ᠣᠯᠠᠨ ᠰᠠᠯᠠᠭ᠎ᠠ ᠮᠥᠴᠢᠷ ᠬᠠᠮᠵᠢᠯᠴᠠᠨ ᠬᠦᠴᠦᠯᠡᠵᠦ ᠬᠤᠲᠠ ᠶᠢᠨ ᠰᠢᠨᠡᠴᠢᠯᠡᠯᠲᠡ ᠳᠤ ︽ᠬᠤᠷᠳᠤᠴᠠ ᠪᠠᠨ ᠲᠦᠷᠭᠡᠳᠬᠡᠬᠦ ᠳᠠᠷᠤᠪᠴᠢ︾ ᠶᠢ ᠳᠠᠷᠤᠪᠠ
ᠨᠡᠶᠢᠲᠡᠯᠡᠭᠰᠡᠨ ᠴᠠᠭ᠄
2025/5/22

      5 ᠳ᠋ᠤᠭᠠᠷ ᠰᠠᠷ᠎ᠠ ᠶᠢᠨ 20 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠣᠶᠢᠷ᠎ᠠ ᠳᠤ ᠨᠡᠶᠢᠲᠡᠯᠡᠭᠰᠡᠨ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠪᠠ︶ ᠤᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠮᠠᠨ ᠤ ᠤᠯᠤᠰ ᠤᠨ ᠬᠤᠲᠠ ᠶᠢᠨ ᠰᠢᠨᠡᠴᠢᠯᠡᠯᠲᠡ ᠶᠢᠨ ︽ᠬᠤᠷᠳᠤᠴᠠ ᠪᠠᠨ ᠲᠦᠷᠭᠡᠳᠬᠡᠬᠦ ᠳᠠᠷᠤᠪᠴᠢ︾ ᠶᠢ ᠬᠦᠴᠦᠯᠡᠨ ᠬᠡᠷᠡᠭᠵᠢᠭᠦᠯᠪᠡ᠃

      ︽ᠬᠤᠳᠠ ᠪᠣᠯ ᠴᠢᠨᠠᠷ ᠴᠢᠨᠰᠠᠭ᠎ᠠ ᠲᠠᠢ ᠬᠥᠭᠵᠢᠯᠲᠡ ᠶᠢ ᠠᠬᠢᠭᠤᠯᠬᠤ᠂ ᠴᠢᠨᠠᠷ ᠰᠠᠶᠢᠲᠠᠢ ᠠᠮᠢᠳᠤᠷᠠᠯ ᠢ ᠡᠭᠦᠳᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠴᠢᠬᠤᠯᠠ ᠠᠴᠢᠶᠠᠯᠠᠪᠤᠷᠢ ᠮᠥᠨ︾ ᠭᠡᠵᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠳᠡᠳ᠋ ᠰᠠᠶᠢᠳ ᠴᠢᠨ ᠬᠠᠶ ᠰᠢᠶᠠᠩ ᠢᠯᠡᠷᠬᠡᠶᠢᠯᠡᠪᠡ᠂ 2024 ᠣᠨ ᠤ ᠡᠴᠦᠰ ᠪᠣᠯᠲᠠᠯ᠎ᠠ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 67% ᠳᠤ ᠬᠦᠷᠴᠦ᠂ 9.4 ᠳ᠋ᠦᠩᠰᠢᠭᠤᠷ ᠬᠥᠮᠦᠨ ᠬᠤᠲᠠ ᠪᠠᠯᠭᠠᠰᠤᠨ ᠳᠤ ᠠᠮᠢᠳᠤᠷᠠᠵᠤ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ᠂ ᠣᠷᠣᠰᠢᠨ ᠰᠠᠭᠤᠬᠤ ᠣᠷᠴᠢᠨ ᠨᠦᠬᠦᠴᠡᠯ ᠦᠷᠭᠦᠯᠵᠢᠯᠡᠨ ᠰᠠᠶᠢᠵᠢᠷᠠᠵᠤ᠂ ᠬᠤᠲᠠ ᠶᠢᠨ ᠬᠥᠭᠵᠢᠯᠲᠡ ᠶᠢᠨ ᠶᠠᠰᠤ ᠴᠢᠨᠠᠷ ᠪᠠ ᠠᠷᠠᠳ ᠤᠨ ᠠᠮᠢᠳᠤᠷᠠᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃

      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠵᠤᠷᠭᠠᠨ ᠤ ᠬᠠᠷᠢᠭᠤᠴᠠᠯᠭᠠᠲᠠᠨ ᠵᠣᠣ ᠴᠧᠩ ᠹᠧᠩ ᠢᠯᠡᠷᠬᠡᠶᠢᠯᠡᠬᠦ ᠳᠤ ᠪᠠᠨ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ ᠨᠢ ᠬᠤᠲᠠ ᠶᠢᠨ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠬᠦ᠂ ᠬᠤᠲᠠ ᠶᠢᠨ ᠬᠥᠭᠵᠢᠯᠲᠡ ᠶᠢᠨ ᠦᠷᠭᠦᠯᠵᠢᠯᠡᠬᠦᠶᠢᠴᠡ ᠴᠢᠨᠠᠷ ᠪᠠ ᠣᠷᠣᠰᠢᠨ ᠰᠠᠭᠤᠬᠤ ᠳᠤ ᠲᠣᠬᠢᠷᠠᠮᠵᠢᠲᠠᠶ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠶ ᠮᠥᠷᠲᠡᠭᠡᠨ ᠪᠠᠰᠠ ᠳᠣᠲᠣᠭᠠᠳᠤ ᠬᠡᠷᠡᠭᠴᠡᠭᠡ ᠶᠢᠨ ᠯᠤᠲᠤ ᠶᠡᠭᠡ ᠳᠠᠯᠳᠠ ᠬᠦᠴᠦᠨ ᠢ ᠠᠭᠤᠳᠠᠯᠤᠨ ᠭᠠᠷᠭᠠᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠳᠤ ᠠᠰᠢᠭᠲᠠᠶ ᠶᠤᠮ ᠭᠡᠵᠡᠢ᠃

      ᠲᠣᠰ ᠤᠳᠠᠭᠠᠨ ᠤ ᠨᠡᠶᠢᠲᠡᠯᠡᠭᠰᠡᠨ ︽ᠰᠠᠨᠠᠯ︾ ᠨᠢ ᠣᠷᠣᠨ ᠨᠤᠲᠤᠭ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ 2030 ᠣᠨ ᠪᠣᠯᠬᠤ ᠳᠤ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠳᠤ ᠴᠢᠬᠤᠯᠠ ᠠᠬᠢᠴᠠ ᠲᠠᠢ ᠪᠣᠯᠵᠤ᠂ ᠬᠤᠲᠠ ᠶᠢᠨ ᠰᠢᠨᠡᠴᠢᠯᠡᠯᠲᠡ ᠶᠢᠨ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠬᠤᠲᠠ ᠶᠢ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠬᠤ ᠶᠢᠨ ᠠᠷᠭ᠎ᠠ ᠮᠠᠶ᠋ᠢᠭ ᠲᠤ ᠬᠡᠯᠪᠡᠷᠢ ᠶᠢ ᠨᠢ ᠬᠤᠪᠢᠷᠠᠭᠤᠯᠬᠤ ᠲᠠᠯ᠎ᠠ ᠪᠠᠷ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠠᠮᠤᠷ ᠲᠦᠪᠰᠢᠨ ᠤ ᠰᠠᠭᠤᠷᠢ ᠶᠢ ᠨᠠᠩ ᠪᠠᠲᠤᠳᠬᠠᠨ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠶᠡᠭᠡ ᠪᠠᠷ ᠰᠠᠶᠢᠵᠢᠷᠠᠭᠤᠯᠵᠤ᠂ ᠠᠵᠤ ᠠᠬᠤᠶ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠠᠩ ᠪᠠᠶᠠᠯᠢᠭᠵᠢᠭᠤᠯᠤᠨ᠂ ᠰᠣᠶᠣᠯ ᠤᠨ ᠥᠪ ᠬᠥᠷᠥᠩᠭᠡ ᠶᠢ ᠪᠦᠲᠦᠮᠵᠢᠲᠡᠶ ᠬᠠᠮᠠᠭᠠᠯᠠᠵᠤ᠂ ᠬᠤᠲᠠ ᠶᠢᠨ ᠳᠦᠷᠰᠦ ᠪᠠᠶᠢᠳᠠᠯ ᠢ ᠨᠠᠩ ᠢᠯᠡ ᠲᠣᠳᠣ ᠪᠣᠯᠭᠠᠵᠤ᠂ ᠠᠷᠠᠳ ᠣᠯᠠᠨ ᠤ ᠴᠢᠨᠠᠷ ᠴᠢᠨᠰᠠᠭ᠎ᠠ ᠲᠠᠢ ᠠᠮᠢᠳᠤᠷᠠᠯ ᠤᠨ ᠬᠦᠰᠡᠯᠡᠩ ᠤᠨ ᠣᠷᠣᠨ ᠵᠠᠶ ᠶᠢ ᠪᠣᠢ ᠪᠣᠯᠭᠠᠨ᠎ᠠ ᠭᠡᠵᠦ ᠲᠣᠳᠣᠷᠬᠠᠶ ᠳᠤᠷᠠᠳᠤᠨ ᠭᠠᠷᠭᠠᠪᠠ᠃ ᠡᠭᠦᠨ ᠤ ᠬᠠᠮᠲᠤ᠂ ︽ᠰᠠᠨᠠᠯ︾ ᠳᠤ 8 ᠵᠦᠢᠯ ᠤᠨ ᠭᠤᠣᠯᠳᠠᠯᠭ᠎ᠠ ᠪᠣᠯᠬᠤ ᠡᠭᠦᠷᠭᠡ ᠶᠢ ᠲᠣᠳᠣᠷᠬᠠᠶᠢᠯᠠᠵᠤ᠂ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠵᠠᠰᠠᠬᠤ᠂ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠴᠡᠭᠴᠡᠯᠡᠨ ᠵᠠᠰᠠᠬᠤ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ᠂ ᠬᠠᠭᠤᠴᠢᠨ ᠵᠡᠭᠡᠯᠢ ᠲᠣᠭᠤᠷᠢᠭ ᠦᠢᠯᠡᠳᠪᠦᠷᠢ ᠶᠢᠨ ᠲᠣᠭᠤᠷᠢᠭ ᠬᠤᠳᠠ ᠶᠢᠨ ᠳᠤᠮᠳᠠᠬᠢ ᠲᠣᠰᠬᠤᠨ ᠢ ᠰᠢᠨᠡᠳᠬᠡᠬᠦ᠂ ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ ᠰᠠᠭᠤᠷᠢ ᠪᠡᠯᠡᠳᠬᠡᠮᠵᠢ ᠶᠢ ᠥᠭᠡᠷᠡᠴᠢᠯᠡᠨ ᠵᠠᠰᠠᠬᠤ᠂ ᠠᠮᠢ ᠠᠬᠤᠢ ᠶᠢᠨ ᠰᠢᠰᠲ᠋ᠧᠮ ᠢ ᠰᠡᠷᠭᠦᠭᠡᠬᠦ ᠵᠢᠴᠢ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠲᠠᠯ᠎ᠠ ᠶᠢ ᠬᠠᠮᠤᠷᠪᠠ᠃

      ᠵᠣᠣ ᠴᠧᠩ ᠹᠧᠩ ᠢᠯᠡᠷᠬᠡᠶᠢᠯᠡᠬᠦ ᠳᠤ ᠪᠠᠨ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠪᠠᠨ ᠤᠶᠠᠯᠳᠤᠭᠤᠯᠤᠨ᠂ ᠬᠤᠲᠠ ᠶᠢᠨ ᠰᠢᠨᠡᠴᠢᠯᠡᠯᠲᠡ ᠶᠢᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠠᠬᠢᠭᠤᠯᠵᠤ᠂ ᠬᠠᠮᠢᠶ᠎ᠠ ᠪᠥᠬᠦᠶ ᠠᠷᠭ᠎ᠠ ᠵᠠᠮ ᠤᠨ ᠪᠠᠯᠠ ᠣᠷᠣᠭᠤᠯᠤᠯᠲᠠ ᠶᠢ ᠦᠷᠭᠦᠯᠵᠢᠯᠡᠨ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ ᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠎ᠠ︔ ᠡᠭᠦᠨ ᠤ ᠬᠠᠮᠲᠤ᠂ ᠪᠠᠯᠠ ᠣᠷᠣᠭᠤᠯᠵᠤ ᠪᠠᠯᠠ ᠳᠣᠭᠢᠷᠠᠭᠤᠯᠬᠤ ᠬᠡᠪ ᠵᠠᠭᠪᠤᠷ ᠲᠤ ᠰᠢᠨ᠎ᠡ ᠶᠢ ᠡᠭᠦᠳᠬᠦ᠂ ᠡᠵᠡᠩᠨᠡᠨ ᠠᠵᠢᠯᠯᠠᠭᠤᠯᠬᠤ ᠠᠷᠠᠴᠢᠯᠠᠨ ᠬᠠᠮᠠᠭᠠᠯᠠᠬᠤ ᠶᠢᠨ ᠪᠠᠶᠢᠭᠤᠯᠤᠯ ᠢ ᠪᠦᠷᠢᠨᠰᠢᠬᠦᠯᠬᠦ᠂ ᠦᠨ᠎ᠡ ᠬᠠᠩᠰᠢ ᠰᠦᠢᠳᠬᠡᠯ ᠬᠤᠷᠢᠶᠠᠬᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠭᠤᠣᠯᠯᠠᠭᠤᠯᠤᠨ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢᠨ ︽ᠵᠥᠭᠡᠯᠡᠨ ᠪᠦᠲᠦᠭᠡᠨ ᠪᠠᠶᠢᠭᠤᠯᠤᠯᠲᠠ︾ ᠶᠢ ᠢᠳᠡᠪᠬᠢᠲᠡᠶ ᠠᠬᠢᠭᠤᠯᠤᠨ᠎ᠠ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ