5 ᠰᠠᠷ᠎ᠠ ᠶᠢᠨ 21 ᠠᠴᠠ 22 ᠤᠨ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠪᠠ᠃
5 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠳᠠᠭᠢᠨ ᠶᠠᠳᠠᠭᠤᠷᠠᠬᠤ ᠶᠢ ᠰᠡᠷᠭᠡᠶᠢᠯᠡᠵᠦ ᠬᠢᠨᠠᠨ ᠬᠡᠮᠵᠢᠬᠦ ᠡᠷᠦᠭᠡ ᠳᠤ ᠬᠦᠷᠴᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠡᠭᠦᠷᠭᠡᠯᠡᠯ ᠤᠨ ᠺᠠᠷᠲ ᠢ ᠬᠢᠨᠠᠮᠠᠭᠠᠢ ᠪᠠᠶᠢᠴᠠᠭᠠᠨ ᠦᠵᠡᠵᠦ᠂ ᠨᠥᠬᠦᠪᠦᠷᠢ ᠠᠪᠴᠤ ᠪᠠᠶᠢᠭ᠎ᠠ ᠪᠠᠶᠢᠳᠠᠯ ᠢ ᠨᠢ ᠨᠠᠷᠢᠨ ᠣᠶᠢᠯᠠᠭᠠᠪᠠ᠃ ︵ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ︶

ᠰᠦᠨ ᠱᠤᠤ ᠴᠧᠩ ᠤᠷᠢᠳ ᠬᠤᠵᠢᠳ ᠳᠠᠭᠢᠨ ᠶᠠᠳᠠᠭᠤᠷᠠᠬᠤ ᠶᠢ ᠰᠡᠷᠭᠡᠶᠢᠯᠡᠵᠦ ᠬᠢᠨᠠᠨ ᠬᠡᠮᠵᠢᠬᠦ 3 ᠡᠷᠦᠭᠡ ᠪᠠ ᠪᠠᠶᠢᠴᠠᠭᠠᠨ ᠳᠠᠩᠰᠠᠯᠠᠬᠤ 2 ᠡᠷᠦᠭᠡ ᠳᠤ ᠬᠦᠷᠴᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠡᠭᠦᠷᠭᠡᠯᠡᠯ ᠤᠨ ᠺᠠᠷᠲ ᠪᠠ ᠲᠠᠷᠢᠶᠠᠴᠢᠨ ᠡᠷᠦᠭᠡ ᠶᠢᠨ ᠣᠷᠣᠯᠭ᠎ᠠ ᠵᠠᠷᠤᠯᠭ᠎ᠠ ᠶᠢᠨ ᠲᠠᠩᠰᠠᠠ ᠳᠡᠪᠲᠡᠷ ᠢ ᠨᠠᠷᠢᠨ ᠪᠠᠶᠢᠴᠠᠭᠠᠨ ᠦᠵᠡᠵᠦ᠂ ᠳᠠᠷᠢᠵᠤ ᠲᠡᠵᠢᠭᠡᠬᠦ᠂ ᠬᠥᠯᠥᠰᠦᠨ ᠠᠵᠢᠯ ᠬᠢᠬᠦ ᠵᠡᠷᠭᠡ ᠣᠷᠣᠯᠭ᠎ᠠ ᠪᠠ ᠨᠥᠬᠦᠪᠦᠷᠢ ᠠᠪᠴᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠭᠠᠵᠠᠷ ᠤᠨ ᠺᠠᠳ᠋ᠷ ᠣᠯᠠᠨ ᠲᠦᠮᠡᠨ ᠲᠠᠢ ᠬᠠᠮᠲᠤ ᠪᠠᠷ ᠣᠷᠣᠯᠭ᠎ᠠ ᠶᠢ ᠨᠡᠮᠡᠭᠳᠡᠭᠦᠯᠬᠦ ᠰᠠᠶᠢᠨ ᠠᠷᠭ᠎ᠠ ᠶᠢ ᠰᠤᠳᠤᠯᠤᠨ ᠶᠠᠷᠢᠯᠴᠠᠵᠤ᠂ ᠲᠠᠷᠢᠶᠠᠴᠢᠨ ᠡᠷᠦᠭᠡ ᠶᠢ ᠦᠵᠡᠯᠲᠡ ᠪᠠᠨ ᠬᠤᠪᠢᠷᠠᠭᠤᠯᠵᠤ᠂ ᠣᠲᠣ ᠶᠢᠨ ᠪᠠᠶᠢᠭ᠎ᠠ ᠬᠦᠷᠢᠶ᠎ᠡ ᠬᠠᠰᠢᠶᠠᠨ ᠤ ᠨᠥᠬᠦᠴᠡᠯ ᠳᠡᠭᠡᠨ ᠲᠦᠰᠢᠭᠯᠡᠨ ᠦᠢᠯᠡᠳᠪᠦᠷᠢᠯᠡᠯ ᠢᠶᠠᠨ ᠰᠠᠨᠠᠭᠠᠴᠢᠯᠠᠭ᠎ᠠ ᠠᠴᠠ ᠪᠠᠨ ᠥᠷᠭᠡᠳᠬᠡᠵᠦ᠂ ᠦᠬᠡᠷ ᠬᠤᠨᠢ ᠢᠯᠡᠭᠦᠬᠡᠨ ᠲᠡᠵᠢᠭᠡᠵᠦ᠂ ᠪᠣᠷᠳᠣᠨ ᠲᠠᠷᠭᠤᠯᠠᠭᠤᠯᠵᠤ᠂ ᠰᠢᠷᠭᠠᠭᠤ ᠭᠦᠳᠡᠯᠮᠦᠷᠢ ᠳᠡᠭᠡᠨ ᠲᠦᠰᠢᠭᠯᠡᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠶᠢ ᠵᠣᠷᠢᠭᠵᠢᠭᠤᠯᠪᠠ᠃

22 ᠤᠨ ᠦᠳᠡ ᠶᠢᠨ ᠡᠮᠦᠨ᠎ᠡ᠂ ᠰᠦᠨ ᠱᠤᠤ ᠴᠧᠩ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠤᠯᠠᠭᠠᠨᠴᠠᠪ ᠬᠤᠳᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠪᠣᠯ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠪᠣᠯᠣᠨ᠎ᠠ᠃ ᠨᠠᠮ ᠤᠨ ᠲᠥᠪ ᠬᠤᠷᠢᠶ᠎ᠠ ᠠᠴᠠ ᠪᠢᠳᠡᠨ ᠢ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ ᠬᠡᠷᠡᠭᠲᠡᠢ ᠭᠡᠵᠦ ᠱᠠᠭᠠᠷᠳᠠᠵᠤ ᠪᠠᠶᠢᠨ᠎ᠠ᠂ ᠬᠡᠷᠪᠡ ᠮᠠᠯᠴᠢᠨ ᠲᠠᠷᠢᠶᠠᠴᠢᠨ ᠤ ᠣᠷᠣᠯᠭ᠎ᠠ ᠳᠡᠭᠡᠭᠰᠢᠯᠡᠵᠦ ᠳᠡᠶᠢᠯᠭᠦ ᠦᠭᠡᠢ ᠪᠣᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠶᠡᠭᠡ ᠪᠠᠷ ᠪᠠᠭᠤᠷᠠᠬᠤ ᠪᠣᠯᠣᠨ᠎ᠠ᠃ ᠡᠯ᠎ᠡ ᠱᠠᠲᠤᠨ ᠤ ᠬᠢᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠮᠠᠯᠴᠢᠨ ᠲᠠᠷᠢᠶᠠᠴᠢᠨ ᠢ ᠦᠨᠡᠨ ᠪᠣᠳᠠᠲᠠᠢ ᠬᠠᠪᠰᠤᠷᠤᠨ ᠣᠷᠣᠯᠭ᠎ᠠ ᠶᠢ ᠨᠢ ᠳᠡᠭᠡᠭᠰᠢᠯᠡᠭᠦᠯᠭᠦ ᠬᠡᠷᠡᠭᠲᠡᠢ᠃ ᠵᠣᠬᠢᠶᠠᠨ ᠪᠠᠶᠢᠭᠤᠯᠵᠤ ᠳᠠᠶᠢᠴᠢᠯᠠᠬᠤ ᠪᠠᠨ ᠴᠢᠩᠭᠠᠳᠬᠠᠨ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶᠠᠨ ᠤ ᠠᠵᠤ ᠠᠬᠤᠢ ᠶᠢ ᠶᠡᠭᠡ ᠪᠠᠷ ᠬᠥᠭᠵᠢᠭᠦᠯᠦᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ ᠨᠢ ᠳᠡᠭᠡᠭᠰᠢᠯᠡᠭᠦᠯᠵᠦ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠵᠦ᠂ ᠮᠠᠯᠴᠢᠨ ᠲᠠᠷᠢᠶᠠᠴᠢᠳ ᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠭᠤᠯᠤᠨ ᠴᠠᠯᠢᠩ ᠤᠨ ᠴᠢᠨᠠᠷᠲᠠᠢ ᠣᠷᠣᠯᠭ᠎ᠠ ᠶᠢ ᠨᠢ ᠳᠡᠭᠡᠭᠰᠢᠯᠡᠭᠦᠯᠭᠦ ᠬᠡᠷᠡᠭᠲᠡᠢ᠃ ᠭᠠᠵᠠᠷ ᠰᠢᠷᠣᠢ ᠶᠢᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠬᠠᠮᠲᠤ ᠶᠢᠨ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠰᠠᠨ ᠡᠷᠦᠭᠡ᠂ ᠶᠠᠳᠠᠭᠤ ᠬᠦᠴᠢᠷᠳᠡᠯᠲᠡᠢ ᠡᠷᠦᠭᠡ ᠶᠢ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠤᠨᠢᠨ ᠳᠡᠭᠡᠷ᠎ᠡ ᠨᠢ ᠬᠠᠪᠰᠤᠷᠤᠨ ᠲᠡᠳᠬᠦᠵᠦ᠂ ᠬᠡᠪᠴᠢᠶᠡᠲᠦ ᠴᠢᠨᠠᠷᠲᠠᠢ ᠪᠠᠷ ᠳᠠᠭᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠡᠨᠡ ᠵᠢᠯ ᠠᠴᠠ ᠰᠡᠭᠦᠯᠡᠷᠬᠢ ᠬᠠᠪᠰᠤᠷᠤᠨ ᠲᠡᠳᠬᠦᠬᠦ ᠠᠵᠢᠯ ᠢ ᠡᠷᠲᠡᠬᠡᠨ ᠰᠤᠳᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ 5 ᠵᠢᠯ ᠤᠨ ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ ᠳᠡᠶᠢᠯᠭᠦ ᠶᠢ ᠪᠠᠲᠤᠯᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠯ᠎ᠡ ᠲᠥᠷᠥᠯ ᠤᠨ ᠨᠥᠬᠦᠪᠦᠷᠢ ᠶᠢ ᠡᠮᠬᠢᠯᠡᠬᠦ ᠪᠠ ᠵᠢᠷᠤᠮᠵᠢᠭᠤᠯᠵᠤ᠂ ᠨᠥᠬᠦᠪᠦᠷᠢ ᠪᠠᠭᠤᠯᠭᠠᠬᠤ ᠳᠤ ᠡᠷᠬᠡ ᠲᠡᠭᠰᠢ ᠲᠥᠪ ᠭᠤᠣᠯᠴᠢ ᠪᠠᠶᠢᠬᠤ᠂ ᠲᠥᠷᠥ ᠶᠢᠨ ᠪᠣᠳᠣᠯᠭ᠎ᠠ ᠲᠣᠭᠲᠠᠭᠠᠭᠰᠠᠨ ᠤᠭ ᠰᠠᠨᠠᠭ᠎ᠠ ᠠᠴᠠ ᠵᠥᠷᠢᠴᠡᠬᠦ ᠦᠭᠡᠢ᠂ ᠬᠡᠷᠡᠭᠵᠢᠭᠦᠯᠬᠦ ᠳᠤ ᠳᠥᠭᠦᠮ ᠭᠢᠯᠪᠠᠷ ᠪᠠᠶᠢᠯᠭᠠᠵᠤ᠂ ᠵᠣᠭᠤᠰ ᠢ ᠦᠨᠡᠨ ᠬᠦ ᠴᠢᠬᠤᠯᠠ ᠭᠠᠵᠠᠷ ᠲᠤᠨᠢ ᠬᠡᠷᠡᠭᠯᠡᠨ᠂ ᠰᠠᠶᠢᠨ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠪᠡ᠃
ᠰᠦᠨ ᠱᠤᠤ ᠴᠧᠩ᠂ ᠡᠯ᠎ᠡ ᠱᠠᠲᠤᠨ ᠤ ᠬᠢᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠬᠤ ᠶᠢᠨ ᠵᠡᠷᠭᠡ ᠪᠠᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠬᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠬᠦ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠦᠨ ᠰᠢᠢᠳᠪᠦᠷᠢᠯᠡᠵᠦ᠂ ᠰᠢᠢᠳᠪᠦᠷᠢᠯᠡᠵᠦ ᠳᠡᠶᠢᠯᠭᠦ ᠦᠭᠡᠢ ᠠᠰᠠᠭᠤᠳᠠᠯ ᠢ ᠴᠠᠭ ᠲᠤᠬᠠᠢ ᠳᠤᠨᠢ ᠳᠡᠭᠡᠭᠰᠢ ᠲᠤᠰᠬᠠᠬᠤ ᠶᠢᠨ ᠬᠠᠮᠲᠤ ᠢᠳᠡᠪᠬᠢᠲᠡᠢ ᠪᠠᠷ ᠰᠠᠨᠠᠭᠤᠯᠭ᠎ᠠ ᠪᠠ ᠠᠷᠭ᠎ᠠ ᠳᠤᠷᠠᠳᠬᠤ ᠬᠡᠷᠡᠭᠲᠡᠢ ᠭᠡᠪᠡ᠃
ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃