ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠷ᠂ 5 ᠰᠠᠷ᠎ᠠ ᠶᠢᠨ 21 ᠠᠴᠠ 22 ᠤᠨ ᠡᠳᠦᠷ ᠪᠤᠯᠲᠠᠯ᠎ᠠ᠂ ᠸᠠᠩ ᠯᠢ ᠰᠢᠶᠠ ᠤᠯᠠᠭᠠᠨᠬᠠᠳᠠ ᠬᠤᠳᠠ ᠳᠤ ᠬᠦᠷᠴᠦ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯᠣᠨ ᠪᠦᠭᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃
ᠸᠠᠩ ᠯᠢ ᠰᠢᠶᠠ ᠤᠯᠠᠭᠠᠨᠬᠠᠳᠠ ᠬᠤᠲᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠰᠠᠨᠠᠯ ᠰᠠᠨᠠᠭᠤᠯᠭ᠎ᠠ ᠬᠤᠷᠢᠶᠠᠪᠠ᠂ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ᠂ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠳᠠᠷᠤᠢ ᠳᠤᠨᠢ ᠬᠡᠷᠡᠭᠵᠢᠭᠦᠯᠵᠦ ᠳᠠᠷᠤᠢ ᠳᠤᠨᠢ ᠥᠭᠡᠷᠡᠴᠢᠯᠡᠬᠦ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠭᠦᠢᠴᠡᠳᠬᠡᠵᠦ᠂ ᠠᠰᠠᠭᠤᠳᠠᠯ ᠤᠨ ᠨᠠᠷᠢᠨ ᠲᠠᠩᠰᠠ ᠲᠠᠢ ᠬᠠᠷᠭᠤᠭᠤᠯᠤᠨ ᠲᠤᠰᠬᠠᠢ ᠴᠡᠭᠴᠡᠯᠡᠨ ᠵᠠᠰᠠᠯᠲᠠ ᠶᠢ ᠰᠠᠶᠢᠲᠤᠷ ᠠᠳᠬᠤᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠡᠷᠡᠰ ᠬᠤᠷᠢᠭᠯᠠᠵᠤ᠂ ᠬᠥᠯᠥᠰᠦᠨ ᠲᠠᠷᠢᠶᠠᠴᠢᠨ ᠤ ᠴᠠᠯᠢᠩ ᠢ ᠥᠷᠢᠲᠦᠬᠦ᠂ ᠦᠨᠡᠮᠯᠡᠯ ᠭᠦᠢᠴᠡᠳᠬᠡᠬᠦ ᠳᠤ ᠬᠦᠴᠢᠷᠲᠡᠢ ᠪᠠᠶᠢᠬᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠦ ᠬᠡᠯᠡᠪᠡ᠃


ᠸᠠᠩ ᠯᠢ ᠰᠢᠶᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠤᠶᠢᠯ ᠢᠶᠠᠷ ᠬᠠᠯᠠᠮᠵᠢᠯᠠᠵᠤ᠂ ᠤᠷᠢᠳ ᠬᠤᠵᠢᠳ ᠮᠧᠩ ᠳ᠋ᠦᠩ ᠤᠳᠤ ᠦᠶ᠎ᠡ ᠶᠢᠨ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠪᠣᠯᠣᠨ ᠳ᠋ᠦᠩ ᠱᠠᠨ ᠬᠥᠩᠭᠡᠨᠴᠠᠭᠠᠨ ᠤ ᠦᠢᠯᠡᠰ᠂ ᠶᠢᠨ ᠲᠦᠩ ᠵᠡᠰ ᠤᠨ ᠦᠢᠯᠡᠰ᠂ ᠶᠤᠸᠠᠨ ᠵᠢᠩ ᠨᠡᠭᠦᠷᠡᠰᠦᠲᠥ᠋ᠷᠥᠭᠴᠢ ᠦᠭᠡᠢ ᠤᠰᠤᠲᠥ᠋ᠷᠥᠭᠴᠢᠲᠤ ᠰᠢᠪᠲᠦᠷ᠂ ᠳ᠋ᠠ ᠳ᠋ᠢ ᠶᠤᠸᠠᠨ ᠲᠦᠩ ᠨᠡᠭᠦᠷᠡᠰᠦ ᠹᠣᠰᠹᠣᠷ ᠯᠢᠲ᠋ᠢ ᠶᠢ ᠨᠢᠭᠡ ᠴᠣᠭᠴᠠᠵᠢᠭᠤᠯᠬᠤ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ︽ᠡᠴᠦᠰ ᠤᠨ ᠨᠢᠭᠡ ᠮᠧᠲᠷ︾ ᠲᠤ ᠭᠦᠷᠳᠡᠯ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠲᠠᠢ ᠬᠠᠮᠲᠤ ᠪᠠᠷ ᠠᠵᠢᠯᠯᠠᠵᠤ᠂ ᠬᠠᠮᠲᠤ ᠪᠠᠷ ᠲᠡᠮᠡᠴᠡᠬᠦ ᠬᠡᠷᠡᠭᠲᠡᠢ᠃ ᠳᠡᠭᠡᠳᠦ ᠲᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠶᠢᠵᠢᠭᠦᠯᠭᠦ ᠳᠤ ᠠᠩᠬᠠᠷᠤᠯ ᠢᠶᠠᠨ ᠲᠥᠪᠯᠡᠷᠡᠭᠦᠯᠦᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠦᠨ᠂ ᠦᠢᠯᠡᠴᠢᠯᠡᠭᠡᠨ ᠤ ᠦᠢᠯᠡᠰ ᠢ ᠵᠡᠷᠭᠡ ᠪᠠᠷ ᠠᠬᠢᠭᠤᠯᠵᠤ᠂ ᠠᠵᠤ ᠦᠢᠯᠡᠰ ᠤᠨ ᠪᠦᠭᠦ ᠲᠠᠯ᠎ᠠ ᠪᠠᠷ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃


ᠰᠢᠶᠠ ᠵᠢᠶᠠ ᠳ᠋ᠢᠶᠠᠨ ᠰᠢᠶᠠᠩ ᠪᠣᠯ ᠤᠯᠤᠰ ᠤᠨ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠤᠷᠲᠤᠳᠬᠠᠨ ᠳᠠᠭᠠᠭᠠᠴᠢᠯᠠᠭᠤᠯᠬᠤ ᠪᠦᠭᠦᠶᠢᠯᠡ ᠰᠢᠶᠠᠩ ᠪᠠᠯᠭᠠᠰᠤ ᠶᠢᠨ ᠲᠤᠷᠰᠢᠯᠲᠠ ᠶᠢᠨ ᠴᠡᠭ ᠤᠨ ᠭᠠᠵᠠᠷ ᠣᠷᠣᠨ ᠪᠣᠯᠣᠨ᠎ᠠ᠂ ᠸᠠᠩ ᠯᠢ ᠰᠢᠶᠠ ᠲᠤᠬᠠᠢ ᠶᠢᠨ ᠭᠠᠵᠠᠷ ᠤᠨ ᠺᠠᠳ᠋ᠷ ᠲᠠᠢ ᠬᠠᠮᠲᠤ ᠪᠠᠷ ᠪᠠᠭ᠎ᠠ ᠶᠢ ᠰᠢᠨᠵᠢᠵᠦ ᠬᠡᠰᠡᠭ ᠲᠠᠯ᠎ᠠ ᠶᠢ ᠵᠠᠳᠠᠯᠵᠤ᠂ ᠲᠤᠷᠰᠢᠯᠲᠠ ᠶᠢᠨ ᠴᠡᠭ ᠤᠨ ᠠᠵᠠ ᠲᠣᠭᠢᠶᠠᠯ ᠢ ᠠᠮᠵᠢᠵᠤ᠂ ᠲᠤᠷᠰᠢᠯᠭ᠎ᠠ ᠪᠠᠨ ᠳ᠋ᠦᠩᠨᠡᠨ᠂ ᠠᠰᠠᠭᠤᠳᠠᠯ ᠢ ᠢᠯᠡᠷᠡᠭᠦᠯᠵᠦ᠂ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠤᠷᠲᠤᠳᠬᠠᠨ ᠳᠠᠭᠠᠭᠠᠴᠢᠯᠠᠭᠤᠯᠬᠤ ᠪᠠ ︽ᠨᠢᠭᠡ ᠭᠠᠵᠠᠷ ᠲᠤ ᠤᠯᠠᠨ ᠦᠨᠡᠮᠯᠡᠯ ᠲᠠᠢ ᠪᠠᠶᠢᠬᠤ︾ ᠶᠢ ᠰᠢᠢᠳᠪᠦᠷᠢᠯᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠣᠩᠨᠢᠭᠤᠳ ᠬᠤᠰᠢᠭᠤᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠤᠬᠠᠢ ᠶᠢᠨ ᠲᠠᠯᠠᠪᠠᠢ ᠳᠤ᠂ ᠲᠡᠷᠡ ᠺᠠᠳ᠋ᠷ ᠤᠯᠠᠨ ᠲᠦᠮᠡᠨ ᠲᠠᠢ ᠬᠠᠮᠲᠤ ᠥᠪᠡᠷ ᠤᠨ ᠦᠷᠳᠡᠭ ᠤᠨ ᠲᠠᠩᠰᠠ᠂ ᠣᠷᠣᠯᠭ᠎ᠠ ᠶᠢᠨ ᠲᠠᠩᠰᠠ ᠶᠢ ᠪᠤᠳᠤᠵᠥ᠂ ᠦᠨᠡᠨ ᠠᠴᠠ ᠵᠥᠪ ᠢ ᠡᠷᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠰᠤ ᠠᠷᠪᠢᠯᠠᠬᠤ᠂ ᠵᠣᠭᠤᠰ ᠠᠷᠪᠢᠯᠠᠬᠤ ᠴᠢᠬᠢ ᠮᠣᠳᠣ ᠶᠢ ᠰᠣᠩᠭᠤᠨ ᠬᠡᠷᠡᠭᠯᠡᠵᠦ᠂ ᠬᠡᠯᠪᠡᠷᠢᠴᠢ ᠦᠵᠡᠯ ᠢ ᠤᠬᠳᠤ ᠶᠠᠪᠤᠭᠤᠯᠵᠤ ᠪᠤᠯᠬᠤ ᠦᠭᠡᠢ ᠭᠡᠵᠦ ᠱᠠᠭᠠᠷᠳᠠᠪᠠ᠃

22 ᠤᠨ ᠦᠳᠡ ᠶᠢᠨ ᠬᠤᠶᠢᠨ᠎ᠠ᠂ ᠸᠠᠩ ᠯᠢ ᠰᠢᠶᠠ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠲᠡᠷᠡ᠂ ᠤᠯᠠᠭᠠᠨᠬᠠᠳᠠ ᠬᠤᠲᠠ ᠶᠢᠨ ᠬᠥᠭᠵᠢᠯᠲᠡ ᠶᠢ ᠲᠦᠷᠭᠡᠳᠬᠡᠬᠦ ᠳᠤ ᠭᠤᠣᠯᠳᠠᠯᠭ᠎ᠠ ᠨᠢ ᠲᠥᠷᠥᠯ ᠵᠦᠢᠯ ᠢᠶᠠᠷ ᠳᠠᠶᠢᠴᠢᠯᠠᠬᠤ ᠶᠠᠪᠤᠳᠠᠯ ᠪᠠᠶᠢᠵᠤ᠂ ᠵᠠᠩᠭᠢᠯᠠᠭ᠎ᠠ ᠨᠢ ᠠᠵᠤ ᠦᠢᠯᠡᠳᠪᠦᠷᠢ ᠳᠤ ᠪᠠᠶᠢᠵᠤ᠂ ᠳᠠᠯᠳᠠ ᠬᠦᠴᠦᠨ ᠨᠢ ᠭᠤᠷᠪᠠᠳᠤᠭᠠᠷ ᠠᠵᠤ ᠦᠢᠯᠡᠰ ᠲᠤ ᠪᠤᠢ᠂ ᠠᠵᠤ ᠠᠬᠤᠢ ᠶᠢ ᠬᠥᠭᠵᠢᠭᠦᠯᠬᠦ ᠲᠤᠯᠭᠠᠮ ᠰᠡᠳᠬᠢᠯᠭᠡ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠠᠷᠭ᠎ᠠ ᠪᠦᠭᠦᠨ ᠢ ᠰᠦᠪᠡᠭᠴᠢᠯᠡᠨ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠵᠤ᠂ ᠤᠯᠠᠭᠠᠨᠬᠠᠳᠠ ᠶᠢᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠬᠦ ᠬᠡᠷᠡᠭᠲᠡᠢ ᠭᠡᠵᠦ ᠬᠡᠯᠡᠪᠡ᠃ ᠲᠡᠷᠡ᠂ ᠬᠦᠴᠢᠷ ᠪᠡᠷᠬᠡᠰᠢᠶᠡᠯ ᠲᠠᠢ ᠪᠤᠯᠬᠤ ᠲᠤᠳᠤᠮ ᠠᠮᠢ ᠠᠬᠤᠢ ᠶᠢᠨ ᠬᠠᠮᠠᠭᠠᠯᠠᠯᠲᠠ ᠶᠢ ᠨᠡᠩ ᠢᠯᠡᠭᠦᠦ ᠲᠡᠷᠢᠭᠦᠨ ᠳᠤ ᠲᠠᠯᠪᠢᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠣᠶᠢᠮ᠎ᠠ ᠠᠰᠠᠭᠤᠳᠠᠯ ᠢ ᠯᠠᠪᠳᠠᠭᠤᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ ᠬᠤᠷᠴᠢᠨ — ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠴᠠᠯᠢᠩ ᠥᠷᠢᠲᠦᠬᠦ ᠠᠰᠠᠭᠤᠳᠠᠯ ᠢ ᠠᠷᠭ᠎ᠠ ᠪᠦᠭᠦᠨ ᠢ ᠰᠦᠪᠡᠭᠴᠢᠯᠡᠨ ᠰᠢᠢᠳᠪᠦᠷᠢᠯᠡᠵᠦ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠪᠠ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ ᠭᠡᠵᠦ ᠣᠨᠴᠠᠭᠠᠶᠢᠯᠠᠨ ᠵᠢᠭᠠᠵᠤ ᠭᠠᠷᠭᠠᠪᠠ᠃

ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠸᠠᠩ ᠯᠢ ᠰᠢᠶᠠ ᠪᠠᠰᠠ ᠤᠢ ᠰᠢᠭᠤᠢ ᠨᠤᠲᠤᠭ ᠪᠡᠯᠴᠢᠭᠡᠷ ᠢ ᠡᠪᠳᠡᠭᠰᠡᠨ ᠬᠠᠤᠯᠢ ᠪᠤᠰᠤ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠪᠠᠶᠢᠳᠠᠯ ᠢ ᠳᠠᠯᠳᠠᠭᠤᠷ ᠪᠠᠶᠢᠴᠠᠭᠠᠪᠠ᠃