ᠲᠥᠯᠦᠪᠵᠢᠭᠦᠯᠭᠡ ︵2024 - 2035 ᠣᠨ︶︾ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2025/5/22

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ

ᠥᠪᠥᠷ ᠵᠠᠰᠠᠭ ᠦᠰᠦᠭ 〔2025〕 52 ᠳ᠋ᠤᠭᠠᠷ ᠲᠣᠭᠠᠲᠤ

 

︽ᠬᠠᠷᠠᠴᠢᠨ ᠬᠤᠰᠢᠭᠤᠨ ᠤ ᠸᠠᠩ ᠤᠨ ᠣᠷᠳᠣᠨ ᠤ ᠲᠡᠦᠬᠡ ᠰᠣᠶᠣᠯ ᠤᠨ ᠨᠠᠷᠠᠲᠤ ᠪᠠᠯᠭᠠᠰᠤᠨ ᠤ ᠬᠠᠮᠠᠭᠠᠯᠠᠯᠲᠠ ᠶᠢᠨ ᠲᠥᠯᠦᠪᠵᠢᠭᠦᠯᠭᠡ ︵2024 - 2035 ᠣᠨ︶︾ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ

 

ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠄

  ᠲᠠᠨ ᠤ ᠬᠤᠲᠠ ᠶᠢᠨ ︽ ︿ ᠬᠠᠷᠠᠴᠢᠨ ᠬᠤᠰᠢᠭᠤᠨ ᠤ ᠸᠠᠩ ᠤᠨ ᠣᠷᠳᠣᠨ ᠤ ᠲᠡᠦᠬᠡ ᠰᠣᠶᠣᠯ ᠤᠨ ᠨᠠᠷᠠᠲᠤ ᠪᠠᠯᠭᠠᠰᠤᠨ ᠤ ᠬᠠᠮᠠᠭᠠᠯᠠᠯᠲᠠ ᠶᠢᠨ ᠲᠥᠯᠦᠪᠵᠢᠭᠦᠯᠭᠡ ﹀ ᠶᠢᠨ ᠲᠤᠬᠠᠢ ᠡᠰᠢᠯᠡᠯᠲᠡ ︾ ︵ ᠤᠯᠠᠭᠠᠨᠬᠠᠳᠠ ᠵᠠᠰᠠᠭ ᠮᠡᠳᠡᠭᠦᠯᠦᠯᠲᠡ 〔2025〕 25 ᠳ᠋ᠤᠭᠠᠷ ᠲᠣᠭᠠᠲᠤ ︶ ᠶᠢ ᠭᠥᠯᠢᠶᠡᠨ ᠠᠪᠴᠤ ᠣᠶᠢᠯᠠᠭᠠᠯ᠎ᠠ ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ ᠄

  ᠨᠢᠭᠡ ᠂ ︽ ᠬᠠᠷᠠᠴᠢᠨ ᠬᠤᠰᠢᠭᠤᠨ ᠤ ᠸᠠᠩ ᠤᠨ ᠣᠷᠳᠣᠨ ᠤ ᠲᠡᠦᠬᠡ ᠰᠣᠶᠣᠯ ᠤᠨ ᠨᠠᠷᠠᠲᠤ ᠪᠠᠯᠭᠠᠰᠤᠨ ᠤ ᠬᠠᠮᠠᠭᠠᠯᠠᠯᠲᠠ ᠶᠢᠨ ᠲᠥᠯᠦᠪᠵᠢᠭᠦᠯᠭᠡ ︾ ︵ ᠳᠣᠷᠣᠭᠰᠢ ︽ᠬᠠᠮᠠᠭᠠᠯᠠᠯᠲᠠ ᠶᠢᠨ ᠲᠥᠯᠦᠪᠵᠢᠭᠦᠯᠭᠡ ︾ ᠭᠡᠵᠦ ᠲᠣᠪᠴᠢᠯᠠᠨ᠎ᠠ ︶ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ ᠂ ᠲᠥᠯᠥᠪᠵᠢᠭᠦᠯᠬᠦ ᠬᠤᠭᠤᠴᠠᠭ᠎ᠠ ᠬᠢᠵᠠᠭᠠᠷ ᠨᠢ 2024 - 2035 ᠣᠨ ᠪᠣᠯᠣᠨ᠎ᠠ ᠃

  ᠬᠤᠶᠠᠷ ᠂ ᠲᠠᠨ ᠤ ᠬᠤᠲᠠ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠬᠢᠨᠠᠨ ᠵᠢᠯᠤᠭᠤᠳᠴᠤ ᠪᠠᠶᠢᠭᠠᠳ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠬᠠᠤᠯᠢ ︾ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠠᠤᠯᠢ ︾ ᠪᠠ ︽ ᠲᠡᠦᠬᠡ ᠰᠣᠶᠣᠯ ᠤᠨ ᠨᠠᠷᠠᠲᠤ ᠬᠤᠲᠠ ᠨᠠᠷᠠᠲᠤ ᠪᠠᠯᠭᠠᠰᠤ ᠨᠠᠷᠠᠲᠤ ᠲᠣᠰᠬᠤᠨ ᠤ ᠬᠠᠮᠠᠭᠠᠯᠠᠯᠲᠠ ᠶᠢᠨ ᠳᠦᠷᠢᠮ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠵᠤ ᠂ ︽ ᠬᠠᠮᠠᠭᠠᠯᠠᠯᠲᠠ ᠶᠢᠨ ᠲᠥᠯᠦᠪᠵᠢᠭᠦᠯᠭᠡ ︾ ᠶᠢ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠡᠯ᠎ᠡ ᠵᠦᠢᠯ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ ᠃ ︽ ᠬᠠᠮᠠᠭᠠᠯᠠᠯᠲᠠ ᠶᠢᠨ ᠲᠥᠯᠦᠪᠵᠢᠭᠦᠯᠭᠡ ︾ ᠶᠢ ᠬᠡᠷᠡᠭᠵᠢᠭᠦᠯᠬᠦ ᠶᠠᠪᠤᠴᠠ ᠳᠤ ᠂ ᠬᠠᠮᠠᠭᠠᠯᠠᠯᠲᠠ ᠬᠢᠬᠦ ᠶᠢ ᠤᠷᠢᠳ ᠢᠶᠠᠷ ᠪᠣᠳᠣᠯᠬᠢᠯᠠᠵᠤ ᠂ ᠵᠦᠢ ᠵᠣᠬᠢᠰᠲᠠᠢ ᠠᠰᠢᠭᠯᠠᠬᠤ ᠵᠠᠷᠴᠢᠮ ᠢ ᠴᠢᠩᠭ᠎ᠠ ᠵᠢᠷᠤᠮᠯᠠᠨ ᠂ ᠲᠡᠦᠬᠡ ᠰᠣᠶᠣᠯ ᠤᠨ ᠨᠠᠷᠠᠲᠤ ᠪᠠᠯᠭᠠᠰᠤᠨ ᠤ ᠪᠦᠬᠦᠯᠢ ᠴᠣᠭᠴᠠ ᠶᠢᠨ ᠳᠦᠷᠰᠦ ᠪᠠᠶᠢᠳᠠᠯ ᠪᠠ ᠰᠣᠶᠣᠯ ᠤᠨ ᠠᠭᠤᠯᠤᠭᠳᠠᠬᠤᠨ ᠢ ᠬᠠᠮᠠᠭᠠᠯᠠᠬᠤ ᠪᠠᠨ ᠴᠢᠬᠤᠯᠠᠴᠢᠯᠠᠵᠤ ᠂ ᠬᠡᠲᠦ ᠨᠡᠭᠡᠭᠡᠨ ᠬᠥᠭᠵᠢᠭᠦᠯᠬᠦ ᠪᠠ ᠪᠦᠲᠦᠭᠡᠯᠴᠢ ᠴᠢᠨᠠᠷᠲᠠᠢ ᠡᠪᠳᠡᠯᠡᠭᠡ ᠬᠢᠬᠦ ᠠᠴᠠ ᠵᠠᠶᠢᠯᠠᠰᠬᠢᠬᠤ ᠬᠡᠷᠡᠭᠲᠡᠢ ᠃

  ᠭᠤᠷᠪᠠ ᠳᠤ ᠂ ᠲᠡᠦᠬᠡ ᠰᠣᠶᠣᠯ ᠤᠨ ᠨᠡᠷᠡᠳᠦ ᠪᠠᠯᠭᠠᠰᠤᠨ ᠤ ᠬᠠᠮᠠᠭᠠᠯᠠᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ ᠂ ᠲᠡᠦᠬᠡ ᠰᠣᠶᠣᠯ ᠤᠨ ᠨᠡᠷᠡᠳᠦ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠬᠢᠭᠡᠳ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ ᠂ ᠪᠦᠲᠦᠮᠵᠢᠲᠡᠢ ᠬᠠᠮᠠᠭᠠᠯᠠᠯᠲᠠ ᠪᠠ ᠦᠷᠭᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠃

 

                         2025 ᠣᠨ ᠤ 4 ᠳ᠋ᠦ᠋ᠭᠡᠷ ᠰᠠᠷ᠎ᠠ ᠶᠢᠨ 10 ᠤ ᠡᠳᠦᠷ


    ︵ ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ